ᠵᠢᠯ ᠪᠦᠷᠢ 2 ᠲᠦᠮᠡᠨ ᠠᠵᠢᠯ ᠠᠴᠠ ᠪᠠᠨ ᠠᠮᠠᠷᠠᠭᠰᠠᠨ ᠪᠠᠭᠰᠢ ᠶᠢ ᠰᠤᠩᠭᠤᠵᠤ ᠰᠤᠷᠭᠠᠨ ᠬᠦᠮᠦᠵᠢᠯ ᠢ ᠳᠡᠮᠵᠢᠭᠦᠯᠦᠨ᠎ᠡ
ᠨᠡᠶᠢᠲᠡᠯᠡᠭᠰᠡᠨ ᠴᠠᠭ᠄
2024/2/21
      ᠰᠤᠷᠭᠠᠨ ᠬᠦᠮᠦᠵᠢᠯ ᠤᠨ ᠶᠠᠮᠤᠨ ᠤ ᠠᠯᠪᠠᠨ ᠲᠢᠩᠬᠢᠮ ᠲᠦᠷᠦᠭᠦᠬᠡᠨ ᠮᠡᠳᠡᠭᠳᠡᠯ ᠪᠠᠭᠤᠯᠭᠠᠵᠤ᠂ ᠠᠵᠢᠯ ᠠᠴᠠ ᠪᠠᠨ ᠠᠮᠠᠷᠠᠭᠰᠠᠨ ᠪᠠᠭᠰᠢ ᠶᠢᠨ ᠠᠷᠠᠳ ᠠᠴᠠ ᠡᠷᠬᠢᠯᠡᠭᠰᠡᠨ ᠰᠤᠷᠭᠠᠨ ᠬᠦᠮᠦᠵᠢᠯ ᠢ ᠳᠡᠮᠵᠢᠬᠦ ᠠᠵᠢᠯᠯᠠᠭ᠎ᠠ ᠶᠢ ᠬᠡᠷᠡᠭᠵᠢᠭᠦᠯᠬᠦ ᠬᠤᠯᠪᠣᠭᠳᠠᠯ ᠪᠦᠬᠦᠢ ᠠᠵᠢᠯ ᠤᠨ ᠲᠤᠬᠠᠢ ᠪᠠᠶᠢᠷᠢᠯᠠᠭᠤᠯᠤᠯᠲᠠ ᠬᠢᠪᠡ᠃ ᠨᠢᠭᠡ ᠪᠦᠯᠦᠭ ᠠᠵᠢᠯ ᠠᠴᠠ ᠪᠠᠨ ᠠᠮᠠᠷᠠᠭᠰᠠᠨ ᠰᠢᠯᠢᠳᠡᠭ ᠪᠠᠭᠰᠢ ᠶᠢ ᠵᠣᠬᠢᠶᠠᠨ ᠪᠠᠶᠢᠭᠤᠯᠤᠨ ᠰᠢᠯᠢᠨ ᠰᠤᠩᠭᠤᠵᠤ᠂ ᠡᠯ᠎ᠡ ᠱᠠᠲᠤᠨ ᠤ ᠡᠯ᠎ᠡ ᠲᠥᠷᠥᠯ ᠤᠨ ᠠᠷᠠᠳ ᠠᠴᠠ ᠡᠷᠬᠢᠯᠡᠭᠰᠡᠨ ᠰᠤᠷᠭᠠᠭᠤᠯᠢ᠂ ᠢᠯᠠᠩᠭᠤᠶ᠎ᠠ ᠠᠷᠠᠳ ᠠᠴᠠ ᠡᠷᠬᠢᠯᠡᠭᠰᠡᠨ ᠳᠡᠭᠡᠳᠦ ᠰᠤᠷᠭᠠᠭᠤᠯᠢ ᠳᠤ ᠬᠠᠨᠳᠤᠭᠤᠯᠤᠨ ᠰᠤᠷᠭᠠᠨ ᠬᠦᠮᠦᠵᠢᠯ ᠢ ᠳᠡᠮᠵᠢᠬᠦ᠂ ᠰᠤᠳᠤᠯᠭᠠᠨ ᠢ ᠳᠡᠮᠵᠢᠬᠦ ᠠᠵᠢᠯ ᠥᠷᠨᠢᠭᠦᠯᠦᠨ᠎ᠡ᠂ ᠵᠢᠯ ᠪᠦᠷᠢ ᠪᠠᠷᠤᠭ 2 ᠲᠦᠮᠡᠨ ᠬᠦᠮᠦᠨ ᠢ ᠰᠤᠩᠭᠤᠨ ᠲᠣᠮᠢᠯᠠᠬᠤ ᠪᠠᠷ ᠲᠥᠯᠥᠪᠯᠡᠵᠤ ᠪᠠᠶᠢᠨ᠎ᠠ ᠭᠡᠵᠤ ᠲᠤᠳᠤᠷᠬᠠᠶᠢᠯᠠᠵᠠᠢ᠃      ᠰᠦᠯᠵᠢᠶᠡᠨ ᠤ ᠪᠤᠰᠤ ᠬᠡᠯᠪᠡᠷᠢ ᠪᠠᠷ ᠰᠤᠷᠭᠠᠨ ᠬᠦᠮᠦᠵᠢᠯ ᠢ ᠳᠡᠮᠵᠢᠨ ᠰᠤᠳᠤᠯᠭᠠᠨ ᠥᠷᠨᠢᠭᠦᠯᠬᠦ ᠪᠠᠷ ᠭᠤᠶᠤᠴᠢᠯᠠᠭᠰᠠᠨ ᠠᠵᠢᠯ ᠠᠴᠠ ᠪᠠᠨ ᠠᠮᠠᠷᠠᠭᠰᠠᠨ ᠪᠠᠭᠰᠢ ᠶᠢᠨ ᠨᠠᠰᠤ ᠨᠢ ᠡᠩ ᠤᠨ ᠪᠠᠶᠢᠳᠠᠯ ᠳᠤ 75 ︵ᠪᠠᠭᠲᠠᠨ᠎ᠠ︶ ᠨᠠᠰᠤᠨ ᠠᠴᠠ ᠳᠤᠷᠤᠭᠰᠢ ᠪᠠᠶᠢᠵᠤ᠂ ᠰᠠᠭᠤᠷᠢ ᠰᠤᠷᠭᠠᠨ ᠬᠦᠮᠦᠵᠢᠯ ᠤᠨ ᠬᠦᠷᠢᠶᠡᠨ ᠳᠤ ᠤᠷᠤᠯᠴᠠᠬᠤ ᠪᠠᠷ ᠭᠤᠶᠤᠴᠢᠯᠠᠭᠰᠠᠳ ᠤᠨ ᠨᠠᠰᠤ ᠨᠢ ᠡᠩ ᠤᠨ ᠪᠠᠶᠢᠳᠠᠯ ᠳᠤ 70 ︵ᠪᠠᠭᠲᠠᠨ᠎ᠠ︶ ᠨᠠᠰᠤᠨ ᠠᠴᠠ ᠳᠤᠷᠤᠭᠰᠢ ᠪᠠᠶᠢᠬᠤ ᠬᠡᠷᠡᠭᠲᠡᠢ᠃      ᠮᠡᠳᠡᠭᠳᠡᠯ ᠳᠤ ᠠᠵᠢᠯ ᠠᠴᠠ ᠪᠠᠨ ᠠᠮᠠᠷᠠᠭᠰᠠᠨ ᠪᠠᠭᠰᠢ ᠶᠢᠨ ᠪᠠᠷᠠᠭᠤᠨ ᠣᠷᠣᠨ᠂ ᠦᠨᠳᠦᠰᠦᠲᠡᠨ ᠤ ᠭᠠᠵᠠᠷ ᠣᠷᠣᠨ ᠤ ᠠᠷᠠᠳ ᠠᠴᠠ ᠡᠷᠬᠢᠯᠡᠭᠰᠡᠨ ᠰᠤᠷᠭᠠᠭᠤᠯᠢ ᠳᠤ ᠣᠷᠣᠯᠴᠠᠬᠤ ᠶᠢ ᠵᠣᠷᠢᠭᠵᠢᠭᠤᠯᠵᠤ᠂ ᠠᠵᠢᠯ ᠲᠥᠷᠥᠯ᠂ ᠠᠵᠤ ᠦᠢᠯᠡᠰ᠂ ᠠᠵᠤ ᠠᠬᠤᠶᠢᠯᠠᠯ ᠤᠨ ᠳᠤᠲᠠᠭᠳᠠᠵᠤ ᠪᠠᠶᠢᠭ᠎ᠠ ᠪᠠᠴᠢᠮ ᠬᠡᠷᠡᠭᠴᠡᠭᠡ ᠲᠠᠢ ᠲᠤᠰᠬᠠᠢ ᠮᠡᠷᠭᠡᠵᠢᠯ ᠳᠤ ᠣᠷᠣᠯᠴᠠᠬᠤ ᠶᠢ ᠵᠣᠷᠢᠭᠵᠢᠭᠤᠯᠵᠤ᠂ ᠠᠷᠠᠳ ᠠᠴᠠ ᠡᠷᠬᠢᠯᠡᠭᠰᠡᠨ ᠰᠤᠷᠭᠠᠭᠤᠯᠢ ᠶᠢ ᠬᠠᠪᠰᠤᠷᠤᠨ ᠳᠤᠲᠠᠭᠤᠳᠠᠯ ᠢ ᠨᠢ ᠨᠥᠬᠦᠪᠦᠷᠢᠯᠡᠵᠤ᠂ ᠪᠠᠭᠤᠷᠢ ᠶᠢ ᠨᠢ ᠴᠢᠩᠭᠠᠳᠬᠠᠨ᠂ ᠶᠠᠰᠤ ᠴᠢᠨᠠᠷ ᠢ ᠨᠢ ᠳᠡᠭᠡᠭᠰᠢᠯᠡᠭᠦᠯᠬᠦ ᠳᠤ ᠬᠠᠮᠵᠢᠭᠤᠯᠤᠨ᠎ᠠ᠃ ᠠᠷᠠᠳ ᠠᠴᠠ ᠡᠷᠬᠢᠯᠡᠭᠰᠡᠨ ᠰᠤᠷᠭᠠᠭᠤᠯᠢ ᠶᠢᠨ ︽ᠵᠢᠯᠢᠣᠭᠤᠳᠣᠭᠴᠢ ᠪᠠᠭᠰᠢ ᠶᠢᠨ ᠳᠥᠷᠢᠮ︾ ᠢ ᠰᠥᠪᠡᠭᠴᠢᠯᠡᠨ ᠬᠡᠷᠡᠭᠵᠢᠭᠦᠯᠬᠦ ᠶᠢ ᠵᠤᠷᠢᠭᠵᠢᠭᠤᠯᠵᠤ᠂ ᠥᠨᠳᠥᠷ ᠬᠡᠪ ᠪᠤᠯᠪᠠᠰᠤᠷᠠᠯ ᠲᠠᠢ ᠠᠵᠢᠯ ᠠᠴᠠ ᠪᠠᠨ ᠠᠮᠠᠷᠠᠭᠰᠠᠨ ᠪᠠᠭᠰᠢ ᠪᠠᠷ ᠵᠠᠯᠠᠭᠤ ᠪᠠᠭᠰᠢ ᠶᠢᠨ ᠵᠢᠯᠤᠭᠤᠳᠤᠭᠴᠢ ᠪᠠᠭᠰᠢ ᠪᠤᠯᠭᠠᠵᠤ᠂ ᠪᠠᠭᠰᠢ ᠶᠢᠨ ᠦᠢᠯᠡᠰ ᠤᠨ ᠵᠠᠯᠭᠠᠮᠵᠢᠯᠠᠬᠤ ᠦᠢᠯᠡᠳᠦᠯ ᠢ ᠪᠠᠳᠠᠷᠠᠭᠤᠯᠤᠨ᠎ᠠ ᠭᠡᠵᠤ ᠳᠤᠷᠠᠳᠴᠠᠢ᠃      ᠮᠡᠳᠡᠭᠳᠡᠯ ᠳᠤ ᠤᠷᠲᠤ ᠬᠤᠭᠤᠴᠠᠭ᠎ᠠ ᠪᠠᠷ ᠠᠵᠢᠯᠯᠠᠬᠤ ᠠᠵᠢᠯ ᠠᠴᠠ ᠪᠠᠨ ᠠᠮᠠᠷᠠᠭᠰᠠᠨ ᠪᠠᠭᠰᠢ ᠶᠢᠨ ᠳᠡᠮᠵᠢᠨ ᠦᠢᠯᠡᠴᠢᠯᠡᠬᠦ ᠴᠠᠭ ᠢ ᠵᠠᠷᠴᠢᠮ ᠳᠡᠭᠡᠷ᠎ᠡ ᠪᠠᠨ 1 ᠰᠤᠷᠤᠯᠭ᠎ᠠ ᠶᠢᠨ ᠵᠢᠯ ᠠᠴᠠ ᠪᠠᠭ᠎ᠠ ᠪᠠᠶᠢᠯᠭᠠᠵᠤ ᠪᠤᠯᠬᠤ ᠦᠭᠡᠢ᠂ ᠳᠤᠰᠠᠯᠠᠮᠵᠢ ᠬᠦᠷᠲᠡᠬᠦ ᠰᠤᠷᠭᠠᠭᠤᠯᠢ ᠶᠢᠨ ᠰᠤᠷᠭᠠᠨ ᠬᠦᠮᠦᠵᠢᠯ ᠵᠢᠭᠠᠨ ᠰᠤᠷᠭᠠᠯᠲᠠ ᠵᠢᠴᠢ ᠬᠠᠮᠢᠶᠠᠷᠤᠯᠲᠠ ᠶᠢᠨ ᠬᠡᠷᠡᠭᠴᠡᠭᠡ ᠱᠠᠭᠠᠷᠳᠠᠯᠭ᠎ᠠ ᠶᠢ ᠦᠨᠳᠦᠰᠦᠯᠠᠨ᠂ ᠳᠡᠮᠵᠢᠬᠦ ᠠᠵᠢᠯ ᠢ ᠠᠮᠢᠳᠤᠯᠢᠭ ᠢᠶᠠᠷ ᠥᠷᠨᠢᠭᠦᠯᠵᠤ ᠪᠤᠯᠤᠨ᠎ᠠ ᠭᠡᠵᠤ ᠲᠤᠳᠤᠷᠬᠠᠢ ᠲᠣᠭᠲᠠᠭᠠᠵᠠᠢ᠃  
ᠢᠷᠡᠯᠲᠡ᠄ ᠥᠪᠥᠷ ᠮᠣᠩᠭᠤᠯ ᠤᠨ ᠡᠳᠦᠷ ᠤᠨ ᠰᠤᠨᠢᠨ ᠤ ᠮᠣᠩᠭᠤᠯ ᠸᠢᠴᠠᠲ ᠳᠠᠪᠴᠠᠩ