ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠬᠤ ᠳᠤ ᠰᠢᠨ᠎ᠡ ᠶᠢ ᠡᠭᠦᠳᠬᠦ ᠴᠢᠬᠤᠯᠠᠲᠠᠢ
ᠨᠡᠶᠢᠲᠡᠯᠡᠭᠰᠡᠨ ᠴᠠᠭ᠄
2024/3/12
     ᠪᠣᠳᠠᠰ ᠤᠨ ᠪᠤᠰᠤ ᠰᠣᠶᠣᠯ ᠤᠨ ᠥᠪ ᠪᠣᠯ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠤᠨ ᠴᠢᠬᠤᠯᠠ ᠪᠦᠷᠢᠯᠳᠦᠭᠦᠨ ᠬᠡᠰᠡᠭ ᠪᠠᠶᠢᠵᠤ᠂ ᠳᠤᠮᠳᠠᠳᠤ ᠶᠢᠨ ᠪᠣᠯᠪᠠᠰᠤᠨ ᠢ ᠤᠯᠠᠮᠵᠢᠯᠠᠨ ᠵᠠᠯᠭᠠᠮᠵᠢᠯᠠᠬᠤ ᠶᠢᠨ ᠠᠮᠢᠳᠤᠯᠢᠭ ᠭᠡᠷᠡᠴᠢ ᠮᠥᠨ᠃ ᠪᠣᠳᠠᠰ ᠤᠨ ᠪᠤᠰᠤ ᠰᠣᠶᠣᠯ ᠤᠨ ᠥᠪ ᠢ ᠰᠠᠶᠢᠲᠤᠷ ᠬᠠᠮᠠᠭᠠᠯᠠᠵᠤ᠂ ᠰᠠᠶᠢᠲᠤᠷ ᠵᠠᠯᠭᠠᠮᠵᠢᠯᠠᠵᠤ᠂ ᠰᠠᠶᠢᠲᠤᠷ ᠠᠰᠢᠭᠯᠠᠬᠤ ᠨᠢ ᠲᠡᠦᠬᠡ ᠰᠣᠶᠣᠯ ᠤᠨ ᠰᠤᠳᠠᠰᠤ ᠶᠢ ᠦᠷᠭᠦᠯᠵᠢᠯᠡᠭᠦᠯᠬᠦ᠂ ᠰᠣᠶᠣᠯ ᠤᠨ ᠢᠲᠡᠭᠡᠯ ᠢ ᠪᠠᠲᠤᠳᠬᠠᠬᠤ᠂ ᠪᠣᠯᠪᠠᠰᠤᠨ ᠤ ᠰᠣᠯᠢᠯᠴᠠᠭ᠎ᠠ ᠲᠣᠯᠢᠳᠠᠯ ᠢ ᠠᠬᠢᠭᠤᠯᠬᠤ᠂ ᠨᠡᠶᠢᠭᠡᠮ ᠵᠢᠷᠤᠮ ᠤᠨ ᠰᠣᠶᠣᠯ ᠤᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃     ᠣᠶᠢᠷ᠎ᠠ ᠶᠢᠨ ᠵᠢᠯ ᠠᠴᠠ᠂ ᠦᠢᠯᠡᠳᠪᠦᠷᠢᠯᠡᠯ ᠠᠮᠢᠳᠤᠷᠠᠯ ᠤᠨ ᠠᠷᠭ᠎ᠠ ᠭᠡᠯᠪᠡᠷᠢ ᠶᠢᠨ ᠰᠢᠨ᠎ᠡ ᠬᠤᠪᠢᠷᠠᠯᠲᠠ ᠶᠢᠨ ᠡᠮᠦᠨ᠎ᠡ᠂ ᠮᠠᠰᠢ ᠤᠯᠠᠨ ᠪᠣᠳᠠᠰ ᠤᠨ ᠪᠤᠰᠤ ᠰᠣᠶᠣᠯ ᠤᠨ ᠥᠪ ᠤᠨ ᠲᠦᠷᠦᠯ ᠵᠦᠢᠯ ᠤᠨ ᠣᠷᠣᠰᠢᠨ ᠦᠷᠭᠦᠯᠵᠢᠯᠡᠬᠦ ᠣᠷᠴᠢᠨ ᠲᠣᠭᠤᠷᠢᠨ ᠳᠤ ᠬᠤᠪᠢᠷᠠᠯᠲᠠ ᠭᠠᠷᠪᠠ᠂ ᠡᠨᠡ ᠨᠢ ᠪᠣᠳᠠᠰ ᠤᠨ ᠪᠤᠰᠤ ᠰᠣᠶᠣᠯ ᠤᠨ ᠥᠪ ᠤᠨ ᠤᠯᠠᠮᠵᠢᠯᠠᠭᠴᠢᠳ ᠴᠠᠭ ᠦᠶ᠎ᠡ ᠶᠢᠨ ᠵᠣᠷᠢᠭ ᠰᠠᠨᠠᠭ᠎ᠠ ᠶᠢ ᠵᠠᠯᠭᠠᠮᠵᠢᠯᠠᠬᠤ᠂ ᠲᠥᠪ ᠶᠣᠰᠣ ᠶᠢ ᠪᠠᠷᠢᠮᠲᠠᠯᠠᠨ ᠰᠢᠨ᠎ᠡ ᠶᠢ ᠡᠭᠦᠳᠬᠦ᠂ ᠠᠮᠢᠳᠤᠯᠢᠭ ᠭᠡᠯᠪᠡᠷᠢ ᠪᠠᠷ ᠤᠯᠠᠮᠵᠢᠯᠠᠬᠤ ᠶᠢ ᠪᠠᠷᠢᠮᠲᠠᠯᠠᠭᠰᠠᠨ ᠠᠴᠠ ᠰᠠᠶ᠋ᠢ ᠡᠷᠲᠡᠨ ᠤ ᠪᠣᠳᠠᠰ ᠤᠨ ᠪᠤᠰᠤ ᠰᠣᠶᠣᠯ ᠤᠨ ᠥᠪ ᠤᠨ ᠰᠢᠨ᠎ᠡ ᠠᠮᠢᠵᠢᠷᠠᠯ ᠤᠨ ᠬᠦᠴᠦᠨ ᠢ ᠪᠠᠳᠠᠷᠠᠭᠤᠯᠵᠤ ᠴᠢᠳᠠᠭᠰᠠᠨ ᠶᠤᠮ᠃     ᠭᠡᠪᠡᠴᠦ᠂ ᠪᠣᠳᠠᠰ ᠤᠨ ᠪᠤᠰᠤ ᠰᠣᠶᠣᠯ ᠤᠨ ᠥᠪ ᠢ ᠤᠯᠠᠮᠵᠢᠯᠠᠬᠤ ᠪᠠ ᠬᠠᠮᠠᠭᠠᠯᠠᠬᠤ ᠳᠤ ᠵᠥᠪᠭᠡᠨ ᠴᠥᠭᠡᠨ ᠲᠣᠭᠠᠨ ᠤ ᠬᠥᠮᠥᠨ ᠳᠤ ᠲᠦᠰᠢᠭᠯᠡᠭᠡᠳ ᠪᠤᠯᠬᠤ ᠦᠭᠡᠢ᠂ ᠪᠣᠳᠠᠰ ᠤᠨ ᠪᠤᠰᠤ ᠰᠣᠶᠣᠯ ᠤᠨ ᠥᠪ ᠢ ᠡᠯ᠎ᠡ ᠲᠠᠯ᠎ᠠ ᠶᠢᠨ ᠬᠢᠨ ᠤ ᠬᠠᠮᠲᠤᠷᠠᠭᠰᠠᠨ ᠬᠦᠴᠦᠨ ᠳᠤ ᠤᠯᠠᠨ ᠠᠷᠭ᠎ᠠ ᠵᠠᠮ ᠢᠶᠠᠷ ᠶᠡᠭᠡ ᠪᠠᠷ ᠤᠯᠠᠮᠵᠢᠯᠠᠵᠤ᠂ ᠨᠡᠩ ᠤᠯᠠᠨ ᠬᠥᠮᠥᠰ ᠤᠨ ᠠᠩᠬᠠᠷᠤᠯ ᠢ ᠲᠠᠲᠠᠵᠤ᠂ ᠪᠣᠳᠠᠰ ᠤᠨ ᠪᠤᠰᠤ ᠰᠣᠶᠣᠯ ᠤᠨ ᠥᠪ ᠢ ᠣᠶᠢᠯᠠᠭᠠᠬᠤ᠂ ᠪᠣᠳᠠᠰ ᠤᠨ ᠪᠤᠰᠤ ᠰᠣᠶᠣᠯ ᠤᠨ ᠥᠪ ᠢ ᠬᠠᠶᠢᠷᠠᠯᠠᠬᠤ᠂ ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠬᠤ᠂ ᠨᠡᠶᠢᠭᠡᠮ ᠨᠡᠶᠢᠲᠡ ᠪᠠᠷ ᠢᠶᠠᠨ ᠥᠷᠭᠡᠨ ᠳᠡᠯᠭᠡᠷᠡᠩᠭᠦᠢ ᠪᠠᠷ ᠣᠷᠤᠯᠴᠠᠬᠤ᠂ ᠬᠥᠮᠥᠨ ᠪᠦᠭᠦᠨ ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠵᠤ ᠤᠯᠠᠮᠵᠢᠯᠠᠬᠤ ᠰᠠᠶᠢᠨ ᠰᠠᠶᠢᠬᠠᠨ ᠪᠠᠶᠢᠳᠠᠯ ᠢ ᠪᠤᠢ ᠪᠤᠯᠭᠠᠬᠤ ᠴᠢᠬᠤᠯᠠᠲᠠᠢ᠃     ᠪᠣᠳᠠᠰ ᠤᠨ ᠪᠤᠰᠤ ᠰᠣᠶᠣᠯ ᠤᠨ ᠥᠪ ᠤᠨ ᠰᠢᠨ᠎ᠡ ᠶᠢ ᠡᠭᠦᠳᠬᠦ ᠪᠠ ᠤᠯᠠᠷᠢᠭᠤᠯᠬᠤ ᠶᠢᠨ ᠭᠤᠣᠯᠳᠠᠯᠭ᠎ᠠ ᠪᠣᠯ ᠳᠤᠮᠳᠠᠳᠤ ᠶᠢᠨ ᠦᠨᠳᠦᠰᠦᠲᠡᠨ ᠤ ᠦᠵᠡᠯ ᠰᠠᠨᠠᠭ᠎ᠠ ᠣᠶᠢᠯᠠᠭᠠᠭᠳᠠᠬᠤᠨ ᠵᠢᠴᠢ ᠰᠣᠶᠣᠯ ᠤᠨ ᠵᠣᠷᠢᠭ ᠰᠠᠨᠠᠭ᠎ᠠ ᠶᠢ ᠤᠯᠠᠮᠵᠢᠯᠠᠨ ᠵᠠᠯᠭᠠᠮᠵᠢᠯᠠᠬᠤ ᠶᠢᠨ ᠤᠯᠠᠮ ᠠᠴᠠ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠨᠡᠩ ᠰᠠᠶᠢᠲᠤᠷ ᠤᠯᠠᠮᠵᠢᠯᠠᠨ ᠵᠠᠯᠭᠠᠮᠵᠢᠯᠠᠬᠤ ᠶᠠᠪᠤᠳᠠᠯ ᠮᠥᠨ᠃ ᠶᠠᠭᠤ ᠴᠤ ᠭᠡᠰᠡᠨ ᠰᠢᠨ᠎ᠡ ᠶᠢ ᠡᠭᠦᠳᠬᠦ ᠳᠤ ᠴᠥᠮ ᠪᠣᠳᠠᠰ ᠤᠨ ᠪᠤᠰᠤ ᠰᠣᠶᠣᠯ ᠤᠨ ᠥᠪ ᠤᠨ ᠳᠣᠲᠣᠭᠠᠳᠤ ᠶᠢᠨ ᠰᠣᠶᠣᠯ ᠤᠨ ᠠᠭᠤᠯᠤᠭᠳᠠᠬᠤᠨ ᠢ ᠰᠤᠳᠤᠯᠤᠭᠰᠠᠨ ᠰᠠᠭᠤᠷᠢᠨ ᠳᠡᠭᠡᠷ᠎ᠡ ᠲᠡᠭᠦᠨ ᠢ ᠤᠯᠠᠮᠵᠢᠯᠠᠯ ᠤᠨ ᠬᠢ ᠪᠤᠯᠭᠠᠬᠤ᠂ ᠠᠮᠢᠳᠤᠷᠠᠯ ᠤᠨ ᠬᠢ ᠪᠤᠯᠭᠠᠬᠤ ᠭᠡᠷᠡᠭᠲᠡᠶ; ᠢᠵᠠᠭᠤᠷ ᠤᠷᠠᠯᠢᠭ ᠤᠨ ᠭᠤᠣᠯ ᠴᠢᠮᠦᠭᠡ ᠪᠠᠨ ᠦᠯᠦ ᠠᠯᠳᠠᠬᠤ ᠰᠠᠭᠤᠷᠢᠨ ᠳᠡᠭᠡᠷ᠎ᠡ ᠤᠯᠠᠨ ᠬᠥᠮᠥᠰ ᠤᠨ ᠰᠠᠶᠢᠨ ᠲᠠᠢ ᠲᠠᠯ᠎ᠠ ᠶᠢ ᠥᠷᠭᠡᠨ ᠢᠶᠠᠷ ᠰᠢᠩᠭᠡᠬᠡᠨ ᠠᠪᠴᠤ᠂ ᠰᠢᠨ᠎ᠡ ᠶᠢ ᠡᠭᠦᠳᠦᠨ ᠬᠥᠭᠵᠢᠭᠦᠯᠵᠦ᠂ ᠡᠷᠲᠡᠨ ᠤ ᠪᠣᠳᠠᠰ ᠤᠨ ᠪᠤᠰᠤ ᠰᠣᠶᠣᠯ ᠤᠨ ᠥᠪ ᠢ ᠤᠳᠤ ᠦᠶ᠎ᠡ ᠶᠢᠨ ᠨᠡᠶᠢᠭᠡᠮ ᠳᠤ ᠠᠮᠢᠵᠢᠷᠠᠯ ᠤᠨ ᠬᠦᠴᠦᠨ ᠲᠠᠢ ᠪᠣᠯᠭᠠᠪᠠᠯ ᠵᠣᠬᠢᠨ᠎ᠠ᠃
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ