2 ᠰᠠᠷ᠎ᠠ ᠶᠢᠨ 27 ᠤ ᠣᠷᠣᠢ᠂ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠬᠥᠯᠥᠨ | ᠪᠤᠶᠢᠷ ᠲᠤ ᠥᠨᠳᠥᠷᠯᠡᠪᠡ᠃ ᠤᠷᠤᠯᠳᠤᠭᠠᠨ ᠳᠤ ᠣᠷᠣᠯᠴᠠᠬᠰᠠᠨ ᠲᠠᠮᠢᠷᠴᠢᠨ᠂ ᠳᠠᠰᠬᠠᠯᠵᠢᠭᠤᠯᠤᠭᠴᠢ᠂ ᠠᠵᠢᠯᠲᠠᠨ ᠪᠣᠯᠣᠨ ᠵᠣᠴᠢᠨ ᠬᠥᠯᠥᠨ ᠪᠤᠶᠢᠷ ᠤᠨ ᠲᠣᠮᠣ | ᠲᠢᠶᠠᠳ᠋ᠷ ᠲᠤ ᠴᠤᠭᠯᠠᠷᠠᠵᠤ᠂ ᠲᠣᠰ ᠬᠤᠭᠤᠴᠠᠭᠠᠨ ᠤ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠲᠡᠭᠦᠰ ᠠᠮᠵᠢᠯᠲᠠ ᠣᠯᠣᠭᠰᠠᠨ ᠢ ᠪᠡᠯᠭᠡᠯᠡᠪᠡ᠃ | | | 2 ᠰᠠᠷ᠎ᠠ ᠶᠢᠨ 27 ᠤ ᠣᠷᠣᠢ᠂ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠬᠥᠯᠥᠨ | ᠪᠤᠶᠢᠷ ᠲᠤ ᠥᠨᠳᠥᠷᠯᠡᠪᠡ᠃ ᠲᠤᠰ ᠰᠣᠨᠢᠨ ᠤ ᠰᠤᠷᠪᠤᠯᠵᠢᠯᠠᠬᠴᠢ ᠮᠥᠩᠬᠡᠴᠢᠯᠠᠭᠤ ᠰᠡᠭᠦᠳᠡᠷᠯᠡᠪᠡ | ᠤᠯᠤᠰ ᠤᠨ ᠪᠡᠶ᠎ᠡ ᠶᠢᠨ ᠲᠠᠮᠢᠷ ᠤᠨ ᠶᠡᠷᠦᠩᠬᠡᠢ ᠲᠣᠪᠴᠢᠶ᠎ᠠ ᠶᠢᠨ ᠳᠠᠷᠤᠭ᠎ᠠ᠂ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠭᠤᠤ ᡁᠢ ᠳ᠋ᠠᠨ ᠪᠣᠯᠣᠨ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠪᠠᠶᠠᠷ ᠤᠨ ᠦᠭᠡ | ᠬᠡᠯᠡᠵᠡᠢ᠃ ᠯᠢᠶᠣᠤᠨᠢᠩ ᠮᠤᠵᠢ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠮᠤᠵᠢ ᠶᠢᠨ ᠳᠠᠷᠤᠭ᠎ᠠ ᠯᠢ ᠯᠧ ᠴᠧᠩ᠂ ᠮᠤᠵᠢ ᠶᠢᠨ ᠳᠡᠳ᠋ ᠳᠠᠷᠤᠭ᠎ᠠ ᠭᠦᠸᠧ ᠼᠠᠢ | ᠶᠦᠨ ᠬᠤᠷᠠᠯ ᠳᠤ ᠣᠷᠣᠯᠴᠠᠪᠠ᠃ | 20 ᠴᠠᠭ ᠠᠴᠠ ᠲᠡᠭᠦᠰᠬᠦ ᠶᠣᠰᠣᠯᠠᠯ ᠡᠬᠢᠯᠡᠵᠦ᠂ ᠶᠣᠰᠣᠯᠠᠯ ᠢ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠶᠣᠣ ᠶᠦᠩ ᠪᠦᠸᠧ ᠡᠷᠭᠢᠯᠡᠪᠡ᠃ ᠡᠯ᠎ᠡ | ᠲᠥᠯᠥᠭᠡᠯᠡᠭᠴᠢᠳ ᠤᠨ ᠪᠦᠯᠭᠦᠮ ᠡᠮᠬᠢ ᠳᠠᠷᠠᠭ᠎ᠠ ᠲᠠᠢ ᠲᠠᠯᠠᠪᠠᠢ ᠳᠤ ᠣᠷᠣᠵᠤ᠂ ᠲᠠᠯᠠᠪᠠᠢ ᠳᠠᠶᠠᠭᠠᠷ ᠢᠶᠠᠨ ᠪᠦᠭᠦᠳᠠ ᠨᠠᠶᠢᠷᠠᠮᠳᠠᠬᠤ ᠳᠤᠮᠳᠠᠳᠤ ᠠᠷᠠᠳ ᠤᠯᠤᠰ ᠤᠨ | ᠰᠦᠯᠳᠡ ᠳᠠᠭᠤᠤ ᠶᠢ ᠬᠠᠩᠭᠢᠨᠠᠲᠠᠯ᠎ᠠ ᠳᠠᠭᠤᠯᠠᠪᠠ᠃ | ᠤᠯᠤᠰ ᠤᠨ ᠪᠡᠶ᠎ᠡ ᠶᠢᠨ ᠲᠠᠮᠢᠷ ᠤᠨ ᠶᠡᠷᠦᠩᠬᠡᠢ ᠲᠣᠪᠴᠢᠶ᠎ᠠ ᠶᠢᠨ ᠳᠡᠳ᠋ ᠳᠠᠷᠤᠭ᠎ᠠ ᠵᠧᠦ ᠶᠢᠨ ᠴᠢᠶᠠᠩ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ | ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠳᠤ ᠣᠷᠣᠯᠴᠠᠬᠰᠠᠨ ᠲᠥᠯᠥᠭᠡᠯᠡᠭᠴᠢᠳ ᠤᠨ ᠪᠦᠯᠭᠦᠮ ᠳᠤ ᠪᠡᠶ᠎ᠡ ᠶᠢᠨ ᠲᠠᠮᠢᠷ ᠤᠨ ᠶᠣᠰᠣ ᠮᠣᠷᠠᠯ ᠤᠨ ᠱᠠᠩᠨᠠᠯ ᠪᠠ | ᠤᠷᠤᠯᠳᠤᠭᠠᠨ ᠳᠤ ᠣᠷᠣᠯᠴᠠᠬᠰᠠᠨ ᠳᠤᠷᠠᠰᠬᠠᠯ ᠤᠨ ᠱᠠᠩᠨᠠᠯ ᠣᠯᠭᠤᠬᠤ ᠲᠤᠬᠠᠢ ᠲᠣᠭᠲᠠᠭᠠᠯ ᠢ ᠤᠩᠰᠢᠨ ᠨᠡᠶᠢᠲᠡᠯᠡᠪᠡ᠃ ᠤᠯᠤᠰ ᠤᠨ ᠪᠡᠶ᠎ᠡ ᠶᠢᠨ ᠲᠠᠮᠢᠷ ᠤᠨ | ᠶᠡᠷᠦᠩᠬᠡᠢ ᠲᠣᠪᠴᠢᠶ᠎ᠠ ᠶᠢᠨ ᠳᠡᠳ᠋ ᠳᠠᠷᠤᠭ᠎ᠠ᠂ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ ᠸᠠᠩ ᠷᠦᠢ ᠯᠢᠶᠠᠨ ᠤᠯᠤᠰ ᠤᠨ ᠪᠡᠶ᠎ᠡ ᠶᠢᠨ ᠲᠠᠮᠢᠷ ᠤᠨ | ᠶᠡᠷᠦᠩᠬᠡᠢ ᠲᠣᠪᠴᠢᠶ᠎ᠠ ᠶᠢ ᠲᠥᠯᠥᠭᠡᠯᠡᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠳᠤᠷᠠᠰᠬᠠᠯ ᠤᠨ ᠪᠣᠳᠠᠰ ᠪᠡᠯᠡᠭᠯᠡᠪᠡ᠃ | ᠸᠠᠩ ᠯᠢ ᠰᠢᠶᠠ ᠪᠠᠶᠠᠷ ᠤᠨ ᠦᠭᠡ ᠳᠡᠭᠡᠨ᠂ ᠶᠡᠷᠦᠩᠬᠡᠢ ᠱᠦᠵᠢ ᠰᠢ ᠶᠢᠨ ᠫᠢᠩ ᠤᠨ ᠳᠣᠲᠣᠨᠣ ᠬᠠᠯᠠᠮᠵᠢᠯᠠᠯ ᠪᠠ ᠨᠠᠮ ᠤᠨ ᠲᠥᠪ ᠬᠤᠷᠢᠶ᠎ᠠ᠂ ᠲᠥᠷᠥ ᠶᠢᠨ | ᠶᠠᠪᠤᠳᠠᠯ ᠤᠨ ᠬᠤᠷᠢᠶ᠎ᠠ ᠶᠢᠨ ᠳᠡᠭᠡᠳᠦ ᠬᠡᠮᠵᠢᠶᠡᠨ ᠤ ᠴᠢᠬᠤᠯᠠᠴᠢᠯᠠᠯ᠂ ᠤᠯᠤᠰ ᠤᠨ ᠪᠡᠶ᠎ᠡ ᠶᠢᠨ ᠲᠠᠮᠢᠷ ᠤᠨ ᠶᠡᠷᠦᠩᠬᠡᠢ ᠲᠣᠪᠴᠢᠶ᠎ᠠ ᠶᠢᠨ ᠨᠢᠮᠪᠠᠢ ᠵᠢᠯᠣᠭᠤᠳᠤᠯᠭ᠎ᠠ | ᠳᠣᠣᠷ᠎ᠠ᠂ ᠪᠦᠭᠦ ᠲᠠᠮᠢᠷᠴᠢᠨ᠂ ᠳᠠᠰᠬᠠᠯᠵᠢᠭᠤᠯᠤᠭᠴᠢ᠂ ᠬᠢᠨᠠᠭᠴᠢ ᠬᠠᠮᠲᠤ ᠪᠠᠷ ᠴᠢᠷᠮᠠᠶᠢᠵᠤ᠂ ᠥᠷᠭᠡᠨ ᠣᠯᠠᠨ ᠦᠢᠯᠡᠴᠢᠯᠡᠭᠡᠨ ᠤ ᠪᠠᠲᠤᠯᠠᠭ᠎ᠠ ᠶᠢᠨ ᠠᠵᠢᠯᠲᠠᠨ ᠪᠠ | ᠨᠡᠶᠢᠭᠡᠮ ᠤᠨ ᠡᠯ᠎ᠡ ᠡᠲᠡᠭᠡᠳ ᠤᠨ ᠬᠢᠨ ᠠᠤᠭ᠎ᠠ ᠦᠢᠯᠡᠰ ᠢ ᠬᠠᠮᠲᠤ ᠪᠠᠷ ᠪᠦᠲᠦᠭᠡᠵᠦ᠂ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠡᠪᠦᠯ ᠤᠨ | ᠤᠯᠠᠷᠢᠯ ᠤᠨ ᠲᠠᠮᠢᠷ ᠤᠨ ᠴᠤᠭᠯᠠᠭᠠᠨ ᠲᠡᠭᠦᠰ ᠠᠮᠵᠢᠯᠲᠠ ᠣᠯᠵᠤ᠂ ᠤᠳᠠᠯ ᠦᠭᠡᠢ ᠥᠨᠳᠥᠷᠯᠡᠬᠦ ᠪᠣᠯᠣᠯ᠎ᠠ᠃ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶ᠎ᠠ ᠶᠢᠨ ᠱᠦᠵᠢ ᠰᠦᠨ ᠱᠤᠤ ᠴᠧᠩ ᠤᠨ ᠨᠠᠶᠢᠳᠠᠯᠭ᠎ᠠ ᠪᠠᠷ᠂ ᠪᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠤ | ᠡᠮᠦᠨ᠎ᠡ ᠠᠴᠠ ᠣᠷᠣᠨ ᠤ ᠳᠣᠲᠣᠨ᠎ᠠ ᠭᠠᠳᠠᠨᠠᠬᠢ ᠡᠯ᠎ᠡ ᠤᠷᠤᠯᠳᠤᠭᠠᠨ ᠤ ᠲᠣᠭᠤᠷᠢᠭ᠂ ᠪᠤᠢ ᠪᠦᠬᠦᠢ ᠣᠷᠣᠯᠴᠠᠭᠴᠢ᠂ ᠬᠤᠪᠢ ᠨᠡᠮᠡᠷᠢ ᠦᠵᠡᠭᠦᠯᠦᠭᠰᠡᠳ ᠲᠤ ᠴᠢᠩ | ᠰᠡᠳᠬᠢᠯ ᠤᠨ ᠲᠠᠯᠠᠷᠬᠠᠯ ᠢᠶᠠᠨ ᠳᠡᠪᠰᠢᠭᠦᠯᠵᠦ ᠪᠠᠶᠢᠨ᠎ᠠ︕ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ | ᠴᠤᠭᠯᠠᠭᠠᠨ ᠪᠣᠯ ᠮᠢᠯᠠᠨ ᠤ ᠡᠪᠦᠯ ᠤᠨ ᠤᠯᠠᠷᠢᠯ ᠤᠨ ᠣᠯᠢᠮᠫᠢᠺ ᠤᠨ ᠲᠠᠮᠢᠷ ᠤᠨ ᠴᠤᠭᠯᠠᠭᠠᠨ ᠠᠴᠠ ᠡᠮᠦᠨᠡᠬᠢ ᠨᠢᠭᠡ ᠤᠳᠠᠭ᠎ᠠ ᠶᠢᠨ ᠶᠡᠭᠡ ᠪᠣᠯᠪᠠᠰᠤᠷᠠᠯ᠂ ᠶᠡᠭᠡ | ᠰᠢᠯᠭᠠᠨ ᠪᠠᠶᠢᠴᠠᠭᠠᠯᠲᠠ ᠮᠥᠨ᠂ ᠮᠥᠨ ᠴᠦ ᠮᠠᠨ ᠤ ᠤᠯᠤᠰ ᠤᠨ ᠮᠥᠰᠥ ᠴᠠᠰᠤᠨ ᠤ ᠦᠢᠯᠡᠰ ᠤᠨ ᠬᠥᠭᠵᠢᠯᠲᠡ ᠳᠤ ᠣᠯᠳᠠᠬᠤᠶ᠎ᠠ ᠪᠡᠷᠬᠡ ᠠᠵᠠ ᠲᠣᠭᠢᠶᠠᠯ | ᠣᠯᠭᠤᠵᠠᠢ᠃ ᠥᠪᠥᠷ ᠮᠣᠩᠭᠤᠯ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠠᠵᠢᠯ ᠤᠨ ᠭᠤᠣᠯ ᠰᠢᠵᠢᠮ ᠪᠤᠯᠭᠠᠵᠤ᠂ ︽ᠭᠤᠷᠪᠠᠨ | ᠳ᠋ᠦᠩᠰᠢᠭᠤᠷ ᠬᠥᠮᠥᠨ ᠢ ᠲᠠᠶᠢᠴᠢᠯᠠᠨ ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠳᠤ ᠣᠷᠣᠯᠴᠠᠭᠤᠯᠬᠤ︾ ᠴᠢᠬᠤᠯᠠ ᠱᠠᠭᠠᠷᠳᠠᠯᠭ᠎ᠠ ᠶᠢ ᠪᠠᠲᠤ ᠴᠡᠭᠡᠵᠢᠯᠡᠵᠦ᠂ | ᠮᠥᠰᠥ ᠴᠠᠰᠤᠨ ᠤ ᠲᠠᠮᠢᠷ ᠤᠨ ᠬᠥᠳᠡᠯᠭᠡᠭᠡᠨ᠂ ᠮᠥᠰᠥ ᠴᠠᠰᠤᠨ ᠤ ᠠᠵᠤ ᠦᠢᠯᠡᠰ ᠢ ᠶᠡᠭᠡ ᠪᠠᠷ ᠬᠥᠭᠵᠢᠭᠦᠯᠵᠦ᠂ ᠪᠡᠶ᠎ᠡ ᠶᠢᠨ ᠲᠠᠮᠢᠷ ᠤᠨ ᠬᠦᠴᠦᠷᠬᠡᠭ ᠤᠯᠤᠰ ᠤᠨ | ᠪᠦᠲᠦᠭᠡᠨ ᠪᠠᠶᠢᠭᠤᠯᠤᠯᠲᠠ ᠳᠤ ᠨᠡᠩ ᠤᠯᠠᠨ ᠬᠦᠴᠦᠨ ᠴᠢᠳᠠᠯ ᠢᠶᠠᠨ ᠡᠷᠭᠦᠨ᠎ᠡ︕ ᠭᠡᠪᠡ᠃ | ᠭᠤᠤ ᡁᠢ ᠳ᠋ᠠᠨ ᠪᠠᠶᠠᠷ ᠤᠨ ᠦᠭᠡ ᠬᠡᠯᠡᠬᠦ ᠳᠡᠭᠡᠨ᠂ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ | ᠴᠤᠭᠯᠠᠭᠠᠨ ᠨᠢ ᠪᠦᠭᠦ ᠤᠯᠤᠰ ᠤᠨ ᠠᠷᠠᠳ ᠲᠦᠮᠡᠨ ᠳᠤ ᠨᠢᠭᠡ ᠬᠤᠭᠤᠴᠠᠭᠠᠨ ᠤ ᠭᠤᠶᠢᠳᠠ ᠰᠠᠶᠢᠬᠠᠨ᠂ ᠲᠥᠭᠦᠮ ᠠᠪᠰᠠᠷᠬᠠᠨ ᠪᠥᠭᠡᠳ ᠠᠮᠤᠷ ᠲᠦᠪᠰᠢᠨ᠂ | ᠪᠣᠬᠢᠷᠳᠤᠯ ᠦᠭᠡᠢ ᠠᠷᠠᠳ ᠲᠤ ᠠᠰᠢᠭ ᠬᠦᠷᠲᠡᠭᠡᠭᠰᠡᠨ ᠮᠥᠰᠥ ᠴᠠᠰᠤᠨ ᠤ ᠦᠪᠡᠳᠡᠭᠰᠢ ᠴᠤᠭᠯᠠᠭᠠᠨ ᠢ ᠳᠡᠯᠭᠡᠨ ᠦᠵᠡᠭᠦᠯᠵᠡᠢ᠂ ᠡᠨᠡ ᠨᠢ ᠪᠡᠭᠡᠵᠢᠩ ᠤᠨ ᠡᠪᠦᠯ ᠤᠨ | ᠤᠯᠠᠷᠢᠯ ᠤᠨ ᠣᠯᠢᠮᠫᠢᠺ ᠤᠨ ᠲᠠᠮᠢᠷ ᠤᠨ ᠴᠤᠭᠯᠠᠭᠠᠨ ᠤ ᠵᠣᠷᠢᠭ ᠰᠠᠨᠠᠭ᠎ᠠ ᠶᠢ ᠪᠠᠳᠠᠷᠠᠭᠤᠯᠤᠭᠰᠠᠨ ᠪᠦᠷᠢᠨ ᠲᠡᠭᠦᠯᠳᠡᠷ ᠢᠯᠡᠷᠡᠯ ᠪᠤᠯᠬᠤ ᠪᠥᠭᠡᠳ ᠪᠠᠰᠠ ᠴᠤ | ᠦᠨᠳᠦᠰᠦᠲᠡᠨ ᠨᠦᠭᠦᠳ ᠤᠨ ᠶᠠᠪᠤᠯᠴᠠᠭ᠎ᠠ ᠠᠭᠤᠰᠤᠯᠴᠠᠯ ᠢ ᠠᠬᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ | ᠴᠣᠭᠴᠠᠯᠠᠬᠤ ᠠᠮᠢᠳᠤᠯᠢᠭ ᠦᠢᠯᠡᠳᠦᠯᠭᠡ ᠮᠥᠨ᠃ ᠲᠠᠮᠢᠷ ᠤᠨ ᠴᠤᠭᠯᠠᠭᠠᠨ ᠨᠢ ᠥᠪᠥᠷ ᠮᠣᠩᠭᠤᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠠᠮᠵᠢᠯᠲᠠ | ᠪᠦᠲᠦᠮᠵᠢ᠂ ᠦᠨᠳᠦᠰᠦᠲᠡᠨ ᠤ ᠪᠦᠯᠬᠦᠮᠳᠡᠯ ᠤᠨ ᠡᠶ᠎ᠡ ᠵᠣᠬᠢᠴᠠᠯ᠂ ᠥᠨᠳᠥᠷ ᠲᠦᠪᠰᠢᠨ ᠪᠦᠬᠦᠢ ᠪᠡᠶ᠎ᠡ ᠶᠢᠨ ᠲᠠᠮᠢᠷ ᠤᠨ ᠴᠤᠭᠯᠠᠭᠠᠨ ᠢ ᠡᠷᠭᠢᠯᠡᠭᠦ ᠲᠦᠪᠰᠢᠨ᠂ ᠮᠥᠰᠥ | ᠴᠠᠰᠤᠨ ᠤ ᠪᠡᠶ᠎ᠡ ᠶᠢᠨ ᠲᠠᠮᠢᠷ ᠤᠨ ᠲᠥᠬᠦᠭᠡᠷᠦᠮᠵᠢ ᠶᠢᠨ ᠲᠡᠭᠦᠯᠳᠡᠷᠵᠢᠯ ᠪᠠ ᠴᠢᠳᠠᠪᠤᠷᠢᠲᠠᠨ ᠤ ᠥᠨᠢᠷ ᠪᠠᠶᠠᠯᠢᠭ ᠪᠠᠶᠢᠬᠤ ᠶᠢ ᠪᠦᠭᠦ ᠲᠠᠯ᠎ᠠ ᠪᠠᠷ ᠳᠡᠯᠭᠡᠨ ᠦᠵᠡᠭᠦᠯᠵᠦ᠂ | ᠳᠤᠮᠳᠠᠳᠤ ᠤᠯᠤᠰ ᠤᠨ ᠪᠡᠶ᠎ᠡ ᠶᠢᠨ ᠲᠠᠮᠢᠷ ᠤᠨ ᠬᠥᠭᠵᠢᠯᠲᠡ ᠶᠢᠨ ᠲᠡᠦᠬᠡᠨ ᠳᠤ ᠥᠩᠭᠡ ᠢᠯᠭᠠᠷᠠᠮ᠎ᠠ ᠤᠯᠠ ᠮᠥᠷ ᠢ ᠦᠯᠡᠳᠡᠭᠡᠬᠦ ᠨᠢ ᠯᠠᠪᠲᠠᠢ ᠶᠤᠮ᠃ ᠪᠢᠳᠡ | ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶ᠎ᠠ ᠶᠢᠨ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠰᠡᠳᠬᠢᠯ ᠨᠢᠭᠡᠳᠦᠨ | ᠬᠦᠴᠦ ᠪᠠᠨ ᠬᠠᠮᠲᠤᠳᠬᠠᠵᠤ᠂ ᠡᠷᠡᠮᠡᠬᠡᠶᠢᠯᠡᠨ ᠤᠷᠤᠭᠰᠢᠯᠠᠵᠤ᠂ ᠪᠡᠶ᠎ᠡ ᠶᠢᠨ ᠲᠠᠮᠢᠷ ᠤᠨ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ ᠶᠢ ᠬᠦᠴᠦᠯᠡᠨ | ᠠᠬᠢᠭᠤᠯᠵᠤ᠂ ᠤᠯᠤᠰ ᠢᠶᠠᠨ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠲᠤ ᠨᠡᠩ ᠶᠡᠭᠡ ᠰᠢᠨ᠎ᠡ | ᠬᠤᠪᠢ ᠨᠡᠮᠡᠷᠢ ᠦᠵᠡᠭᠦᠯᠦᠶ᠎ᠡ ᠭᠡᠵᠦ ᠢᠯᠡᠳᠬᠡᠪᠡ᠃ | ᠳᠠᠷᠠᠭ᠎ᠠ ᠨᠢ᠂ ᠭᠤᠤ ᡁᠢ ᠳ᠋ᠠᠨ᠄ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠷᠪᠠᠨ ᠳᠥᠷᠪᠡᠳᠦᠭᠡᠷ ᠬᠤᠭᠤᠴᠠᠭᠠᠨ ᠤ ᠡᠪᠦᠯ ᠤᠨ ᠤᠯᠠᠷᠢᠯ ᠤᠨ | ᠲᠠᠮᠢᠷ ᠤᠨ ᠴᠤᠭᠯᠠᠭᠠᠨ ᠲᠡᠭᠦᠰᠪᠡ ᠭᠡᠵᠦ ᠨᠡᠶᠢᠲᠡᠯᠡᠪᠡ᠃ ᠴᠤᠭᠯᠠᠭᠠᠨ ᠤ ᠲᠤᠭ ᠢ ᠠᠯᠭᠤᠷᠬᠠᠨ ᠪᠠᠭᠤᠯᠭᠠᠵᠤ᠂ 11 ᠡᠳᠦᠷ ᠳᠦᠷᠡᠯᠵᠡᠭᠰᠡᠨ ᠭᠤᠣᠯ ᠭᠠᠯ ᠪᠠᠮᠪᠠᠷ | ᠠᠭᠠᠵᠢᠮ ᠢᠶᠠᠷ ᠤᠨᠲᠠᠷᠠᠪᠠ᠃ | ᠲᠣᠰ ᠬᠤᠭᠤᠴᠠᠭᠠᠨ ᠤ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠳᠤ ᠨᠡᠶᠢᠲᠡ 31 ᠮᠤᠵᠢ ᠣᠷᠣᠨ ᠬᠤᠲᠠ᠂ ᠰᠢᠨᠵᠢᠶᠠᠩ ᠤᠨ ᠦᠢᠯᠡᠳᠪᠦᠷᠢᠯᠡᠯ | ᠪᠦᠲᠦᠭᠡᠨ ᠪᠠᠶᠢᠭᠤᠯᠤᠯᠲᠠ ᠶᠢᠨ ᠪᠢᠩᠲ᠋ᠤᠸᠠᠨ᠂ ᠰᠢᠶᠠᠩᠭᠠᠩ ᠣᠣᠮᠧᠨ ᠣᠷᠣᠨ᠂ ᠳᠤᠮᠳᠠᠳᠤ ᠤᠯᠤᠰ ᠤᠨ ᠴᠢᠯᠠᠭᠤᠨ ᠲᠣᠰᠣᠨ ᠤ ᠪᠡᠶ᠎ᠡ ᠶᠢᠨ ᠲᠠᠮᠢᠷ ᠤᠨ | ᠨᠡᠶᠢᠭᠡᠮᠯᠢᠭ ᠤᠨ 35 ᠲᠥᠯᠥᠭᠡᠯᠡᠭᠴᠢᠳ ᠤᠨ ᠪᠦᠯᠭᠦᠮ ᠤᠨ 3000 ᠭᠠᠷᠤᠢ ᠲᠠᠮᠢᠷᠴᠢᠨ ᠤᠷᠤᠯᠳᠤᠭᠠᠨ ᠤ ᠪᠡᠶ᠎ᠡ ᠶᠢᠨ ᠲᠠᠮᠢᠷ ᠪᠠ ᠪᠦᠯᠭᠦᠮ ᠤᠨ ᠲᠥᠷᠥᠯ ᠵᠦᠢᠯ ᠤᠨ | ᠤᠷᠤᠯᠳᠤᠭᠠᠨ ᠳᠤ ᠣᠷᠣᠯᠴᠠᠪᠠ᠃ ᠡᠯ᠎ᠡ ᠲᠥᠷᠥᠯ ᠵᠦᠢᠯ ᠤᠨ ᠮᠥᠰᠥ ᠴᠠᠰᠤᠨ ᠤ ᠲᠠᠮᠢᠷᠴᠢᠳ ᠡᠷᠡᠮᠡᠬᠡᠶᠢᠯᠡᠨ ᠲᠡᠮᠡᠴᠡᠵᠦ᠂ ᠥᠷᠢᠰᠦᠯᠳᠦᠭᠡᠨ ᠵᠠᠷᠯᠠᠵᠤ᠂ ᠲᠦᠷᠭᠡᠨ | ᠲᠡᠰᠢᠯᠲᠡ ᠶᠢᠨ ᠲᠥᠷᠥᠯ ᠵᠦᠢᠯ ᠳᠤ 1 ᠬᠥᠮᠥᠨ 1 ᠤᠳᠠᠭ᠎ᠠ 1 ᠲᠦᠷᠦᠯ ᠤᠨ ᠪᠦᠭᠦ ᠤᠯᠤᠰ ᠤᠨ ᠲᠡᠮᠳᠡᠭᠯᠡᠯ ᠢ ᠰᠢᠨᠡᠳᠬᠡᠵᠦ᠂ 2 ᠠᠩᠭᠢ 2 ᠤᠳᠠᠭ᠎ᠠ 1 | ᠲᠦᠷᠦᠯ ᠤᠨ ᠪᠦᠭᠦ ᠤᠯᠤᠰ ᠤᠨ ᠵᠠᠯᠠᠭᠤᠴᠤᠳ ᠤᠨ ᠲᠡᠮᠳᠡᠭᠯᠡᠯ ᠢ ᠰᠢᠨᠡᠳᠬᠡᠪᠡ᠃ | ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠤ ᠲᠤᠭ ᠢ ᠲᠤᠰᠢᠶᠠᠬᠤ ᠪᠠ ᠭᠥᠯᠢᠶᠡᠨ ᠠᠪᠬᠤ ᠶᠣᠰᠣᠯᠠᠯ ᠳᠡᠭᠡᠷ᠎ᠡ᠂ ᠸᠠᠩ ᠯᠢ ᠰᠢᠶᠠ ᠲᠠᠮᠢᠷ ᠤᠨ | ᠴᠤᠭᠯᠠᠭᠠᠨ ᠤ ᠲᠤᠭ ᠢ ᠬᠤᠷᠦ᠋ᠢᠯᠠᠵᠤ᠂ ᠲᠠᠷᠠᠭ᠎ᠠ ᠨᠢ ᠭᠤᠤ ᡁᠢ ᠳ᠋ᠠᠨ ᠳᠤ ᠭᠠᠷᠳᠠᠭᠤᠯᠵᠤ᠂ ᠭᠤᠤ ᡁᠢ ᠳ᠋ᠠᠨ ᠲᠠᠮᠢᠷ ᠤᠨ ᠴᠤᠭᠯᠠᠭᠠᠨ ᠤ ᠲᠤᠭ ᠢ ᠯᠢ ᠯᠧ ᠴᠧᠩ ᠳᠤ | ᠭᠠᠷᠳᠠᠭᠤᠯᠪᠠ᠃ ᠠᠷᠪᠠᠨ ᠲᠠᠪᠤᠳᠤᠭᠠᠷ ᠬᠤᠭᠤᠴᠠᠭᠠᠨ ᠤ ᠪᠦᠭᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ 2028 ᠣᠨ ᠳᠤ ᠯᠢᠶᠣᠤᠨᠢᠩ | ᠮᠤᠵᠢ ᠳᠤ ᠶᠠᠪᠤᠭᠳᠠᠬᠤ ᠪᠣᠯᠣᠨ᠎ᠠ᠃ | ᠪᠠᠶᠠᠷ ᠪᠠᠶᠠᠰᠬᠤᠯᠠᠩᠲᠤ ᠬᠥᠭᠵᠢᠮ ᠤᠨ ᠳᠤᠮᠳᠠ᠂ ᠤᠷᠠᠨ ᠰᠠᠶᠢᠬᠠᠨ ᠤ ᠲᠣᠬᠯᠠᠯᠲᠠ ᠡᠬᠢᠯᠡᠪᠡ᠃ ᠠᠷᠪᠠᠨ ᠲᠠᠪᠤᠳᠤᠭᠠᠷ ᠬᠤᠭᠤᠴᠠᠭᠠᠨ ᠤ ᠡᠪᠦᠯ ᠤᠨ | ᠤᠯᠠᠷᠢᠯ ᠤᠨ ᠲᠠᠮᠢᠷ ᠤᠨ ᠴᠤᠭᠯᠠᠭᠠᠨ ᠢ ᠳᠠᠭᠠᠭᠠᠨ ᠡᠷᠭᠢᠯᠡᠭᠦ ᠭᠠᠵᠠᠷ ᠯᠢᠶᠣᠤᠨᠢᠩ ᠮᠤᠵᠢ ︽ᠠᠭᠤᠯᠠ ᠤᠰᠤᠨ ᠤ ᠡᠪᠦᠯ ᠤᠨ ᠡᠭᠡᠰᠢᠭᠯᠢᠭ︾ ᠢ ᠭᠤᠶᠢᠳᠠ ᠰᠠᠶᠢᠬᠠᠨ | ᠲᠣᠭᠯᠠᠪᠠ᠃ ᠲᠠᠷᠠᠭ᠎ᠠ ᠨᠢ᠂ ︽ᠪᠢ ᠲᠠᠯ᠎ᠠ ᠨᠤᠲᠤᠭ ᠲᠠᠢ ᠪᠣᠯᠵᠤᠭ᠎ᠠ ᠲᠠᠢ︾ ᠭᠡᠬᠦ ᠭᠤᠣᠯ ᠰᠡᠳᠦᠪᠲᠦ ᠲᠣᠬᠯᠠᠯᠲᠠ ᠭᠤᠶᠢᠳᠠ ᠰᠠᠶᠢᠬᠠᠨ ᠶᠠᠪᠤᠭᠳᠠᠪᠠ᠃ ᠪᠥᠵᠢᠭ | ︽ᠤᠢ ᠰᠢᠭᠤᠢ ᠶᠢ ᠮᠡᠳᠡᠭᠴᠢ︾ ᠨᠢ ᠬᠥᠯᠥᠨ ᠪᠤᠶᠢᠷ ᠤᠨ ᠬᠥᠬᠡᠮᠳᠦᠭ ᠨᠣᠭᠤᠭᠠᠨ ᠠᠭᠤᠯᠠ ᠤᠰᠤ ᠪᠠ ᠠᠷᠠᠳ ᠤᠨ ᠵᠠᠩ ᠦᠢᠯᠡ ᠶᠢ ᠢᠯᠡᠷᠡᠭᠦᠯᠵᠦ᠂ | ᠦᠨᠳᠦᠰᠦᠲᠡᠨ ᠨᠦᠭᠦᠳ ᠤᠨ ᠠᠷᠠᠳ ᠲᠦᠮᠡᠨ ᠤ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ᠂ ᠦᠵᠡᠰᠬᠦᠯᠡᠩᠲᠦ ᠰᠠᠶᠢᠬᠠᠨ ᠥᠪᠥᠷ ᠮᠣᠩᠭᠤᠯ ᠢᠶᠠᠨ | ᠲᠦᠷᠭᠡᠳᠬᠡᠨ ᠪᠦᠲᠦᠭᠡᠨ ᠪᠠᠶᠢᠭᠤᠯᠬᠤ ᠠᠤᠭ᠎ᠠ ᠰᠠᠨᠠᠭ᠎ᠠ ᠡᠷᠡᠯᠬᠡᠭ ᠵᠣᠷᠢᠭ ᠢ ᠢᠯᠡᠳᠬᠡᠪᠡ᠃ ︽ᠴᠢ ᠮᠢᠨᠢ ᠳᠡᠷᠭᠡᠳᠡ ᠪᠠᠶᠢᠭ᠎ᠠ ᠪᠣᠯᠬᠤᠷ︾ ᠭᠡᠬᠦ ᠳᠠᠭᠤᠤ ᠪᠥᠵᠢᠭ ᠢᠶᠠᠷ | ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠤ ᠲᠥᠯᠥᠭᠡ ᠬᠠᠷᠠᠮ ᠦᠭᠡᠢ ᠵᠣᠷᠢᠭᠤᠯᠤᠭᠰᠠᠨ ᠪᠤᠢ | ᠪᠦᠬᠦᠢ ᠬᠥᠮᠥᠰ ᠲᠤ ᠬᠦᠨᠳᠦᠳᠬᠡᠯ ᠳᠡᠪᠰᠢᠭᠦᠯᠪᠡ᠃ ᠳᠠᠭᠤᠤ ︽ᠰᠢᠨ᠎ᠡ ᠭᠠᠷᠤᠭ᠎ᠠ︾ ᠨᠢ ᠮᠥᠰᠥ ᠴᠠᠰᠤᠨ ᠤ ᠲᠠᠮᠢᠷᠴᠢᠳ ᠤᠨ ᠰᠢᠨ᠎ᠡ ᠠᠶᠠᠨ ᠳᠠᠭᠠᠨ ᠮᠣᠷᠳᠠᠵᠤ᠂ | ᠰᠢᠨ᠎ᠡ ᠭᠡᠷᠡᠯ ᠰᠠᠴᠤᠷᠠᠩᠭᠤᠢ ᠬᠠᠭᠤᠳᠠᠰᠤ ᠶᠢ ᠦᠷᠭᠦᠯᠵᠢᠯᠡᠨ ᠪᠢᠴᠢᠭᠯᠡᠬᠦ ᠳᠤ ᠴᠢᠩ ᠰᠡᠳᠬᠢᠯ ᠤᠨ ᠵᠥᠩᠨᠡᠯ ᠳᠡᠪᠰᠢᠭᠦᠯᠪᠡ᠃ | ᠬᠠᠮᠤᠭ ᠤᠨ ᠰᠡᠭᠦᠯ ᠳᠤ᠂ ︽ᠲᠠᠯ᠎ᠠ ᠨᠤᠲᠤᠭ ᠲᠤ ᠵᠣᠭᠰᠣᠵᠤ ᠪᠡᠭᠡᠵᠢᠩ ᠢ ᠪᠠᠷᠠᠯᠠᠬᠤᠶ᠎ᠠ︾ ᠭᠡᠬᠦ ᠬᠥᠮᠥᠨ ᠢ ᠰᠣᠬᠲᠣᠷᠠᠭᠤᠯᠤᠮᠠ ᠳᠠᠭᠤᠤ ᠶᠢᠨ ᠳᠤᠮᠳᠠ | ᠣᠯᠠᠨ ᠢᠶᠠᠷ ᠢᠶᠠᠨ ᠰᠠᠯᠵᠤ ᠶᠠᠳᠠᠨ᠂ ᠬᠠᠷᠢᠯᠴᠠᠨ ᠵᠥᠩᠨᠡᠯ ᠳᠡᠪᠰᠢᠭᠦᠯᠵᠦ᠂ ᠳᠠᠷᠠᠭ᠎ᠠ ᠤᠳᠠᠭ᠎ᠠ ᠶᠢᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠳᠤ ᠳᠠᠭᠢᠨ | ᠠᠭᠤᠯᠵᠠᠬᠤ ᠶᠢᠨ ᠢᠷᠦᠭᠡᠯ ᠲᠠᠯᠪᠢᠯ᠎ᠠ᠃ |