ᠣᠶᠢᠷ᠎ᠠ ᠳᠤ᠂ ᠪᠦᠬᠦ ᠬᠤᠲᠠ ᠶᠢᠨ ᠠᠩᠬᠠᠳᠠᠭᠴᠢ 24 ᠴᠠᠭ ᠡᠭᠦᠳᠡ ᠪᠠᠨ ᠬᠠᠭᠠᠳᠠᠭ ᠦᠭᠡᠢ ᠨᠣᠮ ᠤᠨ ᠪᠠᠭᠠᠷ ᠠᠰᠢᠭᠯᠠᠯᠲᠠ ᠳᠤ ᠣᠷᠣᠪᠠ᠃ | ᠲᠤᠰ ᠨᠣᠮ ᠤᠨ ᠪᠠᠭᠠᠷ ᠨᠢ ᠳ᠋ᠦᠩᠱᠧᠩ ᠲᠤᠭᠤᠷᠢᠭ ᠤᠨ ᠯᠢᠨ ᠶᠢᠨ ᠵᠡᠭᠡᠯᠢ ᠭᠤᠳᠤᠮᠵᠢ ᠶᠢᠨ ᠸᠧᠨ ᠶᠤᠸᠠᠨ ᠨᠡᠶᠢᠬᠡᠮ ᠲᠤᠭᠤᠷᠢᠭ ᠲᠤ ᠪᠠᠶᠢᠷᠢᠯᠠᠵᠤ᠂ | ᠣᠯᠠᠨ ᠨᠡᠶᠢᠲᠡ ᠶᠢᠨ ᠤᠩᠰᠢᠯᠭ᠎ᠠ ᠶᠢᠨ ᠲᠤᠭᠤᠷᠢᠭ᠂ ᠬᠡᠦᠬᠡᠳ ᠤᠨ ᠤᠩᠰᠢᠯᠭ᠎ᠠ ᠶᠢᠨ ᠲᠤᠭᠤᠷᠢᠭ᠂ ᠡᠯᠧᠺᠲᠷᠤᠨ ᠤᠩᠰᠢᠯᠭ᠎ᠠ ᠶᠢᠨ ᠲᠤᠭᠤᠷᠢᠭ ᠵᠡᠷᠭᠡ ᠣᠯᠠᠨ | ᠤᠩᠰᠢᠯᠭ᠎ᠠ ᠶᠢᠨ ᠲᠤᠭᠤᠷᠢᠭ ᠲᠠᠢ ᠪᠠᠶᠢᠵᠤ᠂ ᠡᠯ᠎ᠡ ᠲᠥᠷᠥᠯ ᠤᠨ ᠨᠣᠮ ᠳᠡᠪᠲᠡᠷ ᠢ 1500 ᠭᠠᠷᠤᠢ ᠳᠣᠬᠢᠷᠠᠭᠤᠯᠵᠤ᠂ 24 ᠴᠠᠭ ᠲᠤ ᠪᠦᠷ ᠬᠠᠷᠠᠵᠤ ᠰᠠᠬᠢᠬᠤ | ᠬᠦᠮᠦᠨ ᠦᠭᠡᠢ ᠪᠠᠶᠢᠵᠤ᠂ ᠥᠪᠡᠰᠦᠪᠡᠨ ᠦᠢᠯᠡᠴᠢᠯᠡᠭᠡ ᠬᠠᠩᠭᠠᠳᠠᠭ᠃ | 28 ᠨᠠᠰᠤᠲᠠᠢ ᠵᠧᠦ ᠰᠢᠦᠢ ᠶᠢᠩ ᠪᠤᠯ ᠳ᠋ᠦᠩᠱᠧᠩ ᠲᠤᠭᠤᠷᠢᠭ ᠤᠨ ᠰᠠᠭᠤᠭᠠᠯᠢ ᠠᠷᠠᠳ ᠪᠤᠯᠤᠨ᠎ᠠ᠃ ᠲᠡᠷᠡ ᠴᠡᠴᠡᠷᠯᠢᠭ ᠤᠨ ᠪᠠᠭᠰᠢ ᠰᠢᠯᠭᠠᠭᠤᠯᠬᠤ ᠪᠠᠷ | ᠳᠠᠪᠲᠠᠵᠤ ᠪᠠᠶᠢᠬᠤ ᠪᠤᠯᠬᠤᠷ᠄ ︽ᠪᠢ ᠦᠷᠭᠦᠯᠵᠢ ᠡ᠊ᠨᠳᠡ ᠢᠷᠡᠵᠤ ᠤᠳᠠᠭᠠᠨ ᠴᠠᠭ ᠢᠶᠠᠷ ᠰᠠᠭᠤᠵᠤ ᠪᠠᠶᠢᠨ᠎ᠠ᠃ ᠡ᠊ᠨᠳᠡ ᠨᠠᠮ ᠵᠢᠮ ᠮᠥᠷᠲᠡᠭᠡᠨ ᠡᠳᠦᠷ ᠰᠥᠨᠢ ᠦᠭᠡᠢ | ᠡᠭᠦᠳᠡ ᠪᠠᠨ ᠬᠠᠭᠠᠳᠠᠭ ᠦᠭᠡᠢ ᠦᠢᠯᠡᠴᠢᠯᠡᠭᠡ ᠬᠠᠩᠭᠠᠳᠠᠭ ᠤᠴᠢᠷ ᠠᠴᠠ ᠪᠢᠳᠠᠨ ᠳᠤ ᠲᠤᠩ ᠳᠥᠬᠦᠮ ᠦᠵᠡᠭᠦᠯᠵᠡᠢ︾ ᠭᠡᠯᠡ᠃ ᠸᠧᠨ ᠶᠤᠸᠠᠨ ᠨᠡᠶᠢᠬᠡᠮ | ᠲᠤᠭᠤᠷᠢᠭ ᠤᠨ ᠨᠠᠮ ᠤᠨ ᠡᠭᠦᠷ ᠤᠨ ᠱᠦᠵᠢ ᠯᠢᠤ ᠰᠢᠶᠤᠤ ᠯᠢ ᠰᠤᠷᠪᠤᠯᠵᠢᠯᠠᠭ᠎ᠠ ᠬᠦᠯᠢᠶᠡᠵᠤ ᠶᠠᠷᠢᠬᠤ ᠳᠠᠭᠠᠨ᠄ ︽ᠣᠶᠢᠷ᠎ᠠ ᠬᠠᠪᠢ ᠪᠠᠷ ᠰᠤᠷᠭᠠᠭᠤᠯᠢ ᠣᠯᠠᠨ | ᠪᠠᠶᠢᠳᠠᠭ ᠤᠴᠢᠷ ᠠᠴᠠ ᠰᠤᠷᠭᠠᠭᠤᠯᠢ ᠶᠢᠨ ᠬᠡᠦᠬᠡᠳ ᠲᠤ ᠲᠠᠪᠲᠠᠯᠭ᠎ᠠ ᠶᠢᠨ ᠰᠠᠶᠢᠨ ᠣᠷᠴᠢᠨ ᠲᠤᠭᠤᠷᠢᠨ ᠢ ᠬᠠᠩᠭᠠᠬᠤ ᠪᠠ ᠬᠤᠲᠠ ᠶᠢᠨ ᠠᠷᠠᠳ ᠤᠨ ᠤᠩᠰᠢᠯᠭ᠎ᠠ | ᠶᠢᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠬᠤ ᠵᠤᠷᠢᠯᠭ᠎ᠠ ᠪᠠᠷ ᠲᠤᠰ ᠨᠣᠮ ᠤᠨ ᠪᠠᠭᠠᠷ ᠢ ᠨᠡᠭᠡᠭᠡᠭᠰᠡᠨ ᠶᠤᠮ᠃ ᠳᠠᠷᠠᠭ᠎ᠠ ᠠᠯᠬᠤᠮ ᠳᠤ ᠪᠢᠳᠠ ᠰᠢᠨᠬᠤᠸᠠ ᠨᠣᠮ ᠤᠨ | ᠳᠡᠯᠭᠡᠭᠦᠷ ᠵᠡᠷᠭᠡ ᠭᠠᠵᠠᠷ ᠲᠠᠢ ᠨᠢᠭᠲᠠ ᠬᠠᠮᠵᠢᠯᠴᠠᠬᠤ ᠪᠠᠷ ᠳᠠᠮᠵᠢᠨ ᠨᠡᠩ ᠴᠢᠨᠠᠷ ᠰᠠᠶᠢᠲᠠᠢ ᠨᠣᠮ ᠳᠡᠪᠲᠡᠷ ᠢ ᠣᠷᠣᠭᠤᠯᠤᠨ ᠠᠪᠴᠢᠷᠠᠵᠤ᠂ ᠣᠯᠠᠨ ᠨᠡᠶᠢᠲᠡ ᠶᠢᠨ | ᠤᠩᠰᠢᠯᠭ᠎ᠠ ᠳᠤ ᠨᠡᠩ ᠰᠠᠶᠢᠨ ᠦᠢᠯᠡᠴᠢᠯᠡᠨ᠎ᠡ︾ ᠭᠡᠵᠤ ᠪᠠᠶᠢᠯ᠎ᠠ᠃ | | | | | |