︽ᠠᠵᠤ ᠠᠬᠤᠢ ᠶᠢᠨ ᠯᠠᠪᠯᠠᠯᠲᠠ ᠶᠢᠨ ᠰᠣᠨᠢᠨ︾2 ᠰᠠᠷ᠎ᠠ ᠶᠢᠨ 19 ᠤ ᠡᠳᠦᠷ︽ᠴᠠᠭᠠᠨ ᠰᠠᠷ᠎ᠠ ᠶᠢᠨ ᠠᠮᠠᠷᠠᠯᠲᠠ ᠶᠢᠨ ᠬᠤᠭᠤᠴᠠᠭᠠᠨ ᠳᠤ ᠪᠦᠭᠦ ᠤᠯᠤᠰ ᠤᠨ | ᠭᠥᠯᠢᠶᠡᠨ ᠠᠪᠴᠤ ᠬᠦᠷᠭᠡᠭᠰᠡᠨ ᠲᠦᠷᠭᠡᠨ ᠬᠦᠷᠭᠡᠯᠲᠡ ᠶᠢᠨ ᠪᠣᠭᠤᠳᠠᠯ 17 ᠳ᠋ᠦᠩᠰᠢᠭᠤᠷ ᠬᠤᠪᠢ ᠶᠢ ᠳᠠᠪᠠᠪᠠ︾ ᠭᠡᠬᠦ ᠵᠣᠬᠢᠶᠠᠯ ᠨᠡᠶᠢᠲᠡᠯᠡᠪᠡ᠃ ᠵᠣᠬᠢᠶᠠᠯ ᠳᠤ᠂ | ᠤᠯᠤᠰ ᠤᠨ ᠰᠢᠤᠳᠠᠨ ᠤ ᠲᠣᠪᠴᠢᠶ᠎ᠠ ᠶᠢᠨ ᠬᠢᠨᠠᠨ ᠬᠡᠮᠵᠢᠭᠰᠡᠨ ᠲᠤᠭ᠎ᠠ ᠪᠠᠷᠢᠮᠲᠠ ᠳᠤ ᠬᠠᠷᠠᠭᠤᠯᠤᠭᠰᠠᠨ ᠢᠶᠠᠷ᠂ ᠡᠨᠡ ᠵᠢᠯ ᠤᠨ ᠴᠠᠭᠠᠨ ᠰᠠᠷ᠎ᠠ ᠶᠢᠨ ᠠᠮᠠᠷᠠᠯᠲᠠ ᠶᠢᠨ | ᠬᠤᠭᠤᠴᠠᠭᠠᠨ ᠳᠤ ︵2 ᠰᠠᠷ᠎ᠠ ᠶᠢᠨ 10 ᠠᠴᠠ 17 ᠤ ᠡᠳᠦᠷ ᠪᠤᠯᠲᠠᠯ᠎ᠠ︶ ᠪᠦᠭᠦ ᠤᠯᠤᠰ ᠤᠨ ᠰᠢᠤᠳᠠᠨ ᠤ ᠲᠦᠷᠭᠡᠨ ᠬᠦᠷᠭᠡᠯᠲᠡ ᠶᠢᠨ ᠦᠢᠯᠡᠰ ᠤᠨ ᠠᠵᠢᠯᠯᠠᠭᠠᠨ | ᠶᠡᠷᠦᠩᠬᠡᠢ ᠳᠡᠭᠡᠨ ᠠᠮᠤᠷ ᠲᠦᠪᠰᠢᠨ ᠪᠥᠭᠡᠳ ᠲᠣᠭᠲᠠᠭᠤᠨ ᠪᠠᠶᠢᠵᠤ᠂ ᠢᠯᠡᠭᠡᠯᠲᠡ ᠬᠦᠷᠭᠡᠯᠲᠡ ᠶᠢᠨ ᠵᠠᠮ ᠮᠥᠷ ᠰᠠᠭᠠᠳ ᠦᠭᠡᠢ ᠪᠥᠭᠡᠳ ᠡᠮᠬᠢ ᠵᠢᠷᠤᠮ ᠲᠠᠢ | ᠶᠠᠪᠤᠭᠳᠠᠪᠠ᠃ ᠪᠣᠳᠠᠲᠠᠢ ᠪᠠᠷ ᠠᠪᠴᠤ ᠦᠵᠡᠪᠡᠯ᠂ ᠭᠥᠯᠢᠶᠡᠨ ᠠᠪᠴᠤ ᠬᠦᠷᠭᠡᠭᠰᠡᠨ ᠲᠦᠷᠭᠡᠨ ᠬᠦᠷᠭᠡᠯᠲᠡ ᠶᠢᠨ ᠪᠣᠭᠤᠳᠠᠯ 17 ᠳ᠋ᠦᠩᠰᠢᠭᠤᠷ ᠬᠤᠪᠢ ᠶᠢ ᠳᠠᠪᠠᠵᠤ᠂ | ᠡᠭᠦᠨ ᠳᠤ᠂ ᠭᠥᠯᠢᠶᠡᠨ ᠠᠪᠤᠭᠰᠠᠨ ᠲᠦᠷᠭᠡᠨ ᠬᠦᠷᠭᠡᠯᠲᠡ ᠶᠢᠨ ᠪᠣᠭᠤᠳᠠᠯ 10.79 ᠳ᠋ᠦᠩᠰᠢᠭᠤᠷ ᠬᠤᠪᠢ ᠳᠤ ᠬᠦᠷᠴᠦ᠂ ᠡᠳᠦᠷ ᠳᠤᠮᠳᠠᠴᠢ ᠶᠢᠨ ᠭᠥᠯᠢᠶᠡᠨ | ᠠᠪᠤᠭᠰᠠᠨ ᠬᠡᠮᠵᠢᠶ᠎ᠡ ᠨᠢ 2023 ᠣᠨ ᠤ ᠴᠠᠭᠠᠨ ᠰᠠᠷ᠎ᠠ ᠶᠢᠨ ᠠᠮᠠᠷᠠᠯᠲᠠ ᠶᠢᠨ ᠬᠤᠭᠤᠴᠠᠭ᠎ᠠ ᠲᠠᠢ ᠬᠠᠷᠢᠴᠠᠭᠤᠯᠪᠠᠯ 145.2% ᠢᠶᠠᠷ ᠨᠡᠮᠡᠭᠳᠡᠵᠡᠶ; ᠬᠦᠷᠭᠡᠭᠰᠡᠨ | ᠲᠦᠷᠭᠡᠨ ᠬᠦᠷᠭᠡᠯᠲᠡ ᠶᠢᠨ ᠪᠣᠭᠤᠳᠠᠯ 6.41 ᠳ᠋ᠦᠩᠰᠢᠭᠤᠷ ᠬᠤᠪᠢ᠂ ᠡᠳᠦᠷ ᠳᠤᠮᠳᠠᠴᠢ ᠶᠢᠨ ᠬᠦᠷᠭᠡᠭᠰᠡᠨ ᠬᠡᠮᠵᠢᠶ᠎ᠡ ᠶᠢ 2023 ᠣᠨ ᠤ ᠴᠠᠭᠠᠨ ᠰᠠᠷ᠎ᠠ ᠶᠢᠨ | ᠠᠮᠠᠷᠠᠯᠲᠠ ᠶᠢᠨ ᠬᠤᠭᠤᠴᠠᠭ᠎ᠠ ᠲᠠᠢ ᠬᠠᠷᠢᠴᠠᠭᠤᠯᠪᠠᠯ 82.1% ᠪᠠᠷ ᠨᠡᠮᠡᠭᠳᠡᠪᠡ᠃ | ᠤᠯᠤᠰ ᠤᠨ ᠰᠢᠤᠳᠠᠨ ᠤ ᠲᠣᠪᠴᠢᠶ᠎ᠠ ᠶᠢᠨ ᠬᠤᠯᠪᠣᠭᠳᠠᠯ ᠪᠦᠬᠦᠢ ᠬᠠᠷᠢᠭᠤᠴᠠᠯᠭᠠᠲᠠᠨ᠂ ᠲᠦᠷᠭᠡᠨ ᠬᠦᠷᠭᠡᠯᠲᠡ ᠶᠢᠨ ᠪᠣᠭᠤᠳᠠᠯ ᠤᠨ ᠬᠡᠮᠵᠢᠶ᠎ᠡ ᠶᠢᠨ ᠨᠡᠮᠡᠭᠳᠡᠯ ᠤᠨ | ᠰᠠᠶᠢᠨ ᠪᠠᠶᠢᠳᠠᠯ ᠨᠢ ᠰᠢᠤᠳᠠᠨ ᠤ ᠶᠠᠪᠤᠳᠠᠯ ᠤᠨ ᠲᠦᠷᠭᠡᠨ ᠬᠦᠷᠭᠡᠯᠲᠡ ᠶᠢᠨ ᠲᠤᠬᠠᠶᠢᠯᠠᠭᠰᠠᠨ ᠠᠵᠢᠯ ᠤᠨ ᠰᠠᠭᠠᠳ ᠦᠭᠡᠢ ᠨᠡᠪᠲᠡᠷᠡᠬᠦ ᠶᠢ ᠪᠠᠲᠤᠯᠠᠬᠤ᠂ ᠬᠠᠶᠢᠷ᠎ᠠ | ᠬᠠᠯᠠᠮᠵᠢ ᠬᠦᠷᠭᠡᠬᠦ ᠶᠢᠨ ᠢᠳᠡᠪᠬᠢ ᠦᠢᠯᠡᠳᠦᠯ ᠢ ᠴᠢᠨᠠᠭᠰᠢᠳᠠ ᠳᠣᠪᠤᠶᠢᠯᠭᠠᠵᠤ ᠪᠠᠶᠢᠬᠤ ᠪᠥᠭᠡᠳ ᠳᠤᠮᠳᠠᠳᠤ ᠤᠯᠤᠰ ᠤᠨ ᠬᠡᠷᠡᠭᠯᠡᠭᠡᠨ ᠤ ᠰᠢᠨ᠎ᠡ ᠠᠮᠢᠵᠢᠷᠠᠯ ᠤᠨ | ᠬᠦᠴᠦᠨ ᠢ ᠴᠦ ᠲᠤᠰᠬᠠᠵᠤ ᠪᠠᠶᠢᠨ᠎ᠠ ᠭᠡᠵᠦ ᠢᠯᠡᠳᠬᠡᠪᠡ᠃ ᠲᠤᠭ᠎ᠠ ᠪᠠᠷᠢᠮᠲᠠ ᠳᠤ ᠬᠠᠷᠠᠭᠤᠯᠤᠭᠰᠠᠨ ᠢᠶᠠᠷ᠂ ᠴᠠᠭᠠᠨ ᠰᠠᠷ᠎ᠠ ᠶᠢᠨ ᠵᠥᠭᠡᠭᠡᠪᠦᠷᠢ ᠡᠬᠢᠯᠡᠭᠰᠡᠨ ᠠᠴᠠ | ᠨᠠᠭᠠᠰᠢ ︵1 ᠰᠠᠷ᠎ᠠ ᠶᠢᠨ 26 ᠠᠴᠠ 2 ᠰᠠᠷ᠎ᠠ ᠶᠢᠨ 17 ᠤ ᠡᠳᠦᠷ ᠪᠤᠯᠲᠠᠯ᠎ᠠ︶᠂ ᠪᠦᠭᠦ ᠤᠯᠤᠰ ᠤᠨ ᠰᠢᠤᠳᠠᠨ ᠤ ᠲᠦᠷᠭᠡᠨ ᠬᠦᠷᠭᠡᠯᠲᠡ ᠶᠢᠨ ᠦᠢᠯᠡᠰ 56.55 | ᠳ᠋ᠦᠩᠰᠢᠭᠤᠷ ᠬᠤᠪᠢ ᠲᠦᠷᠭᠡᠨ ᠬᠦᠷᠭᠡᠯᠲᠡ ᠶᠢᠨ ᠪᠣᠭᠤᠳᠠᠯ ᠢ ᠭᠥᠯᠢᠶᠡᠨ ᠠᠪᠴᠤ᠂ 2023 ᠣᠨ ᠤ ᠴᠠᠭᠠᠨ ᠰᠠᠷ᠎ᠠ ᠶᠢᠨ ᠵᠥᠭᠡᠭᠡᠪᠦᠷᠢ ᠶᠢᠨ ᠠᠳᠠᠯᠢ | ᠬᠤᠭᠤᠴᠠᠭᠠᠨ ᠤ ᠬᠢ ᠠᠴᠠ 30.8% ᠪᠠᠷ ᠨᠡᠮᠡᠭᠳᠡᠵᠠᠢ; ᠲᠦᠷᠭᠡᠨ ᠬᠦᠷᠭᠡᠯᠲᠡ ᠶᠢᠨ ᠪᠣᠭᠤᠳᠠᠯ ᠢ 59.94 ᠳ᠋ᠦᠩᠰᠢᠭᠤᠷ ᠬᠤᠪᠢ ᠬᠦᠷᠭᠡᠵᠦ᠂ 2023 | ᠣᠨ ᠤ ᠴᠠᠭᠠᠨ ᠰᠠᠷ᠎ᠠ ᠶᠢᠨ ᠵᠥᠭᠡᠭᠡᠪᠦᠷᠢ ᠶᠢᠨ ᠠᠳᠠᠯᠢ ᠬᠤᠭᠤᠴᠠᠭᠠᠨ ᠤ ᠬᠢ ᠠᠴᠠ 21% ᠪᠠᠷ ᠨᠡᠮᠡᠭᠳᠡᠪᠡ᠃ | ᠳᠡᠭᠡᠷᠡᠬᠢ ᠬᠠᠷᠢᠭᠤᠴᠠᠯᠭᠠᠲᠠᠨ᠂ ᠡᠨᠡ ᠵᠢᠯ ᠤᠨ ᠴᠠᠭᠠᠨ ᠰᠠᠷ᠎ᠠ ᠶᠢᠨ ᠬᠤᠭᠤᠴᠠᠭᠠᠨ ᠳᠤ᠂ ᠣᠨᠴᠠᠯᠢᠭᠲᠤ ᠪᠦᠲᠦᠭᠡᠭᠳᠡᠬᠦᠨ ᠪᠠ ᠪᠠᠶᠠᠷ ᠳᠤᠷᠠᠰᠬᠠᠯ ᠤᠨ ᠡᠳᠦᠷ ᠤᠨ | ᠬᠦᠷᠭᠡᠯᠲᠡ ᠶᠢᠨ ᠬᠡᠷᠡᠭᠴᠡᠭᠡ ᠶᠡᠭᠡ ᠪᠠᠷ ᠨᠡᠮᠡᠭᠳᠡᠵᠦ᠂ ᠲᠠᠷᠢᠶᠠᠯᠠᠩ ᠤᠨ ᠪᠦᠲᠦᠭᠡᠭᠳᠡᠬᠦᠨ ᠤ ᠬᠦᠷᠭᠡᠯᠲᠡ ᠦᠷᠭᠦᠯᠵᠢᠯᠡᠨ ᠨᠡᠮᠡᠭᠳᠡᠬᠦ ᠬᠠᠨᠳᠤᠰᠢ ᠲᠠᠢ ᠪᠠᠶᠢᠨ᠎ᠠ᠃ | ᠰᠢᠤᠳᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠬᠢᠨ ᠠᠶᠤᠯᠭᠦᠢ ᠦᠢᠯᠡᠳᠪᠦᠷᠢᠯᠡᠯ ᠤᠨ ᠬᠤᠷᠢᠭ᠎ᠠ ᠱᠤᠭᠤᠮ ᠢ ᠪᠠᠲᠤ ᠰᠠᠬᠢᠵᠤ᠂ ᠴᠠᠭᠠᠨ ᠰᠠᠷ᠎ᠠ ᠶᠢᠨ | ᠬᠤᠭᠤᠴᠠᠭᠠᠨ ᠳᠠᠬᠢ ᠠᠶᠤᠯᠭᠦᠢ ᠦᠢᠯᠡᠳᠪᠦᠷᠢᠯᠡᠯ ᠪᠣᠯᠣᠨ ᠬᠦᠷᠭᠡᠯᠲᠡ ᠶᠢᠨ ᠦᠢᠯᠡᠴᠢᠯᠡᠭᠡᠨ ᠤ ᠪᠠᠲᠤᠯᠠᠭ᠎ᠠ ᠶᠢᠨ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ | ᠬᠢᠪᠡ᠃ ᠡᠯ᠎ᠡ ᠬᠦᠷᠭᠡᠯᠲᠡ ᠶᠢᠨ ᠠᠵᠤ ᠠᠬᠤᠶᠢᠯᠠᠯ ᠤᠳ ᠳᠣᠣᠷ᠎ᠠ ᠳᠤᠯᠠᠭᠠᠨ ᠪᠣᠷᠣᠭᠠᠨ ᠴᠠᠰᠤ ᠲᠠᠢ ᠠᠭᠤᠷ ᠠᠮᠢᠰᠬᠤᠯ ᠠᠴᠠ ᠪᠣᠯᠤᠭᠰᠠᠨ ᠠᠰᠢᠭ ᠦᠭᠡᠢ | ᠨᠥᠯᠥᠭᠡ ᠶᠢ ᠢᠯᠡᠨ ᠳᠠᠪᠠᠵᠤ᠂ ᠠᠵᠢᠯ ᠤᠨ ᠲᠥᠰᠥᠪ ᠢᠶᠠᠨ ᠪᠦᠷᠢᠨᠰᠢᠭᠦᠯᠦᠨ ᠲᠡᠭᠦᠯᠳᠡᠷᠵᠢᠭᠦᠯᠵᠦ᠂ ᠠᠵᠢᠯᠲᠠᠨ᠂ ᠲᠡᠭᠡᠭᠡᠪᠦᠷᠢ ᠶᠢᠨ ᠬᠦᠴᠦᠨ ᠪᠠ ᠡᠳ᠋ ᠪᠣᠳᠠᠰ ᠤᠨ | ᠨᠥᠭᠡᠴᠡᠯᠡᠯᠲᠡ ᠶᠢ ᠴᠢᠩᠭᠠᠳᠬᠠᠨ᠂ ᠠᠵᠢᠯ ᠤᠨ ᠪᠠᠶᠢᠷᠢᠨ ᠳᠤ ᠪᠠᠶᠢᠭ᠎ᠠ ᠲᠦᠷᠭᠡᠨ ᠬᠦᠷᠭᠡᠭᠴᠢ ᠶᠢᠨ ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠪᠠᠲᠤᠯᠠᠵᠤ᠂ | ᠵᠢᠯ ᠤᠨ ᠪᠠᠷᠠᠭ᠎ᠠ ᠬᠦᠷᠭᠡᠬᠦ ᠦᠢᠯᠡᠴᠢᠯᠡᠭᠡᠨ ᠤ ᠴᠢᠳᠠᠪᠤᠷᠢ ᠶᠢ ᠪᠦᠭᠦ ᠬᠦᠴᠦᠨ ᠢᠶᠠᠷ ᠢᠶᠠᠨ ᠳᠡᠭᠡᠭᠰᠢᠯᠡᠭᠦᠯᠵᠡᠢ ᠭᠡᠵᠦ ᠢᠯᠡᠳᠬᠡᠪᠡ᠃ | ᠴᠠᠭᠠᠨ ᠰᠠᠷ᠎ᠠ ᠶᠢᠨ ᠠᠮᠠᠷᠠᠯᠲᠠ ᠶᠢᠨ ᠬᠤᠭᠤᠴᠠᠭ᠎ᠠ ᠳᠠᠭᠤᠰᠬᠤ ᠶᠢ ᠳᠠᠭᠠᠯᠳᠤᠨ᠂ ᠤᠯᠤᠰ ᠤᠨ ᠳᠣᠲᠣᠭᠠᠳᠤ ᠶᠢᠨ ᠭᠤᠣᠯ ᠪᠤᠯᠬᠤ ᠲᠦᠷᠭᠡᠨ ᠬᠦᠷᠭᠡᠯᠲᠡ ᠶᠢᠨ | ᠠᠵᠤ ᠠᠬᠤᠶᠢᠯᠠᠯ ᠵᠠᠯᠭᠠᠭ᠎ᠠ ᠪᠠᠷ ᠴᠠᠭᠠᠨ ᠰᠠᠷ᠎ᠠ ᠶᠢᠨ ᠵᠠᠭᠪᠤᠷ ᠢᠶᠠᠨ ᠳᠠᠭᠤᠰᠬᠠᠵᠤ᠂ ᠰᠦᠯᠵᠢᠶᠡᠨ ᠤ ᠡᠵᠡᠩᠨᠡᠯᠲᠡ ᠬᠡᠪ ᠤᠨ ᠵᠠᠭᠪᠤᠷ ᠲᠠᠭᠠᠨ ᠰᠢᠯᠵᠢᠭᠰᠡᠨ ᠪᠠᠶᠢᠨ᠎ᠠ᠃ | ᠬᠤᠪᠢᠶᠠᠨ ᠰᠠᠯᠭᠠᠬᠤ ᠲᠥᠪ᠂ ᠲᠣᠣᠷ ᠴᠡᠭ ᠵᠠᠯᠭᠠᠭ᠎ᠠ ᠪᠠᠷ ᠠᠵᠢᠯ ᠢᠶᠠᠨ ᠡᠬᠢᠯᠡᠭᠦᠯᠵᠦ᠂ ᠲᠦᠷᠭᠡᠨ ᠬᠦᠷᠭᠡᠭᠴᠢ᠂ ᠠᠴᠢᠶᠠᠨ ᠤ ᠮᠠᠰᠢᠨ ᠤ ᠵᠢᠯᠣᠭᠤᠴᠢ ᠪᠣᠯᠣᠨ | ᠦᠢᠯᠡᠴᠢᠯᠡᠭᠡᠨ ᠤ ᠠᠵᠢᠯᠲᠠᠳ ᠠᠵᠢᠯ ᠤᠨ ᠪᠠᠶᠢᠷᠢ ᠳᠠᠭᠠᠨ ᠪᠤᠴᠠᠵᠤ᠂ ᠤᠳᠠᠯ ᠦᠭᠡᠢ ᠬᠦᠷᠴᠦ ᠢᠷᠡᠬᠦ ᠭᠡᠵᠦ ᠪᠠᠶᠢᠭ᠎ᠠ ᠠᠵᠢᠯ ᠤᠨ ᠪᠠᠶᠢᠷᠢᠨ ᠳᠠᠭᠠᠨ ᠪᠤᠴᠠᠬᠤ | ᠰᠤᠷᠭᠠᠭᠤᠯᠢ ᠳᠠᠭᠠᠨ ᠪᠤᠴᠠᠬᠤ ᠠᠴᠠ ᠪᠣᠯᠤᠭᠰᠠᠨ ᠲᠤᠬᠠᠶᠢᠯᠠᠭᠰᠠᠨ ᠠᠵᠢᠯ ᠤᠨ ᠤᠷᠭᠢᠯ ᠦᠶ᠎ᠡ ᠶᠢ ᠤᠭᠲᠤᠪᠠ᠃ | ︵ᠰᠢᠨᠬᠤᠸᠠ ᠬᠤᠷᠢᠶ᠎ᠠ ᠶᠢᠨ ᠪᠡᠭᠡᠵᠢᠩ ᠤᠨ 2 ᠰᠠᠷ᠎ᠠ ᠶᠢᠨ 19 ᠤ ᠴᠠᠭᠢᠯᠭᠠᠨ ᠮᠡᠳᠡᠭᠡ︶ |