ᠴᠠᠭᠠᠨ ᠰᠠᠷ᠎ᠠ ᠶᠢᠨ ᠠᠮᠠᠷᠠᠯᠲᠠ ᠶᠢᠨ ᠬᠤᠭᠤᠴᠠᠭᠠᠨ ᠳᠤ ᠪᠦᠭᠦ ᠨᠡᠶᠢᠭᠡᠮ ᠤᠨ ᠣᠷᠣᠨ ᠪᠦᠰᠡ ᠠᠯᠤᠰᠯᠠᠭᠰᠠᠨ ᠬᠥᠮᠥᠨ ᠬᠠᠷ᠎ᠠ ᠶᠢᠨ ᠰᠢᠯᠵᠢᠯᠲᠡ ᠶᠢᠨ ᠲᠤᠭ᠎ᠠ ᠨᠡᠶᠢᠲᠡ 22.93 ᠳ᠋ᠦᠩᠰᠢᠭᠤᠷ ᠬᠥᠮᠥᠨ ᠤᠳᠠᠭ᠎ᠠ ᠳᠤ ᠭᠦᠷᠪᠡ
ᠨᠡᠶᠢᠲᠡᠯᠡᠭᠰᠡᠨ ᠴᠠᠭ᠄
2024/2/22
     ᠰᠤᠷᠪᠤᠯᠵᠢᠯᠠᠬᠴᠢ 18 ᠤ ᠡᠳᠦᠷ 2024 ᠣᠨ ᠤ ᠶᠡᠷᠦᠩᠬᠡᠶᠢᠯᠡᠭᠰᠡᠨ ᠲᠡᠭᠡᠭᠡᠪᠦᠷᠢ ᠶᠢᠨ ᠴᠠᠭᠠᠨ ᠰᠠᠷ᠎ᠠ ᠶᠢᠨ ᠵᠥᠭᠡᠭᠡᠪᠦᠷᠢ ᠶᠢᠨ ᠠᠵᠢᠯ ᠤᠨ ᠲᠤᠰᠬᠠᠢ ᠠᠩᠭᠢ ᠠᠴᠠ ᠣᠶᠢᠯᠠᠭᠠᠭᠰᠠᠨ ᠢᠶᠠᠷ᠂ 2 ᠰᠠᠷ᠎ᠠ ᠶᠢᠨ 10 ᠠᠴᠠ 17 ᠤ ᠡᠳᠦᠷ ︵ᠪᠢᠯᠢᠭ ᠤᠨ ᠤᠯᠠᠷᠢᠯ ᠤᠨ ᠴᠠᠭᠠᠨ ᠰᠠᠷ᠎ᠠ ᠶᠢᠨ ᠰᠢᠨ᠎ᠡ ᠶᠢᠨ ᠨᠢᠭᠡᠨ ᠠᠴᠠ ᠰᠢᠨ᠎ᠡ ᠶᠢᠨ ᠨᠠᠢᠮᠠᠨ ᠪᠤᠯᠲᠠᠯᠡᠭᠢ ᠴᠠᠭᠠᠨ ᠰᠠᠷ᠎ᠠ ᠶᠢᠨ ᠠᠮᠠᠷᠠᠯᠲᠠ ᠶᠢᠨ ᠬᠤᠭᠤᠴᠠᠭ᠎ᠠ︶ ᠪᠤᠯᠲᠠᠯ᠎ᠠ᠂ ᠪᠦᠭᠦ ᠨᠡᠶᠢᠭᠡᠮ ᠤᠨ ᠣᠷᠣᠨ ᠪᠦᠰᠡ ᠠᠯᠤᠰᠯᠠᠭᠰᠠᠨ ᠬᠥᠮᠥᠨ ᠬᠠᠷ᠎ᠠ  ᠶᠢᠨ ᠰᠢᠯᠵᠢᠯᠲᠡ ᠶᠢᠨ ᠲᠤᠭ᠎ᠠ ᠨᠡᠶᠢᠲᠡ 22.93 ᠳ᠋ᠦᠩᠰᠢᠭᠤᠷ ᠬᠥᠮᠥᠨ ᠤᠳᠠᠭ᠎ᠠ ᠳᠤ ᠬᠦᠷᠴᠡᠢ᠃     ᠪᠣᠳᠠᠲᠠᠢ ᠪᠠᠷ ᠬᠡᠯᠡᠪᠡᠯ᠂ ᠲᠡᠮᠦᠷ ᠵᠠᠮ ᠤᠨ ᠠᠶᠠᠨᠴᠢᠳ ᠤᠨ ᠵᠥᠭᠡᠭᠡᠪᠦᠷᠢ ᠶᠢᠨ ᠬᠡᠮᠵᠢᠶ᠎ᠡ 9946 ᠲᠦᠮᠡᠨ ᠬᠥᠮᠥᠨ ᠤᠳᠠᠭ᠎ᠠ ᠳᠤ ᠭᠦᠷᠴᠡᠶ; ᠵᠠᠰᠠᠮᠠᠯ ᠵᠠᠮ ᠤᠨ ᠬᠥᠮᠥᠨ ᠬᠠᠷ᠎ᠠ ᠶᠢᠨ ᠰᠢᠯᠵᠢᠯᠲᠡ ᠶᠢᠨ ᠬᠡᠮᠵᠢᠶ᠎ᠡ 216655 ᠲᠦᠮᠡᠨ ᠬᠥᠮᠥᠨ ᠤᠳᠠᠭ᠎ᠠ ᠳᠤ ᠬᠦᠷᠴᠦ᠂ ᠡᠭᠦᠨ ᠤ ᠳᠣᠲᠣᠷ᠎ᠠ ᠲᠦᠷᠭᠡᠨ ᠤ ᠵᠠᠰᠠᠮᠠᠯ ᠵᠠᠮ ᠵᠢᠴᠢ ᠡᠩ ᠤᠨ ᠤᠯᠤᠰ ᠤᠨ ᠪᠠ ᠮᠤᠵᠢ ᠶᠢᠨ ᠵᠠᠮ ᠤᠨ ᠡᠵᠡᠩᠨᠡᠯᠲᠡ ᠶᠢᠨ ᠪᠤᠰᠤ ᠴᠢᠨᠠᠷᠲᠠᠢ ᠪᠠᠭ᠎ᠠ ᠠᠶᠠᠨᠴᠢᠳ ᠤᠨ ᠮᠠᠰᠢᠨ ᠲᠡᠷᠭᠡᠨ ᠤ ᠬᠥᠮᠥᠨ ᠬᠠᠷ᠎ᠠ ᠶᠢᠨ ᠠᠶᠠᠯᠠᠯ ᠤᠨ ᠬᠡᠮᠵᠢᠶ᠎ᠡ 198029 ᠲᠦᠮᠡᠨ ᠬᠥᠮᠥᠨ ᠤᠳᠠᠭ᠎ᠠ ᠳᠤ ᠬᠦᠷᠴᠦ᠂ ᠵᠠᠰᠠᠮᠠᠯ ᠵᠠᠮ ᠤᠨ ᠡᠵᠡᠩᠨᠡᠯᠲᠡ ᠶᠢᠨ ᠴᠢᠨᠠᠷᠲᠠᠢ ᠠᠶᠠᠨᠴᠢᠳ ᠤᠨ ᠵᠥᠭᠡᠭᠡᠪᠦᠷᠢ ᠶᠢᠨ ᠬᠡᠮᠵᠢᠶ᠎ᠡ 18626 ᠲᠦᠮᠡᠨ ᠬᠥᠮᠥᠨ ᠤᠳᠠᠭ᠎ᠠ ᠳᠤ ᠭᠦᠷᠴᠡᠶ; ᠤᠰᠤᠨ ᠵᠠᠮ ᠤᠨ ᠠᠶᠠᠨᠴᠢᠳ ᠤᠨ ᠵᠥᠭᠡᠭᠡᠪᠦᠷᠢ ᠶᠢᠨ ᠬᠡᠮᠵᠢᠶ᠎ᠡ 941 ᠲᠦᠮᠡᠨ ᠬᠥᠮᠥᠨ ᠤᠳᠠᠭ᠎ᠠ ᠳᠤ ᠭᠦᠷᠴᠡᠶ; ᠠᠷᠠᠳ ᠤᠨ ᠠᠭᠠᠷ ᠤᠨ ᠲᠡᠭᠡᠭᠡᠪᠦᠷᠢ ᠶᠢᠨ ᠠᠶᠠᠨᠴᠢᠳ ᠤᠨ ᠵᠥᠭᠡᠭᠡᠪᠦᠷᠢ ᠶᠢᠨ ᠬᠡᠮᠵᠢᠶ᠎ᠡ 1799 ᠲᠦᠮᠡᠨ ᠬᠥᠮᠥᠨ ᠤᠳᠠᠭ᠎ᠠ ᠳᠤ ᠭᠦᠷᠪᠡ᠃     18 ᠤ ᠡᠳᠦᠷ᠂ 2024 ᠣᠨ ᠤ ᠶᠡᠷᠦᠩᠬᠡᠶᠢᠯᠡᠭᠰᠡᠨ ᠲᠡᠭᠡᠭᠡᠪᠦᠷᠢ ᠶᠢᠨ ᠴᠠᠭᠠᠨ ᠰᠠᠷ᠎ᠠ ᠶᠢᠨ ᠵᠥᠭᠡᠭᠡᠪᠦᠷᠢ ᠶᠢᠨ ᠠᠵᠢᠯ ᠤᠨ ᠲᠤᠰᠬᠠᠢ ᠠᠩᠭᠢ ᠪᠠᠰᠠ 17 ᠤ ᠡᠳᠦᠷ ︵ᠴᠠᠭᠠᠨ ᠰᠠᠷ᠎ᠠ ᠶᠢᠨ ᠵᠥᠭᠡᠭᠡᠪᠦᠷᠢ ᠶᠢᠨ ᠬᠤᠷᠢᠨ ᠭᠤᠷᠪᠠᠳᠠᠭᠢ ᠡᠳᠦᠷ᠂ ᠪᠢᠯᠢᠭ ᠤᠨ ᠤᠯᠠᠷᠢᠯ ᠤᠨ ᠴᠠᠭᠠᠨ ᠰᠠᠷ᠎ᠠ ᠶᠢᠨ ᠰᠢᠨ᠎ᠡ ᠶᠢᠨ ᠨᠠᠢᠮᠠᠨ︶ ᠤᠨ ᠠᠶᠠᠯᠠᠯ ᠤᠨ ᠲᠤᠭ᠎ᠠ ᠪᠠᠷᠢᠮᠲᠠ ᠶᠢ ᠨᠡᠶᠢᠲᠡᠯᠡᠵᠦ᠂ ᠪᠦᠭᠦ ᠨᠡᠶᠢᠭᠡᠮ ᠤᠨ ᠣᠷᠣᠨ ᠪᠦᠰᠡ ᠠᠯᠤᠰᠯᠠᠭᠰᠠᠨ ᠬᠥᠮᠥᠨ ᠬᠠᠷ᠎ᠠ ᠶᠢᠨ ᠰᠢᠯᠵᠢᠯᠲᠡ ᠶᠢᠨ ᠲᠤᠭ᠎ᠠ ᠪᠠᠷᠤᠭ 30828 ᠲᠦᠮᠡᠨ ᠬᠥᠮᠥᠨ ᠤᠳᠠᠭ᠎ᠠ ᠳᠤ ᠬᠦᠷᠴᠦ᠂ 2023 ᠣᠨ ᠤ ᠠᠳᠠᠯᠢ ᠬᠤᠭᠤᠴᠠᠭᠠᠨ ᠤ ᠬᠢ ᠠᠴᠠ 52.4% ᠪᠠᠷ ᠨᠡᠮᠡᠭᠳᠡᠵᠡᠢ᠃ ᠡᠭᠦᠨ ᠳᠤ᠂ ᠲᠡᠮᠦᠷ ᠵᠠᠮ ᠤᠨ ᠠᠶᠠᠨᠴᠢᠳ ᠤᠨ ᠵᠥᠭᠡᠭᠡᠪᠦᠷᠢ ᠶᠢᠨ ᠬᠡᠮᠵᠢᠶ᠎ᠡ 1606.7 ᠲᠦᠮᠡᠨ ᠬᠥᠮᠥᠨ ᠤᠳᠠᠭ᠎ᠠ ᠳᠤ ᠬᠦᠷᠴᠦ᠂ 2023 ᠣᠨ ᠤ ᠠᠳᠠᠯᠢ ᠬᠤᠭᠤᠴᠠᠭᠠᠨ ᠤ ᠬᠢ ᠠᠴᠠ 37.6% ᠪᠠᠷ ᠨᠡᠮᠡᠭᠳᠡᠵᠠᠢ;ᠵᠠᠰᠠᠮᠠᠯ ᠵᠠᠮ ᠤᠨ ᠬᠥᠮᠥᠨ ᠬᠠᠷ᠎ᠠ ᠶᠢᠨ ᠰᠢᠯᠵᠢᠯᠲᠡ ᠶᠢᠨ ᠬᠡᠮᠵᠢᠶ᠎ᠡ 28872 ᠲᠦᠮᠡᠨ ᠬᠥᠮᠥᠨ ᠤᠳᠠᠭ᠎ᠠ ᠳᠤ ᠬᠦᠷᠴᠦ᠂ 2023 ᠣᠨ ᠤ ᠠᠳᠠᠯᠢ ᠬᠤᠭᠤᠴᠠᠭᠠᠨ ᠤ ᠬᠢ ᠠᠴᠠ 53.5% ᠪᠠᠷ ᠨᠡᠮᠡᠭᠳᠡᠵᠠᠢ; ᠤᠰᠤᠨ ᠵᠠᠮ ᠤᠨ ᠠᠶᠠᠨᠴᠢᠳ ᠤᠨ ᠵᠥᠭᠡᠭᠡᠪᠦᠷᠢ ᠶᠢᠨ ᠬᠡᠮᠵᠢᠶ᠎ᠡ 119.1 ᠲᠦᠮᠡᠨ ᠬᠥᠮᠥᠨ ᠤᠳᠠᠭ᠎ᠠ ᠳᠤ ᠬᠦᠷᠴᠦ᠂ 2023 ᠣᠨ ᠤ ᠠᠳᠠᠯᠢ ᠬᠤᠭᠤᠴᠠᠭᠠᠨ ᠤ ᠬᠢ ᠠᠴᠠ 46.1% ᠪᠠᠷ ᠨᠡᠮᠡᠭᠳᠡᠵᠠᠢ; ᠠᠷᠠᠳ ᠤᠨ ᠠᠭᠠᠷ ᠤᠨ ᠲᠡᠭᠡᠭᠡᠪᠦᠷᠢ ᠶᠢᠨ ᠠᠶᠠᠨᠴᠢᠳ ᠤᠨ ᠵᠥᠭᠡᠭᠡᠪᠦᠷᠢ ᠶᠢᠨ ᠬᠡᠮᠵᠢᠶ᠎ᠡ 230.7 ᠲᠦᠮᠡᠨ ᠬᠥᠮᠥᠨ ᠤᠳᠠᠭ᠎ᠠ ᠳᠤ ᠬᠦᠷᠴᠦ᠂ 2023 ᠣᠨ ᠤ ᠠᠳᠠᠯᠢ ᠬᠤᠭᠤᠴᠠᠭᠠᠨ ᠤ ᠬᠢ ᠠᠴᠠ 38.9%  ᠪᠠᠷ ᠨᠡᠮᠡᠭᠳᠡᠪᠡ᠃      ᠴᠠᠭ ᠠᠭᠤᠷ ᠤᠨ ᠰᠠᠯᠠᠭ᠎ᠠ ᠮᠥᠴᠢᠷ ᠤᠨ ᠵᠢᠱᠢᠯᠲᠡ ᠶᠢ ᠦᠨᠳᠦᠰᠦᠯᠡᠪᠡᠯ᠂ 2 ᠰᠠᠷ᠎ᠠ ᠶᠢᠨ 17 ᠠᠴᠠ 22 ᠤᠨ ᠡᠳᠦᠷ ᠪᠤᠯᠲᠠᠯ᠎ᠠ᠂ ᠰᠢᠨ᠎ᠡ ᠨᠢᠭᠡᠨ ᠡᠭᠡᠯᠵᠢ ᠶᠢᠨ ᠬᠦᠢᠲᠡᠨ ᠤᠷᠤᠰᠬᠠᠯ ᠤᠨ ᠴᠠᠭ ᠠᠭᠤᠷ ᠤᠨ ᠨᠥᠯᠥᠭᠡ ᠪᠠᠷ᠂ ᠮᠠᠨ ᠤ ᠤᠯᠤᠰ ᠤᠨ ᠳᠤᠮᠳᠠ ᠪᠠ ᠵᠡᠭᠦᠨ ᠬᠡᠰᠡᠭ ᠤᠨ ᠭᠠᠵᠠᠷ ᠣᠷᠣᠨ ᠳᠤ ᠳᠤᠯᠠᠭᠠᠨ ᠤ ᠬᠡᠮᠵᠢᠶ᠎ᠡ ᠶᠡᠭᠡ ᠪᠠᠷ ᠪᠠᠭᠤᠷᠠᠬᠤ ᠪᠠ ᠶᠡᠭᠡ ᠬᠡᠪᠴᠢᠶᠡᠨ ᠤ ᠪᠣᠷᠣᠭᠠᠨ ᠴᠠᠰᠤ ᠲᠠᠢ ᠴᠠᠭ ᠠᠭᠤᠷ ᠢᠯᠡᠷᠡᠬᠦ ᠪᠣᠯᠣᠨ᠎ᠠ᠃ ᠲᠤᠰ ᠡᠭᠡᠯᠵᠢ ᠶᠢᠨ ᠬᠦᠢᠲᠡᠨ ᠤᠷᠤᠰᠬᠠᠯ ᠤᠨ ᠴᠠᠭ ᠠᠭᠤᠷ ᠢ ᠰᠡᠷᠭᠡᠶᠢᠯᠡᠨ ᠠᠷᠭᠠᠴᠠᠭᠠᠬᠤ ᠠᠵᠢᠯ ᠳᠤ ᠴᠢᠭᠯᠡᠭᠦᠯᠦᠨ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠠᠴᠠ ᠰᠢᠨᠵᠢᠶᠠᠩ᠂ ᠱᠠᠨ ᠰᠢ᠂ ᠱᠠᠨᠳᠦ᠋ᠩ᠂ ᠾᠧᠨᠠᠨ᠂ ᠬᠤᠪᠧᠢ᠂ ᠬᠤᠨᠠᠨ᠂ ᠭᠦᠢᠵᠧᠦ᠂ ᠱᠠᠨᠰᠢ ᠵᠡᠷᠭᠡ ᠵᠢᠱᠢᠯᠲᠡ ᠪᠠᠷ ᠬᠦᠢᠲᠡᠨ ᠤᠷᠤᠰᠬᠠᠯ ᠶᠡᠭᠡ ᠰᠠᠯᠬᠢᠨ ᠳᠤ ᠨᠡᠯᠢᠶᠡᠳ ᠬᠦᠨᠳᠦ ᠨᠥᠯᠥᠭᠡᠯᠡᠭᠳᠡᠬᠦ 8 ᠮᠤᠵᠢ ᠣᠷᠣᠨ ᠳᠤ ᠨᠢᠭᠡᠳ ᠨᠢᠭᠡ ᠪᠠᠷ ᠲᠣᠬᠢᠷᠠᠭᠤᠯᠤᠨ ᠪᠠᠶᠢᠷᠢᠯᠠᠭᠤᠯᠵᠤ᠂ ᠬᠦᠢᠲᠡᠨ ᠤᠷᠤᠰᠬᠠᠯ ᠤᠨ ᠴᠠᠭ ᠠᠭᠤᠷ ᠢ ᠰᠡᠷᠭᠡᠶᠢᠯᠡᠨ ᠠᠷᠭᠠᠴᠠᠭᠠᠬᠤ᠂ ᠴᠠᠭᠠᠨ ᠰᠠᠷ᠎ᠠ ᠶᠢᠨ ᠵᠥᠭᠡᠭᠡᠪᠦᠷᠢ ᠶᠢᠨ ᠦᠢᠯᠡᠴᠢᠯᠡᠭᠡᠨ ᠤ ᠪᠠᠲᠤᠯᠠᠭ᠎ᠠ᠂ ᠠᠶᠤᠯᠭᠦᠢ ᠦᠢᠯᠡᠳᠪᠦᠷᠢᠯᠡᠯ᠂ ᠰᠠᠭᠠᠳ ᠦᠭᠡᠢ ᠨᠡᠪᠲᠡᠷᠡᠬᠦ ᠶᠢ ᠪᠠᠲᠤᠯᠠᠬᠤ ᠵᠡᠷᠭᠡ ᠠᠵᠢᠯ ᠢ ᠪᠦᠭᠦ ᠬᠦᠴᠦᠨ ᠢᠶᠠᠷ ᠢᠶᠠᠨ ᠰᠠᠶᠢᠲᠤᠷ ᠬᠢᠵᠦ᠂ ᠮᠠᠭᠤ ᠴᠠᠭ ᠠᠭᠤᠷ ᠢ ᠤᠷᠢᠳᠴᠢᠯᠠᠨ ᠮᠡᠳᠡᠭᠡᠯᠡᠵᠦ ᠤᠷᠢᠳᠴᠢᠯᠠᠨ ᠰᠡᠷᠡᠮᠵᠢᠯᠡᠭᠦᠯᠭᠦ ᠪᠠ ᠰᠡᠷᠭᠡᠶᠢᠯᠡᠨ ᠠᠷᠭᠠᠴᠠᠭᠠᠬᠤ ᠠᠵᠢᠯ ᠢ ᠦᠨᠡᠨ ᠬᠦ ᠰᠠᠶᠢᠲᠤᠷ ᠬᠢᠵᠦ᠂ ᠬᠦᠨᠳᠦ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠬᠦ ᠪᠠ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠦᠨᠡᠨ ᠬᠦ ᠴᠢᠩᠭᠠᠳᠬᠠᠵᠤ᠂ ᠠᠷᠠᠳ ᠣᠯᠠᠨ ᠤ ᠠᠮᠤᠷ ᠠᠮᠤᠭᠤᠯᠠᠩ ᠳᠥᠭᠦᠮ ᠳᠥᠲᠡ ᠪᠥᠭᠡᠳ ᠬᠠᠯᠠᠭᠤᠨ ᠳᠤᠯᠠᠭᠠᠨ ᠠᠶᠠᠯᠠᠬᠤ ᠶᠢ ᠦᠨᠡᠨ ᠬᠦ ᠪᠠᠲᠤᠯᠠᠵᠤ᠂ ᠭᠤᠣᠯᠳᠠᠯᠭ᠎ᠠ ᠲᠠᠢ ᠡᠳ᠋ ᠪᠣᠳᠠᠰ ᠤᠨ ᠲᠡᠭᠡᠭᠡᠪᠦᠷᠢ ᠶᠢᠨ ᠥᠨᠳᠥᠷ ᠪᠦᠲᠦᠮᠵᠢᠲᠡᠶ ᠢᠯᠭᠤᠮ ᠤᠷᠤᠭᠰᠢᠲᠠᠢ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃     ︵ᠰᠢᠨᠬᠤᠸᠠ ᠬᠤᠷᠢᠶ᠎ᠠ ᠶᠢᠨ ᠪᠡᠭᠡᠵᠢᠩ ᠤᠨ 2 ᠰᠠᠷ᠎ᠠ ᠶᠢᠨ 18 ᠤ ᠴᠠᠭᠢᠯᠭᠠᠨ ᠮᠡᠳᠡᠭᠡ︶
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ