ᠣᠷᠳᠣᠰ ᠬᠤᠲᠠ ᠠᠷᠠᠳ ᠤᠨ ᠡᠵᠡᠩᠨᠡᠭᠰᠡᠨ ᠡᠮᠴᠢᠯᠡᠭᠡᠨ ᠤ ᠪᠠᠶᠢᠭᠤᠯᠤᠮᠵᠢ ᠳᠤ ᠲᠤᠰᠬᠠᠢ ᠰᠢᠮᠳᠠᠭᠤᠯᠤᠨ ᠪᠠᠶᠢᠴᠠᠭᠠᠯᠲᠠ ᠥᠷᠨᠢᠭᠦᠯᠵᠦ ᠠᠷᠠᠳ ᠤᠨ ᠡᠵᠡᠩᠨᠡᠭᠰᠡᠨ ᠡᠮᠨᠡᠯᠭᠡ ᠶᠢᠨ ᠠᠵᠢᠯ ᠡᠷᠭᠢᠯᠡᠬᠦ ᠠᠵᠢᠯᠯᠠᠭ᠎ᠠ ᠶᠢ ᠵᠢᠷᠤᠮᠵᠢᠭᠤᠯᠪᠠ
ᠨᠡᠶᠢᠲᠡᠯᠡᠭᠰᠡᠨ ᠴᠠᠭ᠄
2024/2/26
     ᠠᠷᠠᠳ ᠤᠨ ᠡᠵᠡᠩᠨᠡᠭᠰᠡᠨ ᠡᠮᠨᠡᠯᠭᠡ ᠶᠢᠨ ᠬᠠᠤᠯᠢ ᠶᠣᠰᠣ ᠪᠠᠷ ᠠᠵᠢᠯ ᠡᠷᠭᠢᠯᠡᠬᠦ᠂ ᠠᠮᠤᠷ ᠲᠦᠪᠰᠢᠨ ᠢᠶᠠᠷ ᠠᠵᠢᠯᠯᠠᠬᠤ ᠶᠢ ᠠᠬᠢᠭᠤᠯᠵᠤ᠂ ᠬᠥᠭᠵᠢᠯᠲᠡ ᠶᠢ ᠵᠢᠷᠤᠮᠵᠢᠭᠤᠯᠬᠤ ᠶᠢᠨ ᠲᠥᠯᠥᠭᠡ᠂ ᠣᠷᠳᠣᠰ ᠬᠤᠲᠠ ᠶᠢᠨ ᠳ᠋ᠦᠩᠱᠧᠩ ᠲᠣᠭᠤᠷᠢᠭ ︽ᠭᠤᠣᠯᠳᠠᠯᠭ᠎ᠠ ᠶᠢ ᠳᠣᠪᠤᠶᠢᠯᠭᠠᠬᠤ᠂ ᠵᠠᠯᠬᠠᠭᠠᠵᠤ ᠰᠡᠷᠭᠡᠶᠢᠯᠡᠬᠦ ᠶᠢ ᠵᠡᠷᠭᠡ ᠪᠠᠷ ᠠᠳᠬᠤᠬᠤ︾ ᠠᠵᠢᠯ ᠤᠨ ᠰᠡᠳᠬᠢᠴᠡ ᠪᠠᠷ᠂ ︽ᠠᠷᠪᠠᠨ ᠵᠦᠢᠯ ᠤᠨ ᠲᠤᠰᠬᠠᠢ ᠠᠵᠢᠯᠯᠠᠭ᠎ᠠ ᠶᠢᠨ ᠭᠤᠣᠯᠳᠠᠯᠭ᠎ᠠ ᠲᠠᠢ ᠡᠭᠦᠷᠭᠡ︾ ᠶᠢᠨ ᠲᠣᠭᠤᠷᠢᠨ ᠳᠤ᠂ ᠵᠣᠬᠢᠶᠠᠨ ᠪᠠᠶᠢᠭᠤᠯᠵᠤ ᠤᠳᠤᠷᠢᠳᠬᠤ ᠪᠠᠨ ᠴᠢᠩᠭᠠᠳᠬᠠᠵᠤ᠂ ᠠᠰᠠᠭᠤᠳᠠᠯ ᠢᠶᠠᠷ ᠤᠳᠤᠷᠢᠳᠤᠭᠤᠯᠬᠤ ᠶᠢ ᠲᠣᠪᠤᠶᠢᠯᠭᠠᠨ᠂ ᠦᠷ᠎ᠡ ᠳ᠋ᠦᠩ ᠤᠨ ᠬᠡᠷᠡᠭᠯᠡᠯᠲᠡ ᠶᠢ ᠴᠢᠬᠤᠯᠠᠴᠢᠯᠠᠵᠤ᠂ ᠥᠩᠭᠡᠨ ᠲᠠᠯ᠎ᠠ ᠪᠠ ᠦᠨᠳᠦᠰᠦ ᠠᠴᠠ ᠨᠢ ᠵᠠᠰᠠᠬᠤ ᠶᠢ ᠪᠠᠷᠢᠮᠲᠠᠯᠠᠨ᠂ ᠬᠠᠷᠢᠶᠠᠲᠤ ᠣᠷᠣᠨ ᠤ ᠠᠷᠠᠳ ᠤᠨ ᠡᠵᠡᠩᠨᠡᠭᠰᠡᠨ ᠡᠮᠴᠢᠯᠡᠭᠡᠨ ᠤ ᠪᠠᠶᠢᠭᠤᠯᠤᠮᠵᠢ ᠳᠤ ᠬᠠᠤᠯᠢ ᠲᠣᠭᠲᠠᠭᠠᠯ ᠢ ᠵᠢᠷᠤᠮᠯᠠᠵᠤ᠂ ᠠᠮᠤᠷ ᠲᠦᠪᠰᠢᠨ ᠢᠶᠠᠷ ᠠᠵᠢᠯᠯᠠᠬᠤ ᠠᠵᠢᠯ ᠤᠨ ᠵᠠᠭᠪᠤᠷ ᠢ ᠪᠣᠶ ᠪᠣᠯᠭᠠᠪᠠ᠃     ᠣᠶᠢᠷ᠎ᠠ ᠳᠤ᠂ ᠣᠷᠳᠣᠰ ᠬᠤᠲᠠ ᠶᠢᠨ ᠳ᠋ᠦᠩᠱᠧᠩ ᠲᠣᠭᠤᠷᠢᠭ ᠬᠠᠷᠢᠶᠠᠲᠤ ᠣᠷᠣᠨ ᠤ ᠪᠠᠨ ᠠᠷᠠᠳ ᠤᠨ ᠡᠵᠡᠩᠨᠡᠭᠰᠡᠨ ᠡᠮᠴᠢᠯᠡᠭᠡᠨ ᠤ ᠪᠠᠶᠢᠭᠤᠯᠤᠮᠵᠢ ᠨᠤᠭᠤᠳ ᠤᠨ ᠠᠵᠢᠯ ᠡᠷᠭᠢᠯᠡᠬᠦ ᠠᠵᠢᠯᠯᠠᠭ᠎ᠠ ᠶᠢ ᠲᠤᠰᠬᠠᠢ ᠬᠢᠨᠠᠨ ᠪᠠᠶᠢᠴᠠᠭᠠᠪᠠ᠃ ᠣᠳᠣᠬᠠᠨ ᠳᠤ᠂ ᠨᠡᠶᠢᠲᠡ 573 ᠡᠮᠴᠢᠯᠡᠭᠡᠨ ᠤ ᠪᠠᠶᠢᠭᠤᠯᠤᠮᠵᠢ ︵ᠬᠤᠶᠠᠳᠤᠭᠠᠷ ᠳᠡᠰ ᠠᠴᠠ ᠳᠡᠭᠡᠭᠰᠢᠬᠢ ᠡᠮᠴᠢᠯᠡᠭᠡᠨ ᠤ ᠪᠠᠶᠢᠭᠤᠯᠤᠮᠵᠢ 24᠂ ᠦᠨᠳᠦᠰᠦᠨ ᠱᠠᠲᠤᠨ ᠤ ᠡᠮᠴᠢᠯᠡᠭᠡᠨ ᠤ ᠪᠠᠶᠢᠭᠤᠯᠤᠮᠵᠢ 569︶ ᠶᠢ ᠪᠠᠶᠢᠴᠠᠭᠠᠵᠤ᠂ ᠬᠢᠨᠠᠯᠲᠠ ᠲᠠᠯᠪᠢᠵᠤ ᠬᠠᠤᠯᠢ ᠬᠡᠷᠡᠭᠵᠢᠭᠦᠯᠬᠦ ᠠᠵᠢᠯᠲᠠᠨ ᠢ 720 ᠬᠥᠮᠥᠨ ᠤᠳᠠᠭ᠎ᠠ ᠬᠥᠳᠡᠯᠭᠡᠵᠦ᠂ ᠡᠪᠡᠳᠴᠢᠨ ᠤ ᠵᠢᠱᠢᠶ᠎ᠡ᠂ ᠵᠣᠷ ᠢ ᠲᠠᠰᠢᠷᠠᠮ ᠢᠶᠠᠷ 180 ᠬᠤᠪᠢ ᠰᠣᠩᠭᠤᠨ ᠠᠪᠴᠤ᠂ ᠬᠤᠳᠠᠯ ᠢᠶᠠᠷ ᠣᠨᠣᠰᠢᠯᠠᠬᠤ᠂ ᠮᠡᠬᠡᠯᠡᠬᠦ᠂ ᠡᠪᠡᠳᠴᠢᠲᠡᠨ ᠢ ᠠᠯᠪᠠᠳᠠᠵᠤ ᠡᠮᠴᠢᠯᠡᠭᠦᠯᠬᠦ ᠪᠠ ᠬᠤᠳᠠᠯᠳᠤᠨ ᠠᠪᠤᠭᠤᠯᠬᠤ ᠵᠡᠷᠭᠡ ᠠᠵᠢᠯᠯᠠᠭ᠎ᠠ ᠶᠢ ᠣᠯᠵᠤ ᠢᠯᠡᠷᠡᠭᠦᠯᠦᠭᠰᠡᠨ ᠦᠭᠡᠢ︔ 80 ᠭᠠᠷᠤᠢ ᠡᠮᠴᠢᠯᠡᠭᠡᠨ ᠤ ᠠᠵᠢᠯᠲᠠᠨ ᠢ ᠰᠣᠩᠭᠤᠨ ᠪᠠᠶᠢᠴᠠᠭᠠᠵᠤ᠂ ᠳᠠᠩᠰᠠᠯᠠᠭᠤᠯᠤᠭᠰᠠᠨ ᠦᠭᠡᠢ ᠪᠠᠷ ᠣᠨᠣᠰᠢᠯᠠᠨ ᠡᠮᠴᠢᠯᠡᠬᠦ ᠠᠵᠢᠯᠯᠠᠭ᠎ᠠ ᠥᠷᠨᠢᠭᠦᠯᠦᠭᠰᠡᠨ ᠵᠡᠷᠭᠡ ᠦᠶᠯᠡ ᠠᠵᠢᠯᠯᠠᠭ᠎ᠠ ᠶᠢ ᠣᠯᠵᠤ ᠢᠯᠡᠷᠡᠭᠦᠯᠦᠭᠰᠡᠨ ᠦᠭᠡᠢ︔ ᠣᠶᠣᠨ ᠤ ᠡᠮ ᠮᠢᠨᠴᠦᠭᠦᠷᠡᠭᠦᠯᠬᠦ ᠡᠮ ᠬᠡᠷᠡᠭᠯᠡᠳᠡᠭ 15 ᠡᠮᠴᠢᠯᠡᠭᠡᠨ ᠤ ᠪᠠᠶᠢᠭᠤᠯᠤᠮᠵᠢ ᠶᠢ ᠬᠢᠨᠠᠨ ᠪᠠᠶᠢᠴᠠᠭᠠᠵᠤ᠂ ᠡᠭᠦᠨ ᠳᠤ ᠬᠤᠶᠠᠳᠤᠭᠠᠷ ᠳᠡᠰ ᠠᠴᠠ ᠳᠡᠭᠡᠭᠰᠢᠬᠢ ᠠᠯᠪᠠᠨ ᠤ ᠪᠠᠶᠢᠭᠤᠯᠤᠭᠰᠠᠨ ᠡᠮᠴᠢᠯᠡᠭᠡᠨ ᠤ ᠪᠠᠶᠢᠭᠤᠯᠤᠮᠵᠢ 5᠂ ᠦᠨᠳᠦᠰᠦᠨ ᠱᠠᠲᠤᠨ ᠤ ᠡᠮᠴᠢᠯᠡᠭᠡᠨ ᠤ ᠪᠠᠶᠢᠭᠤᠯᠤᠮᠵᠢ 10 ᠪᠠᠶᠢᠵᠤ᠂ ᠡᠷᠡᠭᠦᠯ ᠬᠠᠮᠠᠭᠠᠯᠠᠯ ᠤᠨ ᠬᠢᠨᠠᠯᠲᠠ ᠲᠠᠯᠪᠢᠵᠤ ᠬᠠᠤᠯᠢ ᠬᠡᠷᠡᠭᠵᠢᠭᠦᠯᠬᠦ ᠠᠵᠢᠯᠲᠠᠨ ᠢ ᠨᠡᠶᠢᠲᠡ 108 ᠬᠥᠮᠥᠨ ᠤᠳᠠᠭ᠎ᠠ ᠬᠥᠳᠡᠯᠭᠡᠪᠡ᠃ ᠪᠠᠶᠢᠴᠠᠭᠠᠯᠲᠠ ᠳᠤᠮᠳᠠ ᠢᠯᠡᠷᠡᠭᠦᠯᠦᠭᠰᠡᠨ ᠠᠰᠠᠭᠤᠳᠠᠯ ᠪᠥᠬᠦᠨ ᠳᠤ ᠡᠷᠡᠭᠦᠯ ᠬᠠᠮᠠᠭᠠᠯᠠᠯ ᠤᠨ ᠬᠢᠨᠠᠯᠲᠠ ᠲᠠᠯᠪᠢᠭᠰᠠᠨ ᠰᠠᠨᠠᠯ ᠤᠨ ᠪᠢᠴᠢᠭ ᠪᠠᠭᠤᠯᠭᠠᠵᠤ᠂ ᠲᠣᠭᠲᠠᠭᠰᠠᠨ ᠬᠤᠭᠤᠴᠠᠭᠠᠨ ᠳᠤ ᠴᠡᠭᠴᠡᠯᠡᠨ ᠵᠠᠰᠠᠭᠤᠯᠬᠤ ᠪᠠᠷ ᠵᠠᠷᠯᠢᠭᠳᠠᠵᠠᠢ᠃
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ