︽ᠠᠷᠪᠠᠨ ᠳᠥᠷᠪᠡᠳᠦᠭᠡᠷ ᠡᠪᠦᠯ︾ ᠤᠨ ᠤᠯᠠᠭᠠᠨᠴᠠᠪ ᠤᠨ ᠯᠢᠶᠡᠩᠴᠧᠩ ᠤᠷᠤᠯᠳᠤᠭᠠᠨ ᠤ ᠲᠣᠭᠤᠷᠢᠭ ᠲᠤ ᠨᠢᠭᠡᠨᠲᠡ 18 ᠠᠯᠲᠠᠨ ᠮᠧᠳᠠᠯ ᠲᠣᠳᠣᠷᠠᠪᠠ
ᠨᠡᠶᠢᠲᠡᠯᠡᠭᠰᠡᠨ ᠴᠠᠭ᠄
2024/2/26
     ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠤ ᠤᠯᠠᠭᠠᠨᠴᠠᠪ ᠲᠠᠬᠢ ᠤᠷᠤᠯᠳᠤᠭᠠᠨ ᠤ ᠲᠣᠭᠤᠷᠢᠭ ᠲᠤ ᠤᠷᠤᠯᠳᠤᠬᠤ ᠴᠠᠭ ᠨᠢ 2024 ᠣᠨ ᠤ 2 ᠳ᠋ᠤᠭᠠᠷ ᠰᠠᠷ᠎ᠠ ᠶᠢᠨ 14 ᠤ ᠡᠳᠦᠷ ᠠᠴᠠ 2 ᠳ᠋ᠤᠭᠠᠷ ᠰᠠᠷ᠎ᠠ ᠶᠢᠨ 26 ᠤ ᠡᠳᠦᠷ ᠪᠣᠯᠲᠠᠯ᠎ᠠ ᠪᠠᠶᠢᠵᠤ᠂ ᠲᠤᠰ ᠤᠷᠤᠯᠳᠤᠭᠠᠨ ᠤ ᠲᠣᠭᠤᠷᠢᠭ ᠲᠤ ᠬᠡᠭᠡᠷᠡᠯᠡᠨ ᠴᠠᠨᠠᠯᠠᠬᠤ᠂ ᠡᠪᠦᠯ ᠤᠨ ᠬᠤᠶᠠᠷ ᠲᠥᠷᠥᠯ᠂ ᠲᠠᠩ ᠴᠠᠨ᠎ᠠ ᠪᠠᠷ ᠰᠠᠭᠠᠳ ᠳᠠᠪᠠᠨ ᠲᠠᠭᠤᠯᠴᠠᠬᠤ᠂ ᠴᠢᠯᠦᠭᠡᠲᠦ ᠴᠠᠨᠠᠯᠠᠯᠲᠠ ᠶᠢᠨ ᠰᠠᠭᠠᠳ ᠳᠠᠪᠠᠨ ᠲᠠᠭᠤᠯᠴᠠᠬᠤ ᠵᠡᠷᠭᠡ 4 ᠬᠤᠪᠢᠶᠠᠷᠢ᠂ 38 ᠪᠠᠭ᠎ᠠ ᠲᠥᠷᠥᠯ ᠤᠨ ᠤᠷᠤᠯᠳᠤᠭᠠᠨ ᠢ ᠬᠠᠮᠤᠷᠴᠤ᠂ 383 ᠲᠠᠮᠢᠷᠴᠢᠨ ᠤᠷᠤᠯᠳᠤᠭᠠᠨ ᠳᠤ ᠣᠷᠣᠯᠴᠠᠨ᠂ ᠨᠡᠶᠢᠲᠡ 38 ᠠᠯᠲᠠᠨ ᠮᠧᠳᠠᠯ ᠲᠣᠳᠣᠷᠠᠭᠤᠯᠬᠤ ᠪᠣᠯᠣᠨ᠎ᠠ᠃ 2 ᠳ᠋ᠤᠭᠠᠷ ᠰᠠᠷ᠎ᠠ ᠶᠢᠨ 19 ᠤ ᠡᠳᠦᠷ ᠪᠣᠯᠲᠠᠯ᠎ᠠ᠂ ᠨᠢᠭᠡᠨᠲᠡ 18 ᠠᠯᠲᠠᠨ ᠮᠧᠳᠠᠯ ︵ᠬᠡᠭᠡᠷᠡᠯᠡᠨ ᠴᠠᠨᠠᠯᠠᠬᠤ ᠤᠷᠤᠯᠳᠤᠭᠠᠨ ᠳᠤ 8᠂ ᠡᠪᠦᠯ ᠤᠨ ᠬᠤᠶᠠᠷ ᠲᠥᠷᠥᠯ ᠤᠨ ᠤᠷᠤᠯᠳᠤᠭᠠᠨ ᠳᠤ 6᠂ ᠰᠠᠭᠠᠳ ᠳᠠᠪᠠᠨ ᠲᠠᠭᠤᠯᠴᠠᠬᠤ ᠤᠷᠤᠯᠳᠤᠭᠠᠨ ᠳᠤ 4︶ ᠲᠣᠳᠣᠷᠠᠭᠤᠯᠤᠭᠠᠳ ᠪᠤᠢ᠃
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ