ᠮᠠᠨ ᠤ ᠣᠷᠣᠨ ᠤ 9 ᠬᠤᠰᠢᠭᠤ ᠰᠢᠶᠠᠨ ᠲᠣᠭᠤᠷᠢᠭ 2023 ᠣᠨ ᠤ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠢ ᠲᠦᠭᠡᠮᠡᠯᠵᠢᠭᠦᠯᠬᠦ ᠲᠦᠭᠡᠮᠡᠯ ᠬᠠᠷᠠᠭᠠᠯᠵᠠᠯ ᠦᠵᠡᠭᠦᠯᠭᠦ ᠰᠢᠶᠠᠨ ᠢᠶᠠᠷ ᠰᠣᠩᠭᠤᠭᠳᠠᠪᠠ
ᠨᠡᠶᠢᠲᠡᠯᠡᠭᠰᠡᠨ ᠴᠠᠭ᠄
2024/3/12
     ᠣᠶᠢᠷ᠎ᠠ ᠳᠤ᠂ ᠰᠤᠷᠭᠠᠨ ᠬᠥᠮᠦᠵᠢᠯ ᠤᠨ ᠶᠠᠮᠤᠨ ᠮᠡᠳᠡᠭᠳᠡᠯ ᠳᠠᠷᠤᠮᠠᠯᠯᠠᠨ ᠲᠠᠷᠬᠠᠭᠠᠵᠤ᠂ 2023 ᠣᠨ ᠤ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠢ ᠲᠦᠭᠡᠮᠡᠯᠵᠢᠭᠦᠯᠬᠦ ᠲᠦᠭᠡᠮᠡᠯ ᠬᠠᠷᠠᠭᠠᠯᠵᠠᠯ ᠦᠵᠡᠭᠦᠯᠭᠦ ᠰᠢᠶᠠᠨ ︵ᠬᠤᠲᠠ᠂ ᠲᠣᠭᠤᠷᠢᠭ᠂ ᠬᠤᠰᠢᠭᠤ︶᠎ ᠤ ᠨᠡᠷᠡᠰ ᠢ ᠨᠡᠶᠢᠲᠡᠯᠡᠵᠦ᠂ ᠮᠠᠨ ᠤ ᠣᠷᠣᠨ ᠤ 9 ᠰᠢᠶᠠᠨ ︵ᠬᠤᠲᠠ᠂ ᠲᠣᠭᠤᠷᠢᠭ᠂ ᠬᠤᠰᠢᠭᠤ︶ ᠰᠣᠩᠭᠤᠭᠳᠠᠵᠤ᠂ ᠲᠤᠰ ᠲᠤᠰ᠂ ᠪᠤᠭᠤᠲᠤ ᠬᠤᠲᠠ ᠶᠢᠨ ᠰᠢᠭᠤᠶᠢᠲᠤ ᠲᠣᠭᠤᠷᠢᠭ᠂ ᠪᠠᠶᠠᠨ᠋ᠣ᠋ᠪᠣᠭ᠎ᠠ ᠠᠭᠤᠷᠬᠠᠢ ᠶᠢᠨ ᠲᠣᠭᠤᠷᠢᠭ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤ᠂ ᠤᠯᠠᠭᠠᠨᠬᠠᠳᠠ ᠬᠤᠲᠠ ᠶᠢᠨ ᠠᠷᠤ ᠬᠤᠷᠴᠢᠨ ᠬᠤᠰᠢᠭᠤ᠂ ᠤᠯᠠᠭᠠᠨᠴᠠᠪ ᠬᠤᠲᠠ ᠶᠢᠨ ᠯᠢᠶᠡᠩᠴᠧᠩ ᠰᠢᠶᠠᠨ᠂ ᠣᠷᠳᠣᠰ ᠬᠤᠳᠠ ᠶᠢᠨ ᠤᠳᠤᠭ ᠤᠨ ᠡᠮᠦᠨᠡᠲᠦ ᠬᠤᠰᠢᠭᠤ ᠪᠠ ᠦᠦᠰᠢᠨ ᠬᠤᠰᠢᠭᠤ᠂ ᠪᠠᠶᠠᠨᠨᠠᠭᠤᠷ ᠬᠤᠲᠠ ᠶᠢᠨ ᠤᠷᠠᠳ ᠤᠨ ᠬᠤᠶᠢᠲᠤ ᠬᠤᠰᠢᠭᠤ᠂ ᠦᠬᠠᠢ ᠬᠤᠲᠠ ᠶᠢᠨ ᠬᠠᠶᠢᠨᠠᠨ ᠲᠣᠭᠤᠷᠢᠭ ᠪᠣᠯᠣᠨ᠎ᠠ᠃     ᠮᠡᠳᠡᠭᠳᠡᠯ ᠳᠤ᠂ ᠡᠯ᠎ᠡ ᠭᠠᠵᠠᠷ ᠤᠨ ᠬᠢᠨ ᠢ ᠮᠤᠵᠢ ᠶᠢᠨ ᠬᠡᠪᠴᠢᠶᠡᠨ ᠳᠠᠬᠢ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠢ ᠲᠦᠭᠡᠮᠡᠯᠵᠢᠭᠦᠯᠬᠦ ᠲᠦᠭᠡᠮᠡᠯ ᠬᠠᠷᠠᠭᠠᠯᠵᠠᠯ ᠦᠵᠡᠭᠦᠯᠭᠦ ᠠᠵᠢᠯ ᠢ ᠨᠢᠭᠡᠳᠦᠯᠲᠡᠢ ᠲᠥᠯᠥᠪᠯᠡᠵᠦ᠂ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠢ ᠲᠦᠭᠡᠮᠡᠯᠵᠢᠭᠦᠯᠬᠦ ᠲᠦᠭᠡᠮᠡᠯ ᠬᠠᠷᠠᠭᠠᠯᠵᠠᠯ ᠦᠵᠡᠭᠦᠯᠭᠦ ᠰᠢᠶᠠᠨ ᠤ ᠵᠢᠱᠢᠶ᠎ᠡ ᠦᠵᠡᠭᠦᠯᠵᠦ ᠬᠥᠲᠥᠯᠥᠨ ᠳᠠᠭᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠱᠠᠩᠬᠠᠢ ᠬᠤᠲᠠ᠂ ᠰᠢᠨᠵᠢᠶᠠᠩ ᠤᠨ ᠤᠶᠢᠭᠤᠷ ᠤᠨ ᠥᠪᠡᠷᠲᠡᠭᠡᠨ ᠵᠠᠰᠠᠬᠤ ᠣᠷᠣᠨ ᠵᠢᠴᠢ ᠵᠧᠵᠢᠶᠠᠩ ᠮᠤᠵᠢ ᠶᠢᠨ ᠱᠣᠤᠰᠢᠩ ᠬᠤᠲᠠ ᠶᠢᠨ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠢ ᠲᠦᠭᠡᠮᠡᠯᠵᠢᠭᠦᠯᠬᠦ ᠲᠦᠭᠡᠮᠡᠯ ᠬᠠᠷᠠᠭᠠᠯᠵᠠᠯ ᠦᠵᠡᠭᠦᠯᠭᠦ ᠬᠥᠭᠵᠢᠯᠲᠡ ᠶᠢ ᠪᠦᠭᠦ ᠲᠠᠯ᠎ᠠ ᠪᠠᠷ ᠠᠬᠢᠭᠤᠯᠤᠭᠰᠠᠨ ᠨᠡᠶᠢᠲᠡᠯᠢᠭ ᠲᠤᠷᠰᠢᠯᠭ᠎ᠠ ᠶᠢ ᠰᠤᠷᠤᠯᠴᠠᠨ ᠯᠠᠪᠯᠠᠯᠲᠠ ᠪᠤᠯᠭᠠᠵᠤ᠂ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠢ ᠲᠦᠭᠡᠮᠡᠯᠵᠢᠭᠦᠯᠬᠦ ᠲᠦᠭᠡᠮᠡᠯ ᠬᠠᠷᠠᠭᠠᠯᠵᠠᠯ ᠦᠵᠡᠭᠦᠯᠭᠦ ᠠᠮᠤᠷ ᠲᠦᠪᠰᠢᠨ ᠴᠢᠨᠠᠷ ᠰᠠᠶᠢᠲᠠᠢ ᠬᠥᠭᠵᠢᠯᠲᠡ ᠶᠢ ᠴᠢᠨᠠᠭᠰᠢᠳᠠ ᠠᠬᠢᠭᠤᠯᠬᠤ ᠬᠡᠷᠡᠭᠲᠡᠢ ᠭᠡᠵᠦ ᠱᠠᠭᠠᠷᠳᠠᠪᠠ᠃
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ