ᠣᠲᠤᠭ ᠤᠨ ᠡᠮᠦᠨᠡᠲᠦ ᠬᠤᠰᠢᠭᠤ ᠰᠢᠨᠵᠢᠯᠡᠬᠦ ᠤᠬᠠᠭᠠᠨ ᠮᠡᠷᠭᠡᠵᠢᠯ ᠢᠶᠠᠷ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠢ ᠠᠬᠢᠭᠤᠯᠵᠤ ᠪᠠᠶᠢᠨ᠎ᠠ
ᠨᠡᠶᠢᠲᠡᠯᠡᠭᠰᠡᠨ ᠴᠠᠭ᠄
2024/3/13
      ᠣᠶᠢᠷ᠎ᠠ ᠶᠢᠨ ᠡᠳᠦᠷ᠂ ᠣᠲᠤᠭ ᠤᠨ ᠡᠮᠦᠨᠡᠲᠦ ᠬᠤᠰᠢᠭᠤᠨ ᠤ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠬᠡᠮᠯᠢᠭ ᠤᠨ ᠬᠢᠨ ᠲᠠᠷᠢᠶᠠᠯᠠᠩ ᠮᠠᠯ ᠠᠵᠤ ᠠᠬᠤᠢ ᠎ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠤᠰᠬᠠᠢ ᠮᠡᠷᠭᠡᠵᠢᠯᠲᠡᠨ ᠢ ᠵᠤᠬᠢᠶᠠᠨ ᠪᠠᠶᠢᠭᠤᠯᠤᠨ ᠲᠠᠷᠢᠶᠠᠨ ᠭᠠᠵᠠᠷ ᠲᠤ ᠭᠦᠨᠵᠡᠭᠡᠶᠢᠷᠡᠵᠤ᠂ ᠬᠠᠪᠤᠷ ᠤᠨ ᠲᠠᠷᠢᠶᠠᠯᠠᠭ᠎ᠠ ᠎ ᠶᠢᠨ ᠪᠡᠯᠡᠳᠬᠡᠯ ᠠᠵᠢᠯ ᠳᠤ ᠬᠦᠴᠦᠨ ᠨᠡᠮᠡᠷᠢᠯᠡᠵᠤ᠂ ᠰᠢᠨᠵᠢᠯᠡᠬᠦ ᠤᠬᠠᠭᠠᠨ ᠮᠡᠷᠭᠡᠵᠢᠯ ᠢᠶᠠᠷ ᠲᠠᠷᠢᠶᠠᠯᠠᠩ ᠮᠠᠯ ᠠᠵᠤ ᠠᠬᠤᠢ ᠶᠢ ᠬᠥᠭᠵᠢᠭᠦᠯᠦᠨ᠂ ᠮᠠᠯᠴᠢᠨ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠶᠢ ᠠᠬᠢᠭᠤᠯᠵᠤ ᠪᠠᠶᠢᠨ᠎ᠠ᠃
微信图片_20240313115753.png
      ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠲᠤᠰᠬᠠᠢ ᠮᠡᠷᠭᠡᠵᠢᠯᠲᠡᠨ ᠤ ᠪᠦᠯᠬᠦᠮ ᠤᠷᠢᠳ ᠬᠤᠵᠢᠳ ᠨᠠᠩᠰᠤ ᠪᠠᠯᠭᠠᠰᠤ ᠶᠢᠨ ᠬᠠᠷᠭᠠᠨ᠎ᠠ ᠎ ᠶᠢᠨ ᠠᠵᠤ ᠦᠢᠯᠡᠰ ᠤᠨ ᠰᠤᠳᠤᠯᠤᠨ ᠨᠡᠭᠡᠭᠡᠬᠦ ᠲᠥᠪ᠂ ᠪᠠᠶᠠᠠᠬᠤᠷᠠᠬᠤ ᠭᠠᠴᠠᠭ᠎ᠠ ᠶᠢᠨ ᠨᠤᠲᠤᠭ ᠤᠨ ᠴᠢᠳᠠᠪᠤᠷᠢᠲᠠᠨ ᠤ ᠠᠵᠢᠯ ᠤᠨ ᠥᠷᠲᠡᠭᠡ᠂ ᠮᠢᠬᠠᠨ ᠬᠤᠨᠢᠨ ᠤ ᠬᠡᠭᠡᠯᠲᠦᠭᠦᠯᠭᠡ ᠶᠢᠨ ᠡᠭᠦᠯᠳᠡᠷ ᠰᠠᠶᠢᠵᠢᠷᠠᠭᠤᠯᠬᠤ ᠥᠷᠲᠡᠭᠡ ᠳᠤ ᠬᠦᠷᠴᠦ᠂ ᠪᠠᠶᠢᠴᠠᠭᠠᠨ ᠰᠤᠳᠣᠯᠣᠯᠲᠠ ᠬᠢᠵᠤ᠂ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠎ ᠶᠢᠨ ᠬᠡᠪᠴᠢᠶ᠎ᠡ᠂ ᠲᠥᠷᠥᠯ ᠵᠦᠢᠯ ᠤᠨ ᠡᠵᠡᠩᠨᠡᠯᠲᠡ᠂ ᠴᠢᠳᠠᠪᠤᠷᠢᠲᠠᠨ ᠤ ᠬᠠᠮᠲᠤᠷᠠᠯᠴᠠᠭ᠎ᠠ ᠵᠡᠷᠭᠡ ᠲᠠᠯ᠎ᠠ ᠶᠢᠨ ᠦᠨᠳᠦᠰᠦᠨ ᠪᠠᠶᠢᠳᠠᠯ ᠢ ᠨᠠᠷᠢᠨ ᠲᠤᠳᠤᠷᠬᠠᠢ ᠣᠶᠢᠯᠭᠠᠬᠤ ᠶᠢᠨ ᠬᠠᠮᠲᠤ ᠦᠢᠯᠡᠳᠪᠦᠷᠢᠯᠡᠯ ᠡᠵᠡᠩᠨᠡᠯᠲᠡ ᠶᠢᠨ ᠳᠤᠮᠳᠠ ᠣᠷᠣᠰᠢᠵᠣ ᠪᠠᠶᠢᠭ᠎ᠠ ᠬᠦᠴᠢᠷᠳᠡᠯ ᠢ ᠭᠦᠨᠵᠡᠭᠡᠢ ᠵᠠᠳᠠᠯᠵᠤ᠂ ᠡᠨᠡ ᠵᠢᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠥᠷᠥᠯ ᠵᠦᠢᠯ ᠢ ᠭᠤᠶᠤᠴᠢᠯᠠᠨ ᠮᠡᠳᠡᠭᠦᠯᠵᠤ᠂ ᠨᠡᠩ ᠣᠯᠠᠨ ᠪᠡᠯᠡ ᠮᠥᠩᠭᠦᠨ ᠤ ᠳᠡᠮᠵᠢᠯᠭᠡ ᠦᠵᠡᠭᠦᠯᠬᠦ ᠪᠠᠷ ᠪᠤᠯᠪᠠ᠃      ᠱᠠᠩᠬᠠᠢ ᠶᠢᠨ ᠰᠦᠮ᠎ᠡ ᠪᠠᠯᠭᠠᠰᠤᠨ ᠳᠤ᠂ ᠬᠤᠰᠢᠭᠤᠨ ᠤ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠬᠡᠮᠯᠢᠭ ᠤᠨ ᠬᠢᠨ ᠮᠠᠯᠴᠢᠨ ᠲᠠᠷᠢᠶᠠᠴᠢᠨ ᠡᠷᠦᠬᠡ ᠳᠤ ᠭᠦᠨᠵᠡᠭᠡᠶᠢᠷᠡᠨ᠂ ᠤᠰᠤ ᠬᠦᠷᠦᠰᠦ ᠶᠢ ᠰᠢᠯᠭᠠᠨ ᠪᠠᠶᠢᠴᠠᠭᠠᠵᠤ᠂ ᠬᠦᠷᠦᠰᠦ ᠰᠢᠷᠣᠢ ᠶᠢᠨ ᠣᠨᠴᠠᠯᠢᠭ ᠪᠠ ᠬᠦᠷᠦᠰᠦ ᠰᠢᠷᠤᠢ ᠶᠢᠨ ᠲᠠᠷᠬᠠᠯᠲᠠ ᠶᠢᠨ ᠵᠢᠮ᠎ᠡ ᠶᠤᠰᠤ ᠶᠢ ᠵᠠᠳᠠᠯᠤᠨ ᠰᠤᠳᠤᠯᠵᠤ᠂ ᠲᠠᠷᠢᠶᠠᠨ ᠭᠠᠵᠠᠷ ᠤᠨ ᠶᠠᠰᠤ ᠴᠢᠨᠠᠷ ᠢ ᠳᠡᠭᠡᠭᠰᠢᠯᠡᠭᠦᠯᠬᠦ ᠪᠠ ᠬᠠᠮᠠᠭᠠᠯᠠᠬᠤ ᠳᠤ ᠳᠡᠮᠵᠢᠯᠭᠡ ᠦᠵᠡᠭᠦᠯᠪᠡ᠃ ᠡᠭᠦᠨ ᠤ ᠬᠠᠮᠲᠤ᠂ ᠭᠦᠬᠤᠰᠤ ᠭᠠᠴᠠᠭᠠᠨ ᠳᠤ ︽ᠰᠢᠨᠵᠢᠯᠡᠬᠦ ᠤᠬᠠᠭᠠᠨ ᠮᠡᠷᠭᠡᠵᠢᠯ ᠢᠶᠠᠷ ᠬᠠᠪᠤᠷ ᠤᠨ ᠲᠠᠷᠢᠶᠠᠯᠠᠭ᠎ᠠ ᠶᠢ ᠬᠦᠴᠦᠯᠡᠨ ᠲᠤᠰᠠᠯᠠᠬᠤ︾ ᠲᠤᠰᠬᠠᠢ ᠰᠡᠳᠤᠪᠲᠦ ᠪᠤᠯᠪᠠᠰᠤᠷᠠᠯ ᠢ ᠵᠤᠬᠢᠶᠠᠨ ᠪᠠᠶᠢᠭᠤᠯᠤᠨ ᠥᠷᠨᠢᠭᠦᠯᠵᠤ᠂ ᠮᠠᠯᠴᠢᠨ ᠲᠠᠷᠢᠶᠠᠴᠢᠳ ᠢ ᠬᠠᠪᠰᠤᠷᠤᠨ ᠡᠷᠳᠡᠨᠢ ᠰᠢᠰᠢ ᠲᠠᠷᠢᠬᠤ ᠶᠠᠪᠤᠴᠠ ᠳᠤ ᠲᠤᠯᠭᠠᠷᠠᠭᠰᠠᠨ ᠪᠤᠳᠠᠲᠠᠢ ᠠᠰᠠᠭᠤᠳᠠᠯ ᠢ ᠨᠢ ᠰᠢᠢᠳᠪᠦᠷᠢᠯᠡᠵᠤ᠂ ᠰᠡᠭᠦᠯᠴᠢ ᠶᠢᠨ ᠬᠤᠭᠤᠴᠠᠭᠠᠨ ᠤ ᠡᠪᠡᠳᠴᠢᠨ ᠬᠤᠷᠤᠬᠠᠢ ᠶᠢᠨ ᠬᠥᠨᠦᠭᠡᠯ ᠢ ᠰᠡᠷᠭᠡᠶᠢᠯᠡᠨ ᠵᠠᠰᠠᠬᠤ᠂ ᠲᠠᠷᠢᠶᠠᠨ ᠡᠮ ᠬᠡᠷᠡᠭᠯᠡᠬᠦ ᠬᠡᠮᠵᠢᠶ᠎ᠡ ᠵᠢᠴᠢ ᠡᠪᠡᠰᠦ ᠠᠷᠢᠯᠭᠠᠭᠴᠢ ᠶᠢ ᠠᠮᠤᠷ ᠳᠥᠪᠰᠢᠨ ᠢᠶᠠᠷ ᠬᠡᠷᠡᠭᠯᠡᠬᠦ ᠵᠡᠷᠭᠡ ᠲᠠᠯ᠎ᠠ ᠪᠠᠷ ᠮᠡᠷᠭᠡᠵᠢᠯ ᠤᠨ ᠵᠢᠯᠤᠭᠤᠳᠤᠯᠭ᠎ᠠ ᠬᠢᠭᠰᠡᠨ ᠪᠠᠶᠢᠨ᠎ᠠ᠃
微信图片_20240313115813.jpg
微信图片_20240313115817.png 
 
ᠢᠷᠡᠯᠲᠡ᠄ ᠣᠷᠳᠣᠰ ᠬᠤᠲᠠ ᠶᠢᠨ ᠬᠠᠮ ᠵᠠᠭᠤᠴᠢᠯᠠᠭᠤᠷ ᠤᠨ ᠲᠥᠪ