ᠴᠠᠭᠠᠨ ᠰᠠᠷ᠎ᠠ ᠶᠢᠨ ᠠᠮᠠᠷᠠᠯᠲᠠ ᠶᠢᠨ ᠬᠤᠭᠤᠴᠠᠭᠠᠨ ᠳᠤ ᠪᠦᠭᠦ ᠤᠯᠤᠰ ᠤᠨ ᠭᠥᠯᠢᠶᠡᠨ ᠠᠪᠴᠤ ᠬᠦᠷᠭᠡᠭᠰᠡᠨ ᠲᠦᠷᠭᠡᠨ ᠬᠦᠷᠭᠡᠯᠲᠡ ᠶᠢᠨ ᠪᠣᠭᠤᠳᠠᠯ 17 ᠳ᠋ᠦᠩᠰᠢᠭᠤᠷ ᠬᠤᠪᠢ ᠶᠢ ᠳᠠᠪᠠᠪᠠ
ᠨᠡᠶᠢᠲᠡᠯᠡᠭᠰᠡᠨ ᠴᠠᠭ᠄
2024/2/22
     ︽ᠠᠵᠤ ᠠᠬᠤᠢ ᠶᠢᠨ ᠯᠠᠪᠯᠠᠯᠲᠠ ᠶᠢᠨ ᠰᠣᠨᠢᠨ︾2 ᠰᠠᠷ᠎ᠠ ᠶᠢᠨ 19 ᠤ ᠡᠳᠦᠷ︽ᠴᠠᠭᠠᠨ ᠰᠠᠷ᠎ᠠ ᠶᠢᠨ ᠠᠮᠠᠷᠠᠯᠲᠠ ᠶᠢᠨ ᠬᠤᠭᠤᠴᠠᠭᠠᠨ ᠳᠤ ᠪᠦᠭᠦ ᠤᠯᠤᠰ ᠤᠨ ᠭᠥᠯᠢᠶᠡᠨ ᠠᠪᠴᠤ ᠬᠦᠷᠭᠡᠭᠰᠡᠨ ᠲᠦᠷᠭᠡᠨ ᠬᠦᠷᠭᠡᠯᠲᠡ ᠶᠢᠨ ᠪᠣᠭᠤᠳᠠᠯ 17 ᠳ᠋ᠦᠩᠰᠢᠭᠤᠷ ᠬᠤᠪᠢ ᠶᠢ ᠳᠠᠪᠠᠪᠠ︾ ᠭᠡᠬᠦ ᠵᠣᠬᠢᠶᠠᠯ ᠨᠡᠶᠢᠲᠡᠯᠡᠪᠡ᠃ ᠵᠣᠬᠢᠶᠠᠯ ᠳᠤ᠂ ᠤᠯᠤᠰ ᠤᠨ ᠰᠢᠤᠳᠠᠨ ᠤ ᠲᠣᠪᠴᠢᠶ᠎ᠠ ᠶᠢᠨ ᠬᠢᠨᠠᠨ ᠬᠡᠮᠵᠢᠭᠰᠡᠨ ᠲᠤᠭ᠎ᠠ ᠪᠠᠷᠢᠮᠲᠠ ᠳᠤ ᠬᠠᠷᠠᠭᠤᠯᠤᠭᠰᠠᠨ ᠢᠶᠠᠷ᠂ ᠡᠨᠡ ᠵᠢᠯ ᠤᠨ ᠴᠠᠭᠠᠨ ᠰᠠᠷ᠎ᠠ ᠶᠢᠨ ᠠᠮᠠᠷᠠᠯᠲᠠ ᠶᠢᠨ ᠬᠤᠭᠤᠴᠠᠭᠠᠨ ᠳᠤ ︵2 ᠰᠠᠷ᠎ᠠ ᠶᠢᠨ 10 ᠠᠴᠠ 17 ᠤ ᠡᠳᠦᠷ ᠪᠤᠯᠲᠠᠯ᠎ᠠ︶ ᠪᠦᠭᠦ ᠤᠯᠤᠰ ᠤᠨ ᠰᠢᠤᠳᠠᠨ ᠤ ᠲᠦᠷᠭᠡᠨ ᠬᠦᠷᠭᠡᠯᠲᠡ ᠶᠢᠨ ᠦᠢᠯᠡᠰ ᠤᠨ ᠠᠵᠢᠯᠯᠠᠭᠠᠨ ᠶᠡᠷᠦᠩᠬᠡᠢ ᠳᠡᠭᠡᠨ ᠠᠮᠤᠷ ᠲᠦᠪᠰᠢᠨ ᠪᠥᠭᠡᠳ ᠲᠣᠭᠲᠠᠭᠤᠨ ᠪᠠᠶᠢᠵᠤ᠂ ᠢᠯᠡᠭᠡᠯᠲᠡ ᠬᠦᠷᠭᠡᠯᠲᠡ ᠶᠢᠨ ᠵᠠᠮ ᠮᠥᠷ ᠰᠠᠭᠠᠳ ᠦᠭᠡᠢ ᠪᠥᠭᠡᠳ ᠡᠮᠬᠢ ᠵᠢᠷᠤᠮ ᠲᠠᠢ ᠶᠠᠪᠤᠭᠳᠠᠪᠠ᠃ ᠪᠣᠳᠠᠲᠠᠢ ᠪᠠᠷ ᠠᠪᠴᠤ ᠦᠵᠡᠪᠡᠯ᠂ ᠭᠥᠯᠢᠶᠡᠨ ᠠᠪᠴᠤ ᠬᠦᠷᠭᠡᠭᠰᠡᠨ ᠲᠦᠷᠭᠡᠨ ᠬᠦᠷᠭᠡᠯᠲᠡ ᠶᠢᠨ ᠪᠣᠭᠤᠳᠠᠯ 17 ᠳ᠋ᠦᠩᠰᠢᠭᠤᠷ ᠬᠤᠪᠢ ᠶᠢ ᠳᠠᠪᠠᠵᠤ᠂ ᠡᠭᠦᠨ ᠳᠤ᠂ ᠭᠥᠯᠢᠶᠡᠨ ᠠᠪᠤᠭᠰᠠᠨ ᠲᠦᠷᠭᠡᠨ ᠬᠦᠷᠭᠡᠯᠲᠡ ᠶᠢᠨ ᠪᠣᠭᠤᠳᠠᠯ 10.79 ᠳ᠋ᠦᠩᠰᠢᠭᠤᠷ ᠬᠤᠪᠢ ᠳᠤ ᠬᠦᠷᠴᠦ᠂ ᠡᠳᠦᠷ ᠳᠤᠮᠳᠠᠴᠢ ᠶᠢᠨ ᠭᠥᠯᠢᠶᠡᠨ ᠠᠪᠤᠭᠰᠠᠨ ᠬᠡᠮᠵᠢᠶ᠎ᠡ ᠨᠢ 2023 ᠣᠨ ᠤ ᠴᠠᠭᠠᠨ ᠰᠠᠷ᠎ᠠ ᠶᠢᠨ ᠠᠮᠠᠷᠠᠯᠲᠠ ᠶᠢᠨ ᠬᠤᠭᠤᠴᠠᠭ᠎ᠠ ᠲᠠᠢ ᠬᠠᠷᠢᠴᠠᠭᠤᠯᠪᠠᠯ 145.2% ᠢᠶᠠᠷ ᠨᠡᠮᠡᠭᠳᠡᠵᠡᠶ; ᠬᠦᠷᠭᠡᠭᠰᠡᠨ ᠲᠦᠷᠭᠡᠨ ᠬᠦᠷᠭᠡᠯᠲᠡ ᠶᠢᠨ ᠪᠣᠭᠤᠳᠠᠯ 6.41 ᠳ᠋ᠦᠩᠰᠢᠭᠤᠷ ᠬᠤᠪᠢ᠂ ᠡᠳᠦᠷ ᠳᠤᠮᠳᠠᠴᠢ ᠶᠢᠨ ᠬᠦᠷᠭᠡᠭᠰᠡᠨ ᠬᠡᠮᠵᠢᠶ᠎ᠡ ᠶᠢ 2023 ᠣᠨ ᠤ ᠴᠠᠭᠠᠨ ᠰᠠᠷ᠎ᠠ ᠶᠢᠨ ᠠᠮᠠᠷᠠᠯᠲᠠ ᠶᠢᠨ ᠬᠤᠭᠤᠴᠠᠭ᠎ᠠ ᠲᠠᠢ ᠬᠠᠷᠢᠴᠠᠭᠤᠯᠪᠠᠯ 82.1% ᠪᠠᠷ ᠨᠡᠮᠡᠭᠳᠡᠪᠡ᠃     ᠤᠯᠤᠰ ᠤᠨ ᠰᠢᠤᠳᠠᠨ ᠤ ᠲᠣᠪᠴᠢᠶ᠎ᠠ ᠶᠢᠨ ᠬᠤᠯᠪᠣᠭᠳᠠᠯ ᠪᠦᠬᠦᠢ ᠬᠠᠷᠢᠭᠤᠴᠠᠯᠭᠠᠲᠠᠨ᠂ ᠲᠦᠷᠭᠡᠨ ᠬᠦᠷᠭᠡᠯᠲᠡ ᠶᠢᠨ ᠪᠣᠭᠤᠳᠠᠯ ᠤᠨ ᠬᠡᠮᠵᠢᠶ᠎ᠡ ᠶᠢᠨ ᠨᠡᠮᠡᠭᠳᠡᠯ ᠤᠨ ᠰᠠᠶᠢᠨ ᠪᠠᠶᠢᠳᠠᠯ ᠨᠢ ᠰᠢᠤᠳᠠᠨ ᠤ ᠶᠠᠪᠤᠳᠠᠯ ᠤᠨ ᠲᠦᠷᠭᠡᠨ ᠬᠦᠷᠭᠡᠯᠲᠡ ᠶᠢᠨ ᠲᠤᠬᠠᠶᠢᠯᠠᠭᠰᠠᠨ ᠠᠵᠢᠯ ᠤᠨ ᠰᠠᠭᠠᠳ ᠦᠭᠡᠢ ᠨᠡᠪᠲᠡᠷᠡᠬᠦ ᠶᠢ ᠪᠠᠲᠤᠯᠠᠬᠤ᠂ ᠬᠠᠶᠢᠷ᠎ᠠ ᠬᠠᠯᠠᠮᠵᠢ ᠬᠦᠷᠭᠡᠬᠦ ᠶᠢᠨ ᠢᠳᠡᠪᠬᠢ ᠦᠢᠯᠡᠳᠦᠯ ᠢ ᠴᠢᠨᠠᠭᠰᠢᠳᠠ ᠳᠣᠪᠤᠶᠢᠯᠭᠠᠵᠤ ᠪᠠᠶᠢᠬᠤ ᠪᠥᠭᠡᠳ ᠳᠤᠮᠳᠠᠳᠤ ᠤᠯᠤᠰ ᠤᠨ ᠬᠡᠷᠡᠭᠯᠡᠭᠡᠨ ᠤ ᠰᠢᠨ᠎ᠡ ᠠᠮᠢᠵᠢᠷᠠᠯ ᠤᠨ ᠬᠦᠴᠦᠨ ᠢ ᠴᠦ ᠲᠤᠰᠬᠠᠵᠤ ᠪᠠᠶᠢᠨ᠎ᠠ ᠭᠡᠵᠦ ᠢᠯᠡᠳᠬᠡᠪᠡ᠃ ᠲᠤᠭ᠎ᠠ ᠪᠠᠷᠢᠮᠲᠠ ᠳᠤ ᠬᠠᠷᠠᠭᠤᠯᠤᠭᠰᠠᠨ ᠢᠶᠠᠷ᠂ ᠴᠠᠭᠠᠨ ᠰᠠᠷ᠎ᠠ ᠶᠢᠨ ᠵᠥᠭᠡᠭᠡᠪᠦᠷᠢ ᠡᠬᠢᠯᠡᠭᠰᠡᠨ ᠠᠴᠠ ᠨᠠᠭᠠᠰᠢ ︵1 ᠰᠠᠷ᠎ᠠ ᠶᠢᠨ 26 ᠠᠴᠠ 2 ᠰᠠᠷ᠎ᠠ ᠶᠢᠨ 17 ᠤ ᠡᠳᠦᠷ ᠪᠤᠯᠲᠠᠯ᠎ᠠ︶᠂ ᠪᠦᠭᠦ ᠤᠯᠤᠰ ᠤᠨ ᠰᠢᠤᠳᠠᠨ ᠤ ᠲᠦᠷᠭᠡᠨ ᠬᠦᠷᠭᠡᠯᠲᠡ ᠶᠢᠨ ᠦᠢᠯᠡᠰ 56.55 ᠳ᠋ᠦᠩᠰᠢᠭᠤᠷ ᠬᠤᠪᠢ ᠲᠦᠷᠭᠡᠨ ᠬᠦᠷᠭᠡᠯᠲᠡ ᠶᠢᠨ ᠪᠣᠭᠤᠳᠠᠯ ᠢ ᠭᠥᠯᠢᠶᠡᠨ ᠠᠪᠴᠤ᠂ 2023 ᠣᠨ ᠤ ᠴᠠᠭᠠᠨ ᠰᠠᠷ᠎ᠠ ᠶᠢᠨ ᠵᠥᠭᠡᠭᠡᠪᠦᠷᠢ ᠶᠢᠨ ᠠᠳᠠᠯᠢ ᠬᠤᠭᠤᠴᠠᠭᠠᠨ ᠤ ᠬᠢ ᠠᠴᠠ 30.8% ᠪᠠᠷ ᠨᠡᠮᠡᠭᠳᠡᠵᠠᠢ; ᠲᠦᠷᠭᠡᠨ ᠬᠦᠷᠭᠡᠯᠲᠡ ᠶᠢᠨ ᠪᠣᠭᠤᠳᠠᠯ ᠢ 59.94 ᠳ᠋ᠦᠩᠰᠢᠭᠤᠷ ᠬᠤᠪᠢ ᠬᠦᠷᠭᠡᠵᠦ᠂ 2023 ᠣᠨ ᠤ ᠴᠠᠭᠠᠨ ᠰᠠᠷ᠎ᠠ ᠶᠢᠨ ᠵᠥᠭᠡᠭᠡᠪᠦᠷᠢ ᠶᠢᠨ ᠠᠳᠠᠯᠢ ᠬᠤᠭᠤᠴᠠᠭᠠᠨ ᠤ ᠬᠢ ᠠᠴᠠ 21% ᠪᠠᠷ ᠨᠡᠮᠡᠭᠳᠡᠪᠡ᠃     ᠳᠡᠭᠡᠷᠡᠬᠢ ᠬᠠᠷᠢᠭᠤᠴᠠᠯᠭᠠᠲᠠᠨ᠂ ᠡᠨᠡ ᠵᠢᠯ ᠤᠨ ᠴᠠᠭᠠᠨ ᠰᠠᠷ᠎ᠠ ᠶᠢᠨ ᠬᠤᠭᠤᠴᠠᠭᠠᠨ ᠳᠤ᠂ ᠣᠨᠴᠠᠯᠢᠭᠲᠤ ᠪᠦᠲᠦᠭᠡᠭᠳᠡᠬᠦᠨ ᠪᠠ ᠪᠠᠶᠠᠷ ᠳᠤᠷᠠᠰᠬᠠᠯ ᠤᠨ ᠡᠳᠦᠷ ᠤᠨ ᠬᠦᠷᠭᠡᠯᠲᠡ ᠶᠢᠨ ᠬᠡᠷᠡᠭᠴᠡᠭᠡ ᠶᠡᠭᠡ ᠪᠠᠷ ᠨᠡᠮᠡᠭᠳᠡᠵᠦ᠂ ᠲᠠᠷᠢᠶᠠᠯᠠᠩ ᠤᠨ ᠪᠦᠲᠦᠭᠡᠭᠳᠡᠬᠦᠨ ᠤ ᠬᠦᠷᠭᠡᠯᠲᠡ ᠦᠷᠭᠦᠯᠵᠢᠯᠡᠨ ᠨᠡᠮᠡᠭᠳᠡᠬᠦ ᠬᠠᠨᠳᠤᠰᠢ ᠲᠠᠢ ᠪᠠᠶᠢᠨ᠎ᠠ᠃ ᠰᠢᠤᠳᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠬᠢᠨ ᠠᠶᠤᠯᠭᠦᠢ ᠦᠢᠯᠡᠳᠪᠦᠷᠢᠯᠡᠯ ᠤᠨ ᠬᠤᠷᠢᠭ᠎ᠠ ᠱᠤᠭᠤᠮ ᠢ ᠪᠠᠲᠤ ᠰᠠᠬᠢᠵᠤ᠂ ᠴᠠᠭᠠᠨ ᠰᠠᠷ᠎ᠠ ᠶᠢᠨ ᠬᠤᠭᠤᠴᠠᠭᠠᠨ ᠳᠠᠬᠢ ᠠᠶᠤᠯᠭᠦᠢ ᠦᠢᠯᠡᠳᠪᠦᠷᠢᠯᠡᠯ ᠪᠣᠯᠣᠨ ᠬᠦᠷᠭᠡᠯᠲᠡ ᠶᠢᠨ ᠦᠢᠯᠡᠴᠢᠯᠡᠭᠡᠨ ᠤ ᠪᠠᠲᠤᠯᠠᠭ᠎ᠠ ᠶᠢᠨ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠢᠪᠡ᠃ ᠡᠯ᠎ᠡ ᠬᠦᠷᠭᠡᠯᠲᠡ ᠶᠢᠨ ᠠᠵᠤ ᠠᠬᠤᠶᠢᠯᠠᠯ ᠤᠳ ᠳᠣᠣᠷ᠎ᠠ ᠳᠤᠯᠠᠭᠠᠨ ᠪᠣᠷᠣᠭᠠᠨ ᠴᠠᠰᠤ ᠲᠠᠢ ᠠᠭᠤᠷ ᠠᠮᠢᠰᠬᠤᠯ ᠠᠴᠠ ᠪᠣᠯᠤᠭᠰᠠᠨ ᠠᠰᠢᠭ ᠦᠭᠡᠢ ᠨᠥᠯᠥᠭᠡ ᠶᠢ ᠢᠯᠡᠨ ᠳᠠᠪᠠᠵᠤ᠂ ᠠᠵᠢᠯ ᠤᠨ ᠲᠥᠰᠥᠪ ᠢᠶᠠᠨ ᠪᠦᠷᠢᠨᠰᠢᠭᠦᠯᠦᠨ ᠲᠡᠭᠦᠯᠳᠡᠷᠵᠢᠭᠦᠯᠵᠦ᠂ ᠠᠵᠢᠯᠲᠠᠨ᠂ ᠲᠡᠭᠡᠭᠡᠪᠦᠷᠢ ᠶᠢᠨ ᠬᠦᠴᠦᠨ ᠪᠠ ᠡᠳ᠋ ᠪᠣᠳᠠᠰ ᠤᠨ ᠨᠥᠭᠡᠴᠡᠯᠡᠯᠲᠡ ᠶᠢ ᠴᠢᠩᠭᠠᠳᠬᠠᠨ᠂ ᠠᠵᠢᠯ ᠤᠨ ᠪᠠᠶᠢᠷᠢᠨ ᠳᠤ ᠪᠠᠶᠢᠭ᠎ᠠ ᠲᠦᠷᠭᠡᠨ ᠬᠦᠷᠭᠡᠭᠴᠢ ᠶᠢᠨ ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠪᠠᠲᠤᠯᠠᠵᠤ᠂ ᠵᠢᠯ ᠤᠨ ᠪᠠᠷᠠᠭ᠎ᠠ ᠬᠦᠷᠭᠡᠬᠦ ᠦᠢᠯᠡᠴᠢᠯᠡᠭᠡᠨ ᠤ ᠴᠢᠳᠠᠪᠤᠷᠢ ᠶᠢ ᠪᠦᠭᠦ ᠬᠦᠴᠦᠨ ᠢᠶᠠᠷ ᠢᠶᠠᠨ ᠳᠡᠭᠡᠭᠰᠢᠯᠡᠭᠦᠯᠵᠡᠢ ᠭᠡᠵᠦ ᠢᠯᠡᠳᠬᠡᠪᠡ᠃     ᠴᠠᠭᠠᠨ ᠰᠠᠷ᠎ᠠ ᠶᠢᠨ ᠠᠮᠠᠷᠠᠯᠲᠠ ᠶᠢᠨ ᠬᠤᠭᠤᠴᠠᠭ᠎ᠠ ᠳᠠᠭᠤᠰᠬᠤ ᠶᠢ ᠳᠠᠭᠠᠯᠳᠤᠨ᠂ ᠤᠯᠤᠰ ᠤᠨ ᠳᠣᠲᠣᠭᠠᠳᠤ ᠶᠢᠨ ᠭᠤᠣᠯ ᠪᠤᠯᠬᠤ ᠲᠦᠷᠭᠡᠨ ᠬᠦᠷᠭᠡᠯᠲᠡ ᠶᠢᠨ ᠠᠵᠤ ᠠᠬᠤᠶᠢᠯᠠᠯ ᠵᠠᠯᠭᠠᠭ᠎ᠠ ᠪᠠᠷ ᠴᠠᠭᠠᠨ ᠰᠠᠷ᠎ᠠ ᠶᠢᠨ ᠵᠠᠭᠪᠤᠷ ᠢᠶᠠᠨ ᠳᠠᠭᠤᠰᠬᠠᠵᠤ᠂ ᠰᠦᠯᠵᠢᠶᠡᠨ ᠤ ᠡᠵᠡᠩᠨᠡᠯᠲᠡ ᠬᠡᠪ ᠤᠨ ᠵᠠᠭᠪᠤᠷ ᠲᠠᠭᠠᠨ ᠰᠢᠯᠵᠢᠭᠰᠡᠨ ᠪᠠᠶᠢᠨ᠎ᠠ᠃ ᠬᠤᠪᠢᠶᠠᠨ ᠰᠠᠯᠭᠠᠬᠤ ᠲᠥᠪ᠂ ᠲᠣᠣᠷ ᠴᠡᠭ ᠵᠠᠯᠭᠠᠭ᠎ᠠ ᠪᠠᠷ ᠠᠵᠢᠯ ᠢᠶᠠᠨ ᠡᠬᠢᠯᠡᠭᠦᠯᠵᠦ᠂ ᠲᠦᠷᠭᠡᠨ ᠬᠦᠷᠭᠡᠭᠴᠢ᠂ ᠠᠴᠢᠶᠠᠨ ᠤ ᠮᠠᠰᠢᠨ ᠤ ᠵᠢᠯᠣᠭᠤᠴᠢ ᠪᠣᠯᠣᠨ ᠦᠢᠯᠡᠴᠢᠯᠡᠭᠡᠨ ᠤ ᠠᠵᠢᠯᠲᠠᠳ ᠠᠵᠢᠯ ᠤᠨ ᠪᠠᠶᠢᠷᠢ ᠳᠠᠭᠠᠨ ᠪᠤᠴᠠᠵᠤ᠂ ᠤᠳᠠᠯ ᠦᠭᠡᠢ ᠬᠦᠷᠴᠦ ᠢᠷᠡᠬᠦ ᠭᠡᠵᠦ ᠪᠠᠶᠢᠭ᠎ᠠ ᠠᠵᠢᠯ ᠤᠨ ᠪᠠᠶᠢᠷᠢᠨ ᠳᠠᠭᠠᠨ ᠪᠤᠴᠠᠬᠤ ᠰᠤᠷᠭᠠᠭᠤᠯᠢ ᠳᠠᠭᠠᠨ ᠪᠤᠴᠠᠬᠤ ᠠᠴᠠ ᠪᠣᠯᠤᠭᠰᠠᠨ ᠲᠤᠬᠠᠶᠢᠯᠠᠭᠰᠠᠨ ᠠᠵᠢᠯ ᠤᠨ ᠤᠷᠭᠢᠯ ᠦᠶ᠎ᠡ ᠶᠢ ᠤᠭᠲᠤᠪᠠ᠃     ︵ᠰᠢᠨᠬᠤᠸᠠ ᠬᠤᠷᠢᠶ᠎ᠠ ᠶᠢᠨ ᠪᠡᠭᠡᠵᠢᠩ ᠤᠨ 2 ᠰᠠᠷ᠎ᠠ ᠶᠢᠨ 19 ᠤ ᠴᠠᠭᠢᠯᠭᠠᠨ ᠮᠡᠳᠡᠭᠡ︶
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ