2 ᠰᠠᠷ᠎ᠠ ᠶᠢᠨ 27 ᠤ ᠦᠳᠡ ᠶᠢᠨ ᠬᠤᠶᠢᠨ᠎ᠠ᠂ ᠰᠤᠷᠪᠤᠯᠵᠢᠯᠠᠭᠴᠢ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠷᠪᠠᠨ ᠳᠥᠷᠪᠡᠳᠦᠭᠡᠷ | ᠬᠤᠭᠤᠴᠠᠭᠠᠨ ᠤ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠤ ᠰᠣᠨᠢᠨ ᠮᠡᠳᠡᠭᠡ ᠨᠡᠶᠢᠲᠡᠯᠡᠬᠦ ᠬᠤᠷᠠᠯ ᠠᠴᠠ ᠣᠶᠢᠯᠠᠭᠠᠭᠰᠠᠨ ᠢᠶᠠᠷ᠂ ᠠᠷᠪᠠᠨ ᠳᠥᠷᠪᠡᠳᠦᠭᠡᠷ | ᠬᠤᠭᠤᠴᠠᠭᠠᠨ ᠤ ᠪᠥᠬᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠳᠡᠭᠡᠷ᠎ᠡ ᠨᠡᠶᠢᠲᠡ 30 ᠲᠥᠯᠥᠭᠡᠯᠡᠭᠴᠢᠳ ᠤᠨ ᠪᠦᠯᠬᠦᠮ ᠱᠠᠩᠨᠠᠯ ᠤᠨ ᠮᠧᠳᠠᠯ | ᠣᠯᠵᠤ᠂ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ 18 ᠠᠯᠲᠠᠨ ᠮᠧᠳᠠᠯ᠂ 17 ᠮᠥᠩᠭᠦᠨ ᠮᠧᠳᠠᠯ᠂ 24 ᠬᠦᠷᠡᠯ ᠮᠧᠳᠠᠯ ᠤᠨ ᠬᠢᠷᠢ ᠪᠦᠲᠦᠮᠵᠢ ᠪᠠᠷ | ᠲᠡᠦᠬᠡ ᠶᠢᠨ ᠬᠠᠮᠤᠭ ᠤᠨ ᠰᠠᠶᠢᠨ ᠲᠡᠮᠳᠡᠭᠯᠡᠯ ᠢ ᠡᠭᠦᠳᠴᠡᠢ᠃ | | | ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠳᠠᠷᠤᠭ᠎ᠠ᠂ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠡᠪᠦᠯ ᠤᠨ | ᠤᠯᠠᠷᠢᠯ ᠤᠨ ᠲᠠᠮᠢᠷ ᠤᠨ ᠴᠤᠭᠯᠠᠭᠠᠨ ᠤ ᠵᠣᠬᠢᠶᠠᠨ ᠪᠠᠶᠢᠭᠤᠯᠬᠤ ᠺᠣᠮᠢᠰ ᠤᠨ ᠳᠡᠳ᠋ ᠨᠠᠷᠢᠨ ᠪᠢᠴᠢᠭ ᠤᠨ ᠳᠠᠷᠤᠭ᠎ᠠ ᠳ᠋ᠦ᠋ ᠪᠦᠸᠧ ᠵᠢᠶᠦ᠋ᠨ ᠤ ᠲᠠᠨᠢᠯᠴᠠᠭᠤᠯᠤᠭᠰᠠᠨ ᠢᠶᠠᠷ᠂ | ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠤ ᠵᠣᠬᠢᠶᠠᠨ ᠪᠠᠶᠢᠭᠤᠯᠬᠤ ᠺᠣᠮᠢᠰ ᠡᠯ᠎ᠡ ᠲᠥᠷᠥᠯ ᠤᠨ | ᠵᠣᠴᠢᠳ ᠤᠨ ᠬᠡᠷᠡᠭᠴᠡᠭᠡ ᠶᠢ ᠭᠦᠢᠴᠡᠳ ᠪᠣᠯᠳᠣᠯᠬᠢᠯᠠᠵᠤ᠂ ᠠᠵᠢᠯ ᠲᠥᠷᠥᠯ ᠢᠶᠠᠷ ᠵᠣᠴᠢᠯᠠᠬᠤ ᠪᠠᠲᠤᠯᠠᠭ᠎ᠠ ᠶᠢᠨ ᠲᠥᠰᠥᠯ ᠢ ᠲᠥᠷᠥᠯ ᠬᠤᠪᠢᠶᠠᠨ ᠨᠢᠮᠪᠠᠢ | ᠲᠣᠭᠲᠠᠭᠠᠵᠤ᠂ 41 ᠲᠣᠭᠲᠠᠭᠰᠠᠨ ᠴᠡᠭ ᠤᠨ ᠪᠠᠭᠤᠳᠠᠯ ᠳᠤ ᠨᠡᠶᠢᠲᠡ 1.06 ᠲᠦᠮᠡᠨ ᠬᠥᠮᠥᠨ ᠤᠳᠠᠭ᠎ᠠ ᠶᠢ ᠬᠦᠯᠢᠶᠡᠨ ᠠᠪᠴᠤ ᠵᠣᠴᠢᠯᠠᠵᠠᠢ᠃ ᠡᠯ᠎ᠡ | ᠤᠷᠤᠯᠳᠤᠭᠠᠨ ᠤ ᠲᠣᠭᠤᠷᠢᠭ ᠨᠢ ︽ᠬᠠᠮᠤᠭ ᠤᠨ ᠣᠬᠤᠷ ᠴᠠᠭ᠂ ᠬᠠᠮᠤᠭ ᠤᠨ ᠰᠠᠶᠢᠨ ᠵᠠᠮ ᠱᠤᠭᠤᠮ︾ ᠪᠠᠶᠢᠬᠤ ᠵᠠᠷᠴᠢᠮ ᠶᠣᠰᠣᠭᠠᠷ᠂ ᠤᠷᠤᠯᠳᠤᠭᠠᠨ ᠤ | ᠬᠤᠭᠤᠴᠠᠭᠠᠨ ᠳᠠᠬᠢ ᠵᠠᠮ ᠬᠠᠷᠢᠯᠴᠠᠭᠠᠨ ᠤ ᠱᠤᠭᠤᠮ ᠢ ᠲᠥᠯᠥᠪᠵᠢᠭᠦᠯᠵᠦ᠂ ᠠᠵᠢᠯ ᠤᠨ ᠲᠤᠰᠬᠠᠢ ᠠᠩᠭᠢ ᠶᠢ ᠲᠣᠮᠢᠯᠠᠨ ᠰᠠᠭᠤᠯᠭᠠᠵᠤ᠂ ᠵᠠᠮ ᠬᠠᠷᠢᠯᠴᠠᠭᠠᠨ ᠤ | ᠬᠡᠷᠡᠭᠴᠡᠭᠡ ᠱᠠᠭᠠᠷᠳᠠᠯᠭ᠎ᠠ ᠶᠢ ᠪᠥᠬᠦ ᠬᠦᠴᠦᠨ ᠢᠶᠠᠷ ᠪᠠᠲᠤᠯᠠᠵᠤ᠂ ᠤᠷᠤᠯᠳᠤᠭᠠᠨ ᠤ ᠬᠤᠭᠤᠴᠠᠭᠠᠨ ᠳᠤ ᠨᠡᠶᠢᠲᠡᠯᠡᠭᠰᠡᠨ 4400 ᠭᠠᠷᠤᠢ ᠲᠡᠷᠭᠡ ᠤᠳᠠᠭ᠎ᠠ ᠲᠣᠮᠢᠯᠠᠨ᠂ | 13.7 ᠲᠦᠮᠡᠨ ᠬᠥᠮᠥᠨ ᠤᠳᠠᠭ᠎ᠠ ᠳᠤ ᠲᠦᠷᠭᠡᠨ ᠳᠥᠲᠡ ᠪᠥᠭᠡᠳ ᠥᠨᠳᠥᠷ ᠪᠦᠲᠦᠮᠵᠢᠲᠡᠢ ᠶᠠᠪᠤᠵᠤ ᠰᠠᠭᠤᠬᠤ ᠦᠢᠯᠡᠴᠢᠯᠡᠭᠡ ᠬᠠᠩᠭᠠᠪᠠ᠃ 2000 ᠰᠠᠶᠢᠨ | ᠳᠤᠷᠠᠴᠤᠳ ᠤᠨ ︽ᠮᠥᠰᠥ ᠴᠠᠰᠤᠨ ᠪᠦᠯᠬᠦᠮ︾ ᠨᠢ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ | ᠴᠤᠭᠯᠠᠭᠠᠨ ᠳᠤ ᠬᠠᠯᠠᠭᠤᠨ ᠦᠢᠯᠡᠴᠢᠯᠡᠭᠡ ᠬᠠᠩᠭᠠᠪᠠ᠃ ᠲᠤᠰᠬᠠᠢ ᠮᠡᠷᠭᠡᠵᠢᠯᠲᠡᠨ ᠢ ᠲᠣᠮᠢᠯᠠᠨ ᠰᠠᠭᠤᠯᠭᠠᠵᠤ᠂ ᠠᠯᠤᠰ ᠠᠴᠠ ᠬᠠᠮᠲᠤᠷᠠᠨ ᠣᠨᠣᠰᠢᠯᠠᠬᠤ᠂ ᠠᠭᠠᠷ ᠤᠨ | ᠲᠡᠭᠡᠭᠡᠪᠦᠷᠢ ᠪᠠᠷ ᠠᠪᠤᠷᠠᠨ ᠲᠤᠰᠠᠯᠠᠬᠤ ᠲᠣᠭᠲᠠᠴᠠ ᠶᠢ ᠪᠠᠶᠢᠭᠤᠯᠵᠤ᠂ ᠲᠣᠭᠲᠠᠭᠰᠠᠨ ᠴᠡᠭ ᠤᠨ ᠡᠮᠨᠡᠯᠭᠡ ᠶᠢᠨ ᠬᠤᠷᠢᠶ᠎ᠠ ᠶᠢ 23 ᠲᠣᠭᠲᠠᠭᠠᠵᠤ᠂ 980 ᠬᠥᠮᠥᠨ | ᠪᠦᠬᠦᠢ ᠤᠷᠤᠯᠳᠤᠭᠠᠨ ᠤ ᠡᠮᠴᠢᠯᠡᠭᠡᠨ ᠤ ᠪᠠᠲᠤᠯᠠᠭ᠎ᠠ ᠶᠢᠨ ᠡᠩᠨᠡᠭᠡ ᠶᠢ ᠵᠣᠬᠢᠶᠠᠨ ᠪᠠᠶᠢᠭᠤᠯᠪᠠ᠃ ᠳᠥᠷᠪᠡᠳᠦᠭᠡᠷ ᠳᠡᠰ ᠤᠨ ᠠᠮᠤᠷ ᠢ ᠬᠠᠮᠠᠭᠠᠯᠠᠬᠤ ᠵᠢᠯᠣᠭᠤᠳᠬᠤ | ᠰᠢᠰᠲ᠋ᠧᠮ ᠢ ᠪᠠᠶᠢᠭᠤᠯᠵᠤ᠂ ᠡᠳᠦᠷ ᠳᠤᠮᠳᠠᠴᠢ ᠪᠠᠷ 1800 ᠭᠠᠷᠤᠢ ᠬᠥᠮᠥᠨ ᠤᠳᠠᠭ᠎ᠠ ᠶᠢᠨ ᠴᠠᠭᠳᠠᠭᠠᠨ ᠤ ᠬᠦᠴᠦᠨ ᠲᠣᠬᠢᠷᠠᠭᠤᠯᠵᠤ᠂ ᠠᠮᠤᠷ ᠲᠦᠪᠰᠢᠨ | ᠲᠣᠭᠲᠠᠭᠤᠨ ᠤᠷᠤᠯᠳᠤᠭᠠᠨ ᠡᠷᠬᠢᠯᠡᠬᠦ ᠪᠠ ᠨᠡᠶᠢᠭᠡᠮ ᠤᠨ ᠣᠷᠴᠢᠨ ᠨᠥᠬᠦᠴᠡᠯ ᠢ ᠪᠣᠢ ᠪᠣᠯᠭᠠᠵᠠᠢ ᠭᠡᠪᠡ᠃ | ᠤᠯᠤᠰ ᠤᠨ ᠪᠡᠶ᠎ᠡ ᠶᠢᠨ ᠲᠠᠮᠢᠷ ᠤᠨ ᠶᠡᠷᠦᠩᠬᠡᠢ ᠲᠣᠪᠴᠢᠶ᠎ᠠ ᠶᠢᠨ ᠤᠷᠤᠯᠳᠤᠭᠠᠨ ᠤ ᠪᠡᠶ᠎ᠡ ᠶᠢᠨ ᠲᠠᠮᠢᠷ ᠤᠨ ᠵᠤᠷᠭᠠᠨ ᠤ ᠳᠠᠷᠤᠭ᠎ᠠ᠂ ᠠᠷᠪᠠᠨ ᠳᠥᠷᠪᠡᠳᠦᠭᠡᠷ | ᠬᠤᠭᠤᠴᠠᠭᠠᠨ ᠤ ᠪᠥᠬᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠤ ᠵᠣᠬᠢᠶᠠᠨ ᠪᠠᠶᠢᠭᠤᠯᠬᠤ ᠺᠣᠮᠢᠰ ᠤᠨ ᠪᠠᠶᠢᠩᠭᠤ ᠶᠢᠨ ᠳᠡᠳ᠋ ᠨᠠᠷᠢᠨ | ᠪᠢᠴᠢᠭ ᠤᠨ ᠳᠠᠷᠤᠭ᠎ᠠ ᠵᠠᠩ ᠰᠢᠨ ᠲᠠᠨᠢᠯᠴᠠᠭᠤᠯᠬᠤ ᠳᠠᠭᠠᠨ᠂ ᠲᠣᠰ ᠬᠤᠭᠤᠴᠠᠭᠠᠨ ᠤ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠨᠢ ᠠᠩᠬ᠎ᠠ ᠤᠳᠠᠭ᠎ᠠ ᠮᠤᠵᠢ | ᠣᠷᠣᠨ ᠬᠤᠲᠠ ᠪᠠᠷ ᠨᠢᠭᠡᠴᠢ ᠪᠣᠯᠭᠠᠨ ᠪᠦᠯᠬᠦᠮ ᠵᠣᠬᠢᠶᠠᠨ ᠪᠠᠶᠢᠭᠤᠯᠤᠨ ᠤᠷᠤᠯᠳᠤᠭᠠᠨ ᠳᠤ ᠣᠷᠣᠯᠴᠠᠵᠤ᠂ 35 ᠲᠥᠯᠥᠭᠡᠯᠡᠭᠴᠢᠳ ᠤᠨ ᠪᠦᠯᠬᠦᠮ ᠤᠨ ᠳᠣᠲᠣᠷ᠎ᠠ | 26 ᠲᠥᠯᠥᠭᠡᠯᠡᠭᠴᠢᠳ ᠤᠨ ᠪᠦᠯᠬᠦᠮ ᠠᠯᠲᠠᠨ ᠮᠧᠳᠠᠯ ᠣᠯᠵᠤ᠂ 30 ᠲᠥᠯᠥᠭᠡᠯᠡᠭᠴᠢᠳ ᠤᠨ ᠪᠦᠯᠬᠦᠮ ᠱᠠᠩᠨᠠᠯ ᠤᠨ ᠮᠧᠳᠠᠯ ᠣᠯᠵᠤ᠂ ᠠᠷᠪᠠᠨ ᠳᠥᠷᠪᠡᠳᠦᠭᠡᠷ | ᠬᠤᠭᠤᠴᠠᠭᠠᠨ ᠤ ᠪᠥᠬᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠳᠤ ᠣᠷᠣᠯᠴᠠᠭᠰᠠᠨ ᠲᠥᠯᠥᠭᠡᠯᠡᠭᠴᠢᠳ ᠤᠨ ᠪᠦᠯᠬᠦᠮ ᠤᠨ ᠲᠤᠭ᠎ᠠ᠂ ᠠᠯᠲᠠᠨ | ᠮᠧᠳᠠᠯ ᠱᠠᠩᠨᠠᠯ ᠤᠨ ᠮᠧᠳᠠᠯ ᠤᠨ ᠬᠠᠮᠤᠷᠤᠭᠰᠠᠨ ᠬᠡᠪᠴᠢᠶ᠎ᠡ ᠶᠡᠭᠡ ᠪᠠᠷ ᠳᠡᠭᠡᠭᠰᠢᠯᠡᠪᠡ᠃ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠡᠪᠦᠯ ᠤᠨ | ᠤᠯᠠᠷᠢᠯ ᠤᠨ ᠲᠠᠮᠢᠷ ᠤᠨ ᠴᠤᠭᠯᠠᠭᠠᠨ ᠢ ᠡᠷᠬᠢᠯᠡᠬᠦ ᠪᠠᠷ ᠳᠠᠮᠵᠢᠨ᠂ ᠬᠢᠷᠢ ᠲᠦᠪᠰᠢᠨ ᠢ ᠰᠢᠯᠭᠠᠨ ᠪᠠᠶᠢᠴᠠᠭᠠᠬᠤ᠂ ᠡᠩᠨᠡᠭᠡ ᠪᠠᠨ ᠳᠠᠪᠲᠠᠨ ᠪᠣᠯᠪᠠᠰᠤᠷᠠᠭᠤᠯᠬᠤ᠂ ᠰᠢᠨ᠎ᠡ | ᠬᠥᠮᠥᠨ ᠢ ᠢᠯᠡᠷᠡᠭᠦᠯᠬᠦ ᠪᠠ ᠣᠯᠢᠮᠫᠢᠺ ᠤᠨ ᠲᠠᠮᠢᠷ ᠤᠨ ᠴᠤᠭᠯᠠᠭᠠᠨ ᠤ ᠲᠠᠮᠢᠷᠴᠢᠳ ᠢ ᠪᠣᠯᠪᠠᠰᠤᠷᠠᠭᠤᠯᠬᠤ ᠵᠣᠷᠢᠯᠭ᠎ᠠ ᠳᠠᠭᠠᠨ ᠬᠦᠷᠴᠡᠢ ᠭᠡᠪᠡ᠃ |