ᠳᠠᠭᠤᠤ ᠬᠥᠭᠵᠢᠮᠲᠦ ᠵᠦᠴᠦᠭᠡ ︽ᠬᠢᠵᠠᠭᠠᠷ ᠲᠤ ᠭᠢᠯᠠᠯᠵᠠᠭᠰᠠᠨ ᠣᠳᠣᠳ︾ ᠢ ᠠᠩᠬ᠎ᠠ ᠲᠣᠭᠯᠠᠪᠠ
ᠨᠡᠶᠢᠲᠡᠯᠡᠭᠰᠡᠨ ᠴᠠᠭ᠄
2024/3/12
     ᠴᠤᠭᠯᠠᠷᠠᠪᠠᠯ ᠲᠦᠯᠦ ᠪᠣᠯᠣᠨ ᠠᠰᠠᠨ᠎ᠠ᠂ ᠲᠠᠷᠬᠠᠪᠠᠯ ᠤᠳᠤ ᠪᠣᠯᠣᠨ ᠭᠢᠯᠠᠯᠵᠠᠨ᠎ᠠ ᠁ ︽ᠬᠢᠵᠠᠭᠠᠷ ᠲᠤ ᠭᠢᠯᠠᠯᠵᠠᠭᠰᠠᠨ ᠣᠳᠣᠳ︾ ᠵᠦᠴᠦᠭᠡ ᠶᠢᠨ ᠦᠭᠡ ᠦᠵᠡᠭᠴᠢᠳ ᠤᠨ ᠣᠮᠤᠭ ᠵᠣᠷᠢᠭ ᠢ ᠬᠥᠪᠴᠢᠯᠡᠨ᠎ᠡ᠃ ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠤᠯᠠᠭᠠᠨᠮᠥ᠋ᠴᠢᠷ ᠲᠦᠷᠦᠭᠦᠬᠡᠨ ᠥᠪᠥᠷ ᠮᠣᠩᠭᠤᠯ ᠤᠨ ᠤᠯᠠᠨ ᠲᠦᠮᠡᠨ ᠤ ᠤᠷᠠᠯᠢᠭ ᠤᠨ ᠣᠷᠳᠣᠨ ᠳᠤ ᠥᠪᠡᠷ ᠤᠨ ᠵᠣᠬᠢᠶᠠᠨ ᠪᠦᠲᠦᠭᠡᠭᠰᠡᠨ ᠳᠠᠭᠤᠤ ᠬᠥᠭᠵᠢᠮᠲᠦ ᠵᠦᠴᠦᠭᠡ ︽ᠬᠢᠵᠠᠭᠠᠷ ᠲᠤ ᠭᠢᠯᠠᠯᠵᠠᠭᠰᠠᠨ ᠣᠳᠣᠳ︾ ᠢ ᠠᠩᠬ᠎ᠠ ᠲᠣᠭᠯᠠᠵᠤ᠂ ︽ᠬᠤᠪᠢᠰᠬᠠᠯᠲᠤ ᠤᠳᠬ᠎ᠠ ᠤᠷᠠᠯᠢᠭ ᠤᠨ ᠬᠥᠩᠭᠡᠨ ᠮᠣᠷᠢᠲᠤ ᠴᠡᠷᠢᠭ︾ ᠤᠨ ᠵᠣᠷᠢᠭ ᠰᠠᠨᠠᠭ᠎ᠠ ᠶᠢ ᠳᠠᠬᠢᠨᠲᠠ ᠣᠯᠠᠨ᠎ᠠ ᠳᠠᠭᠤᠷᠢᠰᠬᠠᠪᠠ᠃     2023 ᠣᠨ ᠳᠤ ᠪᠦᠭᠦ ᠣᠷᠣᠨ ᠤ ᠤᠯᠠᠭᠠᠨᠮᠥ᠋ᠴᠢᠷ ︽ᠤᠯᠠᠭᠠᠨᠮᠥ᠋ᠴᠢᠷ ᠬᠢᠯᠢ ᠬᠢᠵᠠᠭᠠᠷ ᠲᠤ ᠭᠦᠨᠵᠡᠭᠡᠶᠢᠷᠡᠬᠦ︾ ᠭᠤᠣᠯ ᠰᠡᠳᠦᠪᠲᠦ ᠲᠣᠬᠤᠨᠢᠭᠤᠯᠬᠤ ᠲᠣᠬᠯᠠᠯᠲᠠ ᠵᠢᠴᠢ ᠬᠠᠮᠲᠤᠷᠠᠯᠴᠠᠵᠤ ᠬᠠᠮᠲᠤ ᠪᠠᠷ ᠪᠠᠶᠢᠭᠤᠯᠬᠤ᠂ ᠵᠣᠬᠢᠶᠠᠨ ᠪᠦᠲᠦᠭᠡᠯᠭᠡ ᠶᠢᠨ ᠮᠠᠲ᠋ᠧᠷᠢᠶᠠᠯ ᠴᠤᠭᠯᠠᠭᠤᠯᠬᠤ ᠠᠵᠢᠯᠯᠠᠭ᠎ᠠ ᠥᠷᠨᠢᠭᠦᠯᠦᠭᠰᠡᠨ ᠢ ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠤᠯᠠᠭᠠᠨᠮᠥ᠋ᠴᠢᠷ ᠵᠣᠬᠢᠶᠠᠨ ᠪᠦᠲᠦᠭᠡᠯᠭᠡ ᠶᠢᠨ ᠪᠣᠷᠣ ᠮᠠᠲ᠋ᠧᠷᠢᠶᠠᠯ ᠢᠶᠠᠨ ᠪᠤᠯᠭᠠᠵᠤ᠂ ᠳᠠᠭᠤᠤ ᠬᠥᠭᠵᠢᠮᠲᠦ ᠵᠦᠴᠦᠭᠡ ︽ᠬᠢᠵᠠᠭᠠᠷ ᠲᠤ ᠭᠢᠯᠠᠯᠵᠠᠭᠰᠠᠨ ᠣᠳᠣᠳ︾ ᠢ ᠵᠣᠬᠢᠶᠠᠨ ᠪᠦᠲᠦᠭᠡᠭᠰᠡᠨ ᠪᠠᠶᠢᠨ᠎ᠠ᠃ ᠲᠣᠬᠯᠠᠯᠲᠠ ᠳᠤ ᠤᠯᠠᠭᠠᠨᠮᠥ᠋ᠴᠢᠷ ᠤᠨ ᠠᠬᠠᠮᠠᠳ᠂ ᠢᠳᠡᠷ᠂ ᠵᠠᠯᠠᠭᠤ ᠭᠤᠷᠪᠠᠨ ᠦᠶ᠎ᠡ ᠶᠢᠨ ᠭᠡᠰᠢᠭᠦᠳ ᠤᠨ ᠠᠳᠠᠯᠢ ᠪᠤᠰᠤ ᠰᠡᠳᠬᠢᠯ ᠤᠨ ᠥᠩᠭᠡᠷᠡᠯᠲᠡ ᠶᠢ ᠲᠣᠭᠠᠴᠢᠨ᠂ ᠤᠯᠠᠭᠠᠨᠮᠥ᠋ᠴᠢᠷ ᠤᠨ ᠴᠠᠭ ᠦᠶ᠎ᠡ ᠶᠢ ᠲᠠᠭᠠᠨ ᠪᠦᠭᠦ ᠲᠠᠯ᠎ᠠ ᠪᠠᠷ ᠤᠷᠤᠭᠰᠢᠯᠠᠵᠤ᠂ ᠵᠣᠷᠢᠭᠲᠠᠢ ᠪᠠᠷ ᠡᠭᠦᠷᠭᠡ ᠬᠠᠷᠢᠭᠤᠴᠠᠯᠭ᠎ᠠ ᠡᠭᠦᠷᠭᠡᠯᠡᠬᠦ ᠬᠠᠷᠢᠭᠤᠴᠠᠯᠭᠠᠲᠤ ᠰᠡᠳᠬᠢᠯᠭᠡ ᠶᠢ ᠢᠯᠡᠷᠡᠭᠦᠯᠬᠦ ᠶᠢᠨ ᠬᠠᠮᠲᠤ᠂ ᠤᠯᠠᠭᠠᠨᠮᠥ᠋ᠴᠢᠷ ᠤᠨ ᠭᠡᠰᠢᠭᠦᠳ ᠦᠨᠳᠦᠰᠦᠲᠡᠨ ᠨᠦᠭᠦᠳ ᠤᠨ ᠤᠯᠠᠨ ᠲᠦᠮᠡᠨ ᠢ ᠤᠷᠮᠠᠰᠢᠭᠤᠯᠤᠨ ᠵᠣᠷᠢᠭᠵᠢᠭᠤᠯᠵᠤ ᠬᠢᠯᠢ ᠬᠢᠵᠠᠭᠠᠷ ᠢ ᠪᠠᠬᠢᠵᠢᠭᠦᠯᠦᠨ ᠬᠢᠯᠢ ᠬᠢᠵᠠᠭᠠᠷ ᠢ ᠬᠥᠭᠵᠢᠭᠦᠯᠵᠦ ᠬᠢᠯᠢ ᠬᠢᠵᠠᠭᠠᠷ ᠢ ᠬᠦᠴᠦᠷᠬᠡᠭᠵᠢᠭᠦᠯᠬᠦ ᠳᠤᠮᠳᠠᠬᠢ ︽ᠬᠤᠪᠢᠰᠬᠠᠯᠲᠤ ᠤᠳᠬ᠎ᠠ ᠤᠷᠠᠯᠢᠭ ᠤᠨ ᠬᠥᠩᠭᠡᠨ ᠮᠣᠷᠢᠲᠤ ᠴᠡᠷᠢᠭ︾ ᠤᠨ ᠦᠢᠯᠡᠳᠦᠯ ᠢ ᠭᠦᠨᠵᠡᠭᠡᠢ ᠠᠭᠤᠳᠠᠯᠵᠤ᠂ ᠥᠪᠥᠷ ᠮᠣᠩᠭᠤᠯ ᠤᠨ ᠴᠡᠷᠢᠭ ᠠᠷᠠᠳ ᠬᠠᠮᠲᠤ ᠪᠠᠷ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠴᠣᠭᠴᠠᠯᠠᠨ᠂ ᠬᠢᠯᠢ ᠬᠢᠵᠠᠭᠠᠷ ᠤᠨ ᠬᠥᠭᠵᠢᠯ ᠴᠡᠴᠡᠭᠯᠡᠯ ᠢ ᠰᠠᠬᠢᠨ ᠪᠠᠷᠠᠯᠠᠭᠰᠠᠨ ᠦᠯᠢᠭᠡᠷ ᠢ ᠤᠷᠠᠯᠢᠭ ᠢᠶᠠᠷ ᠢᠯᠡᠷᠡᠭᠦᠯᠵᠡᠢ᠃     ︽ᠲᠤᠰ ᠵᠦᠴᠦᠭᠡ ᠶᠢ ᠪᠢᠳᠡ ᠵᠥᠪᠭᠡᠨ ᠰᠢᠭᠤᠳ ᠬᠠᠷᠢᠶ᠎ᠠ ᠤᠯᠠᠭᠠᠨᠮᠥ᠋ᠴᠢᠷ ᠲᠤ ᠵᠣᠷᠢᠭᠤᠯᠵᠤ ᠵᠣᠬᠢᠶᠠᠨ ᠪᠦᠲᠦᠭᠡᠭᠰᠡᠨ ᠪᠢᠰᠢ᠂ ᠡᠭᠦᠨ ᠢᠶᠠᠷ ᠲᠠᠮᠵᠢᠨ ᠪᠦᠭᠦ ᠣᠷᠣᠨ ᠤ ᠤᠯᠠᠭᠠᠨᠮᠥ᠋ᠴᠢᠷ ᠲᠤ ᠬᠦᠨᠳᠦᠳᠬᠡᠯ ᠳᠡᠪᠰᠢᠭᠦᠯᠵᠦ᠂ 8000 ᠭᠠᠷᠤᠢ ᠭᠠᠵᠠᠷ ᠤᠨ ᠬᠢᠯᠢ ᠶᠢᠨ ᠬᠠᠮᠠᠭᠠᠯᠠᠯᠲᠠ ᠶᠢᠨ ᠲᠥᠯᠥᠭᠡ ᠬᠦᠴᠦᠨ ᠵᠢᠳᠬᠦᠯ ᠢᠶᠠᠨ ᠦᠵᠡᠭᠦᠯᠦᠭᠰᠡᠨ ᠪᠠᠭᠠᠲᠤᠷᠴᠤᠳ ᠲᠤ ᠬᠦᠨᠳᠦᠳᠬᠡᠯ ᠳᠡᠪᠰᠢᠭᠦᠯᠵᠦ ᠪᠠᠶᠢᠭ᠎ᠠ ᠶᠤᠮ᠃ ᠶᠠᠭ ᠵᠦᠴᠦᠭᠡ ᠳᠤ ᠬᠡᠯᠡᠭᠰᠡᠨᠴᠢᠯᠡᠨ ︿ᠲᠤᠭ ᠢ ᠡᠷᠭᠦᠵᠦ ᠳᠡᠶᠢᠯᠭᠦ ᠡᠰᠡᠬᠦ ᠪᠣᠯ ᠴᠢᠳᠠᠪᠤᠷᠢ ᠶᠢᠨ ᠠᠰᠠᠭᠤᠳᠠᠯ᠂ ᠡᠷᠭᠦᠬᠦ ᠵᠣᠷᠢᠭ ᠪᠠᠶᠢᠬᠤ ᠡᠰᠡᠬᠦ ᠪᠣᠯ ᠢᠲᠡᠭᠡᠯ ᠪᠢᠰᠢᠷᠡᠯ ᠤᠨ ᠠᠰᠠᠭᠤᠳᠠᠯ ᠮᠥᠨ﹀ ᠭᠡᠬᠦ ᠦᠭᠡ ᠪᠣᠯ ᠪᠦᠭᠦ ᠣᠷᠣᠨ ᠤ ᠤᠯᠠᠭᠠᠨᠮᠥ᠋ᠴᠢᠷ  ᠤᠨ ᠡᠬᠡ ᠤᠯᠤᠰ᠂ ᠨᠠᠮ ᠪᠠ ᠠᠷᠠᠳ ᠲᠦᠮᠡᠨ ᠳᠡᠭᠡᠨ ᠣᠪᠣᠷ ᠢᠶᠠᠨ ᠢᠯᠡᠳᠬᠡᠭᠰᠡᠨ ᠦᠭᠡ ᠪᠤᠯᠬᠤ ᠶᠤᠮ︾ ᠭᠡᠵᠦ ᠲᠤᠰ ᠵᠦᠴᠦᠭᠡ ᠶᠢᠨ ᠶᠡᠷᠦᠩᠬᠡᠢ ᠤᠳᠤᠷᠢᠳᠤᠭᠠᠴᠢ ᠵᠤᠤ ᠭᠠᠩ ᠤᠴᠢᠷᠯᠠᠨ᠎ᠠ᠃
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ