ᠰᠠᠶ᠋ᠢ ᠲᠦᠷᠦᠭᠰᠡᠨ ᠲᠤᠭᠤᠯ ᠢ ᠠᠷᠠᠴᠢᠯᠠᠬᠤ
ᠨᠡᠶᠢᠲᠡᠯᠡᠭᠰᠡᠨ ᠴᠠᠭ᠄
2024/2/26
     ᠰᠠᠶ᠋ᠢ ᠲᠦᠷᠦᠭᠰᠡᠨ ᠲᠤᠭᠤᠯ ᠭᠠᠳᠠᠭᠠᠳᠤ ᠣᠷᠴᠢᠨ ᠤ ᠡᠷᠡᠭᠦᠯ ᠪᠤᠰᠤ ᠣᠷᠴᠢᠨ ᠲᠣᠭᠤᠷᠢᠨ ᠢ ᠡᠰᠡᠷᠭᠦᠴᠡᠬᠦ ᠴᠢᠳᠠᠪᠤᠷᠢ ᠪᠠᠷ ᠪᠠᠭᠤᠷᠠᠢ᠂ ᠵᠣᠬᠢᠴᠠᠬᠤ ᠴᠢᠳᠠᠪᠤᠷᠢ ᠪᠠᠷ ᠠᠨᠠᠢ᠂ ᠰᠢᠩᠭᠡᠭᠡᠯᠲᠡ ᠶᠢᠨ ᠵᠠᠮ ᠤᠨ ᠰᠠᠯᠢᠰᠤᠲᠤ ᠪᠦᠷᠬᠦᠪᠴᠢ ᠨᠢ ᠪᠠᠺᠲ᠋ᠧᠷᠢ ᠲᠤ ᠠᠮᠠᠷᠬᠠᠨ ᠨᠡᠪᠲᠡᠯᠦᠭᠳᠡᠵᠦ᠂ ᠮᠡᠳᠡᠷᠡᠯ ᠤᠨ ᠰᠢᠰᠲ᠋ᠧᠮ ᠤᠨ ᠲᠤᠰᠬᠠᠯ ᠢᠶᠠᠷ ᠳᠤᠲᠠᠮᠠᠭ᠂ ᠡᠯ᠎ᠡ ᠵᠦᠢᠯ ᠤᠨ ᠡᠪᠡᠳᠴᠢᠨ ᠤ ᠪᠠᠺᠲ᠋ᠧᠷᠢ ᠳᠤ ᠠᠮᠠᠷᠬᠠᠨ ᠳᠠᠭᠠᠷᠢᠭᠳᠠᠳᠠᠭ᠂ ᠡᠪᠡᠳᠴᠢᠯᠡᠬᠦ ᠨᠤᠷᠮ᠎ᠠ ᠨᠢ ᠥᠨᠳᠥᠷ᠂ ᠠᠮᠠᠷᠬᠠᠨ ᠦᠬᠦᠳᠡᠭ᠂ ᠢᠯᠠᠩᠭᠤᠶ᠎ᠠ ᠲᠦᠷᠦᠭᠰᠡᠨ ᠤ ᠳᠠᠷᠠᠭᠠᠬᠢ ᠨᠢᠭᠡᠳᠦᠭᠡᠷ ᠭᠠᠷᠠᠭ ᠲᠤ ᠨᠡᠩ ᠴᠤ ᠠᠮᠠᠷᠬᠠᠨ ᠦᠬᠦᠳᠡᠭ᠃ ᠡᠶᠢᠮᠦ ᠠᠴᠠ ᠲᠤᠭᠤᠯ ᠤᠨ ᠠᠷᠠᠴᠢᠯᠠᠯ ᠢ ᠰᠠᠶᠢᠲᠤᠷ ᠬᠢᠵᠦ᠂ ᠣᠨᠴᠠᠭᠠᠶᠢᠯᠠᠨ ᠰᠠᠶ᠋ᠢ ᠲᠦᠷᠦᠭᠰᠡᠨ ᠲᠤᠭᠤᠯ ᠤᠨ ᠠᠷᠠᠴᠢᠯᠠᠯ ᠢ ᠰᠠᠶᠢᠲᠤᠷ ᠬᠢᠬᠦ ᠨᠢ ᠲᠡᠭᠦᠨ ᠤ ᠦᠰᠦᠨ ᠪᠤᠶᠢᠵᠢᠯᠲᠠ ᠳᠤ ᠲᠤᠶᠢᠯ ᠤᠨ ᠴᠢᠬᠤᠯᠠ ᠪᠠᠶᠢᠳᠠᠭ᠃     ᠨᠢᠭᠡ᠂ ᠲᠤᠭᠤᠯ ᠢ ᠲᠥᠷᠥᠭᠰᠡᠨ ᠤ ᠳᠠᠷᠠᠭ᠎ᠠ ᠶᠠᠭᠤᠨ ᠤ ᠡᠮᠦᠨ᠎ᠡ ᠠᠮᠠ ᠬᠠᠮᠠᠷ ᠲᠠᠬᠢ ᠰᠠᠯᠢᠰᠤ ᠶᠢ ᠨᠢ ᠴᠡᠪᠡᠷᠯᠡᠨ ᠠᠷᠢᠯᠭᠠᠨ᠎ᠠ᠃ ᠠᠷᠭ᠎ᠠ ᠨᠢ᠂ ᠲᠣᠯᠣᠭᠠᠢ ᠶᠢᠨ ᠬᠡᠰᠡᠭ ᠢ ᠪᠡᠶ᠎ᠡ ᠶᠢᠨ ᠪᠤᠰᠤᠳ ᠬᠡᠰᠡᠭ ᠠᠴᠠ ᠨᠢ ᠳᠣᠣᠷ᠎ᠠ ᠪᠠᠶᠢᠯᠭᠠᠬᠤ ᠪᠤᠶᠤ ᠲᠤᠭᠤᠯ ᠢ ᠬᠡᠳᠦᠨ ᠰᠧᠺᠦ᠋ᠨ᠋ᠳ᠋ ᠲᠣᠩᠭᠤᠷᠤᠭᠤᠯᠤᠨ ᠡᠷᠭᠦᠵᠦ ᠰᠠᠯᠢᠰᠤ ᠶᠢ ᠨᠢ ᠤᠷᠤᠰᠬᠠᠨ ᠭᠠᠷᠭᠠᠨ᠎ᠠ᠃ ᠶᠡᠷᠦ ᠳᠡᠭᠡᠨ ᠲᠤᠭᠤᠯ ᠤᠨ ᠠᠮᠢᠰᠬᠤᠯ ᠴᠢᠬᠤᠯᠳᠠᠬᠤ ᠪᠤᠶᠤ ᠠᠮᠢᠰᠬᠤᠬᠤ ᠦᠭᠡᠢ ᠪᠠᠶᠢᠬᠤ ᠨᠢ ᠪᠡᠷᠬᠡ ᠬᠥᠩᠭᠡᠵᠢᠯᠲᠡ ᠲᠠᠢ ᠬᠤᠯᠪᠣᠭ᠎ᠠ ᠲᠠᠢ᠃     ᠬᠤᠶᠠᠷ᠂ ᠲᠤᠭᠤᠯ ᠤᠨ ᠠᠮᠢᠰᠬᠤᠭ᠎ᠠ ᠬᠡᠪ ᠤᠨ ᠪᠠᠶᠢᠳᠠᠯ ᠲᠠᠢ ᠪᠠᠶᠢᠬᠤ ᠶᠢ ᠪᠠᠲᠤᠯᠠᠭᠰᠠᠨ ᠤ ᠳᠠᠷᠠᠭ᠎ᠠ᠂ ᠬᠦᠢᠰᠦᠨ ᠠᠴᠠ ᠨᠢ ᠴᠢᠰᠤ ᠭᠠᠷᠤᠭᠰᠠᠨ ᠡᠰᠡᠬᠦ ᠶᠢ ᠳᠠᠷᠤᠶᠢᠬᠠᠨ ᠪᠠᠶᠢᠴᠠᠭᠠᠨ᠎ᠠ᠃ ᠬᠡᠷᠪᠡ ᠴᠢᠰᠤ ᠭᠠᠷᠪᠠᠯ ᠴᠡᠪᠡᠷ ᠬᠥᠪᠥᠩ ᠢᠶᠠᠷ ᠴᠢᠰᠤ ᠶᠢ ᠵᠣᠭᠰᠣᠭᠠᠵᠤ᠂ ᠬᠦᠢᠰᠦᠨ ᠳᠠᠬᠢ ᠴᠢᠰᠤ ᠶᠢ ᠰᠠᠶᠢᠲᠤᠷ ᠰᠢᠢᠳᠪᠦᠷᠢᠯᠡᠭᠰᠡᠨ ᠤ ᠳᠠᠷᠠᠭ᠎ᠠ᠂ ᠥᠨᠳᠥᠷ ᠥᠳᠬᠡᠴᠡ ᠲᠠᠢ ᠢᠣᠳ᠋ᠲᠤ ᠰᠫᠢᠷᠲ ︵7%︶ ᠪᠤᠶᠤ ᠪᠤᠰᠤᠳ ᠠᠷᠢᠭᠤᠳᠬᠠᠭᠴᠢ ᠡᠮ ᠢᠶᠠᠷ ᠬᠦᠢᠰᠦ ᠶᠢ ᠠᠷᠢᠭᠤᠳᠬᠠᠵᠤ᠂ ᠬᠦᠢᠰᠦᠨ ᠤ ᠬᠠᠯᠳᠠᠪᠤᠷᠢᠯᠠᠯ ᠢ ᠰᠡᠷᠭᠡᠶᠢᠯᠡᠨ᠎ᠡ᠃ ᠲᠦᠷᠦᠭᠡᠳ 2 ᠡᠳᠦᠷ ᠪᠣᠯᠤᠭᠰᠠᠨ ᠤ ᠳᠠᠷᠠᠭᠠᠬᠢ ᠲᠤᠭᠤᠯ ᠬᠡᠷᠪᠡ ᠬᠠᠯᠳᠠᠪᠤᠷᠢᠯᠠᠯ ᠤᠨ ᠪᠠᠶᠢᠳᠠᠯ ᠭᠠᠷᠪᠠᠯ᠂ ᠰᠦᠷ ᠰᠦᠯᠳᠡ ᠦᠭᠡᠢ᠂ ᠬᠦᠢᠰᠦ ᠨᠢ ᠤᠯᠠᠶᠢᠵᠤ ᠬᠠᠪᠤᠳᠬᠤ ᠢᠯᠡᠷᠡᠯ ᠲᠠᠢ᠂ ᠬᠦᠷᠦᠯᠴᠡᠭᠰᠡᠨ ᠤ ᠳᠠᠷᠠᠭ᠎ᠠ ᠲᠤᠭᠤᠯ ᠡᠪᠡᠳᠬᠦ ᠪᠠᠶᠢᠳᠠᠯ ᠲᠠᠢ᠂ ᠬᠡᠷᠪᠡ ᠴᠠᠭ ᠲᠤᠬᠠᠢ ᠳᠤᠨᠢ ᠡᠮᠨᠡᠨ ᠵᠠᠰᠠᠬᠤ ᠦᠭᠡᠢ ᠪᠣᠯ ᠴᠢᠰᠤ ᠦᠵᠢᠷᠡᠬᠦ ᠡᠪᠡᠳᠴᠢᠨ ᠡᠭᠦᠰᠬᠡᠵᠦ᠂ ᠲᠤᠭᠤᠯ ᠢ ᠦᠬᠦᠬᠦ ᠳᠤ ᠬᠦᠷᠦᠭᠦᠯᠳᠡᠭ᠃     ᠭᠤᠷᠪᠠ᠂ ᠠᠯᠢ ᠪᠤᠯᠠᠬᠤ ᠪᠠᠷ ᠡᠷᠲᠡ ᠤᠭᠤᠷᠠᠭ ᠰᠦ ᠶᠢ ᠨᠢ ᠭᠦᠢᠴᠡᠳ ᠤᠤᠭᠤᠯᠭᠠᠬᠤ ᠬᠡᠷᠡᠭᠲᠡᠢ᠃ ᠡᠩ ᠤᠨ ᠪᠠᠶᠢᠳᠠᠯ ᠳᠤ ᠲᠦᠷᠦᠭᠰᠡᠨ ᠤ ᠳᠠᠷᠠᠭᠠᠬᠢ 2 ᠴᠠᠭ ᠤᠨ ᠳᠣᠲᠣᠷ᠎ᠠ᠂ ᠨᠢᠯᠬ᠎ᠠ ᠲᠤᠭᠤᠯ ᠪᠣᠰᠴᠤ ᠵᠣᠭᠰᠣᠬᠤ ᠦᠶ᠎ᠡ ᠳᠤ ᠳᠠᠷᠤᠢ ᠤᠤᠭᠤᠯᠭᠠᠵᠤ ᠪᠣᠯᠣᠨ᠎ᠠ᠃ ᠤᠭᠤᠷᠠᠭ ᠰᠦᠨ ᠳᠤ ᠸᠢᠲ᠋ᠠᠮᠢᠨ ︵ᠸᠢᠲ᠋ᠠᠮᠢᠨ A᠂ ᠸᠢᠲ᠋ᠠᠮᠢᠨ D︶ ᠪᠠ ᠡᠭᠡᠯᠢᠯᠡᠭᠡ ᠶᠢᠨ ᠪᠥᠮᠪᠥᠭᠡᠨ ᠤᠭᠤᠷᠠᠭ ︵ᠵᠢᠱᠢᠶᠡᠯᠡᠪᠡᠯ ᠪᠥᠮᠪᠥᠭᠡᠨ ᠤᠭᠤᠷᠠᠭ᠂ ᠴᠠᠭᠠᠨ ᠤᠭᠤᠷᠠᠭ︶ ᠵᠢᠴᠢ ᠪᠤᠰᠤᠳ ᠡᠯ᠎ᠡ ᠵᠦᠢᠯ ᠤᠨ ᠰᠢᠮ᠎ᠡ ᠲᠡᠵᠢᠭᠡᠯ ᠢᠶᠠᠷ ᠡᠯᠪᠡᠭ ᠪᠠᠶᠢᠳᠠᠭ᠃ ᠬᠡᠷᠪᠡ ᠲᠤᠭᠤᠯ ᠤᠭᠤᠷᠠᠭ ᠰᠦ ᠣᠯᠵᠤ ᠢᠳᠡᠬᠦ ᠦᠭᠡᠢ ᠪᠣᠯ ᠦᠯᠦ ᠬᠠᠯᠳᠠᠭᠠᠬᠤ ᠴᠢᠳᠠᠪᠤᠷᠢ ᠬᠦᠷᠦᠯᠴᠡᠬᠦ ᠦᠭᠡᠢ ᠠᠴᠠ ᠪᠣᠯᠵᠤ ᠠᠮᠠᠷᠬᠠᠨ ᠠᠭᠤᠰᠬᠢᠨ ᠦᠷᠪᠢᠰᠦᠯ ᠪᠠ ᠴᠢᠰᠤ ᠪᠠᠷ ᠪᠠᠭᠠᠵᠤ᠂ ᠲᠤᠭᠤᠯ ᠤᠨ ᠪᠡᠶ᠎ᠡ ᠶᠢᠨ ᠬᠦᠨᠳᠦ ᠲᠦᠷᠭᠡᠨ ᠪᠠᠭᠤᠷᠠᠬᠤ ᠳᠤ ᠬᠦᠷᠦᠭᠦᠯᠦᠨ᠎ᠡ᠃     ᠳᠥᠷᠪᠡ᠂ ᠦᠨᠢᠶ᠎ᠡ ᠪᠠ ᠲᠤᠭᠤᠯ ᠢ ᠲᠤᠰᠠᠭᠠᠷᠯᠠᠬᠤ᠃ ᠲᠤᠭᠤᠯ ᠢ ᠲᠦᠷᠦᠭᠰᠡᠨ ᠤ ᠳᠠᠷᠠᠭ᠎ᠠ ᠲᠡᠷᠡ ᠳᠠᠷᠤᠢ ᠳᠤᠨᠢ ᠳᠦᠷᠦᠯᠲᠡ ᠶᠢᠨ ᠥᠷᠥᠭᠡᠨ ᠠᠴᠠ ᠪᠠᠨ ᠰᠢᠯᠵᠢᠭᠦᠯᠵᠦ᠂ ᠬᠠᠭᠤᠷᠠᠢ᠂ ᠠᠷᠢᠭᠤᠨ ᠴᠡᠪᠡᠷ ᠣᠷᠴᠢᠨ ᠳᠤ ᠲᠠᠯᠪᠢᠬᠤ ᠬᠡᠷᠡᠭᠲᠡᠢ᠂ ᠲᠠᠭᠠᠯᠠᠮᠵᠢᠲᠠᠢ ᠰᠠᠶᠢᠬᠠᠨ ᠣᠷᠴᠢᠨ ᠨᠢ ᠲᠤᠭᠤᠯ ᠡᠪᠡᠳᠴᠢᠯᠡᠬᠦ ᠶᠢ ᠪᠠᠭᠠᠰᠬᠠᠨ᠎ᠠ᠃     ᠲᠠᠪᠤ᠂ ᠲᠤᠭᠤᠯ ᠴᠢᠴᠠᠭ᠎ᠠ ᠠᠯᠳᠠᠬᠤ ᠠᠴᠠ ᠰᠡᠷᠭᠡᠶᠢᠯᠡᠬᠦ ᠬᠡᠷᠡᠭᠲᠡᠢ᠃ ᠨᠢᠭᠡ ᠳᠤ᠂ ᠲᠤᠭᠤᠯ ᠢ ᠲᠣᠭᠲᠠᠭᠰᠠᠨ ᠴᠠᠭ ᠲᠠᠢ᠂ ᠲᠣᠭᠲᠠᠭᠰᠠᠨ ᠬᠡᠮᠵᠢᠶ᠎ᠡ ᠲᠠᠢ᠂ ᠲᠣᠭᠲᠠᠭᠰᠠᠨ ᠳᠤᠯᠠᠭᠠᠨ ᠲᠠᠢ ᠰᠦ ᠤᠤᠭᠤᠯᠭᠠᠵᠤ᠂ ᠰᠦᠨ ᠤ ᠬᠠᠯᠠᠭᠤᠨ ᠢ 35 — 38℃ ᠢᠶᠠᠷ ᠬᠢᠵᠠᠭᠠᠷᠯᠠᠨ᠎ᠠ᠃ ᠬᠤᠶᠠᠷ ᠲᠤ᠂ ᠲᠡᠭᠷᠢ ᠬᠦᠢᠲᠡᠷᠡᠬᠦ ᠦᠶ᠎ᠡ ᠳᠤ ᠵᠤᠵᠠᠭᠠᠨ ᠳᠡᠪᠢᠰᠬᠡᠷ ᠳᠡᠪᠢᠰᠴᠦ᠂ ᠬᠠᠭᠤᠷᠠᠢ᠂ ᠴᠡᠪᠡᠷ᠂ ᠳᠤᠯᠠᠭᠠᠨ ᠪᠠᠶᠢᠬᠤ ᠶᠢ ᠪᠠᠲᠤᠯᠠᠬᠤ ᠬᠡᠷᠡᠭᠲᠡᠢ᠂ ᠸᠠᠯᠠᠭᠰᠠᠨ ᠪᠤᠶᠤ ᠪᠣᠬᠢᠷᠲᠤᠭᠳᠠᠭᠰᠠᠨ ᠳᠡᠪᠢᠰᠬᠡᠷ ᠢ ᠬᠡᠷᠡᠭᠯᠡᠵᠦ ᠪᠣᠯᠬᠤ ᠦᠭᠡᠢ︔ ᠭᠤᠷᠪᠠ ᠳᠤ᠂ ᠴᠢᠴᠠᠭ᠎ᠠ ᠠᠯᠳᠠᠭᠰᠠᠨ ᠢᠯᠡᠷᠡᠯ ᠲᠠᠢ ᠲᠤᠭᠤᠯ ᠢ ᠲᠤᠰᠠᠭᠠᠷᠯᠠᠵᠤ᠂ ᠴᠠᠭ ᠲᠤᠬᠠᠢ ᠳᠤᠨᠢ ᠡᠮᠨᠡᠨ ᠵᠠᠰᠠᠨ᠎ᠠ᠃ ᠳᠥᠷᠪᠡ ᠳᠤ ᠴᠡᠪᠡᠷ ᠨᠠᠷᠢᠯᠢᠭ ᠪᠦᠳᠦᠭᠦᠯᠢᠭ ᠪᠣᠷᠳᠤᠭ᠎ᠠ ᠪᠠᠷ ᠲᠡᠩᠴᠡᠪᠦᠷᠢᠲᠡᠢ ᠲᠡᠵᠢᠭᠡᠬᠦ ᠶᠢ ᠪᠠᠲᠤᠯᠠᠵᠤ᠂ ᠣᠷᠴᠢᠨ ᠲᠣᠭᠤᠷᠢᠨ ᠢ ᠦᠷᠭᠦᠯᠵᠢ ᠠᠷᠢᠭᠤᠳᠬᠠᠬᠤ ᠬᠡᠷᠡᠭᠲᠡᠢ᠃
ᠢᠷᠡᠯᠲᠡ᠄ ᠥᠪᠥᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ ᠲᠢᠩᠬᠢᠮ