ᠪᠦᠬᠦ ᠬᠤᠲᠠ ᠶᠢᠨ  ᠠᠩᠬᠠᠳᠠᠭᠴᠢ ︽24 ᠴᠠᠭ ᠡᠭᠦᠳᠡ ᠪᠠᠨ ᠬᠠᠭᠠᠳᠠᠭ ᠦᠭᠡᠢ ᠳᠤᠯᠠᠭᠠᠨ ᠬᠤᠲᠠ ᠶᠢᠨ ᠨᠣᠮ ᠤᠨ ᠪᠠᠭᠠᠷ︾ ᠠᠰᠢᠭᠯᠠᠯᠲᠠ ᠳᠤ ᠣᠷᠣᠪᠠ
ᠨᠡᠶᠢᠲᠡᠯᠡᠭᠰᠡᠨ ᠴᠠᠭ᠄
2024/3/13
      ᠣᠶᠢᠷ᠎ᠠ ᠳᠤ᠂ ᠪᠦᠬᠦ ᠬᠤᠲᠠ ᠶᠢᠨ ᠠᠩᠬᠠᠳᠠᠭᠴᠢ 24 ᠴᠠᠭ ᠡᠭᠦᠳᠡ ᠪᠠᠨ ᠬᠠᠭᠠᠳᠠᠭ ᠦᠭᠡᠢ ᠨᠣᠮ ᠤᠨ ᠪᠠᠭᠠᠷ ᠠᠰᠢᠭᠯᠠᠯᠲᠠ ᠳᠤ ᠣᠷᠣᠪᠠ᠃       ᠲᠤᠰ ᠨᠣᠮ ᠤᠨ ᠪᠠᠭᠠᠷ ᠨᠢ ᠳ᠋ᠦᠩᠱᠧᠩ ᠲᠤᠭᠤᠷᠢᠭ ᠤᠨ ᠯᠢᠨ ᠶᠢᠨ ᠵᠡᠭᠡᠯᠢ ᠭᠤᠳᠤᠮᠵᠢ ᠶᠢᠨ ᠸᠧᠨ ᠶᠤᠸᠠᠨ ᠨᠡᠶᠢᠬᠡᠮ ᠲᠤᠭᠤᠷᠢᠭ ᠲᠤ ᠪᠠᠶᠢᠷᠢᠯᠠᠵᠤ᠂ ᠣᠯᠠᠨ ᠨᠡᠶᠢᠲᠡ ᠶᠢᠨ ᠤᠩᠰᠢᠯᠭ᠎ᠠ ᠶᠢᠨ ᠲᠤᠭᠤᠷᠢᠭ᠂ ᠬᠡᠦᠬᠡᠳ ᠤᠨ ᠤᠩᠰᠢᠯᠭ᠎ᠠ ᠶᠢᠨ ᠲᠤᠭᠤᠷᠢᠭ᠂ ᠡᠯᠧᠺᠲᠷᠤᠨ ᠤᠩᠰᠢᠯᠭ᠎ᠠ ᠶᠢᠨ ᠲᠤᠭᠤᠷᠢᠭ ᠵᠡᠷᠭᠡ ᠣᠯᠠᠨ ᠤᠩᠰᠢᠯᠭ᠎ᠠ ᠶᠢᠨ ᠲᠤᠭᠤᠷᠢᠭ ᠲᠠᠢ ᠪᠠᠶᠢᠵᠤ᠂ ᠡᠯ᠎ᠡ ᠲᠥᠷᠥᠯ ᠤᠨ ᠨᠣᠮ ᠳᠡᠪᠲᠡᠷ ᠢ 1500 ᠭᠠᠷᠤᠢ ᠳᠣᠬᠢᠷᠠᠭᠤᠯᠵᠤ᠂ 24 ᠴᠠᠭ ᠲᠤ ᠪᠦᠷ ᠬᠠᠷᠠᠵᠤ ᠰᠠᠬᠢᠬᠤ ᠬᠦᠮᠦᠨ ᠦᠭᠡᠢ ᠪᠠᠶᠢᠵᠤ᠂ ᠥᠪᠡᠰᠦᠪᠡᠨ ᠦᠢᠯᠡᠴᠢᠯᠡᠭᠡ ᠬᠠᠩᠭᠠᠳᠠᠭ᠃      28 ᠨᠠᠰᠤᠲᠠᠢ ᠵᠧᠦ ᠰᠢᠦᠢ ᠶᠢᠩ ᠪᠤᠯ ᠳ᠋ᠦᠩᠱᠧᠩ ᠲᠤᠭᠤᠷᠢᠭ ᠤᠨ ᠰᠠᠭᠤᠭᠠᠯᠢ ᠠᠷᠠᠳ ᠪᠤᠯᠤᠨ᠎ᠠ᠃ ᠲᠡᠷᠡ ᠴᠡᠴᠡᠷᠯᠢᠭ ᠤᠨ ᠪᠠᠭᠰᠢ ᠰᠢᠯᠭᠠᠭᠤᠯᠬᠤ ᠪᠠᠷ ᠳᠠᠪᠲᠠᠵᠤ ᠪᠠᠶᠢᠬᠤ ᠪᠤᠯᠬᠤᠷ᠄ ︽ᠪᠢ ᠦᠷᠭᠦᠯᠵᠢ ᠡ᠊ᠨᠳᠡ ᠢᠷᠡᠵᠤ ᠤᠳᠠᠭᠠᠨ ᠴᠠᠭ ᠢᠶᠠᠷ ᠰᠠᠭᠤᠵᠤ ᠪᠠᠶᠢᠨ᠎ᠠ᠃ ᠡ᠊ᠨᠳᠡ ᠨᠠᠮ ᠵᠢᠮ ᠮᠥᠷᠲᠡᠭᠡᠨ ᠡᠳᠦᠷ ᠰᠥᠨᠢ ᠦᠭᠡᠢ ᠡᠭᠦᠳᠡ ᠪᠠᠨ ᠬᠠᠭᠠᠳᠠᠭ ᠦᠭᠡᠢ ᠦᠢᠯᠡᠴᠢᠯᠡᠭᠡ ᠬᠠᠩᠭᠠᠳᠠᠭ ᠤᠴᠢᠷ ᠠᠴᠠ ᠪᠢᠳᠠᠨ ᠳᠤ ᠲᠤᠩ ᠳᠥᠬᠦᠮ ᠦᠵᠡᠭᠦᠯᠵᠡᠢ︾ ᠭᠡᠯ᠎ᠡ᠃ ᠸᠧᠨ ᠶᠤᠸᠠᠨ ᠨᠡᠶᠢᠬᠡᠮ ᠲᠤᠭᠤᠷᠢᠭ ᠤᠨ ᠨᠠᠮ ᠤᠨ ᠡᠭᠦᠷ ᠤᠨ ᠱᠦᠵᠢ ᠯᠢᠤ ᠰᠢᠶᠤᠤ ᠯᠢ ᠰᠤᠷᠪᠤᠯᠵᠢᠯᠠᠭ᠎ᠠ ᠬᠦᠯᠢᠶᠡᠵᠤ ᠶᠠᠷᠢᠬᠤ ᠳᠠᠭᠠᠨ᠄ ︽ᠣᠶᠢᠷ᠎ᠠ ᠬᠠᠪᠢ ᠪᠠᠷ ᠰᠤᠷᠭᠠᠭᠤᠯᠢ ᠣᠯᠠᠨ ᠪᠠᠶᠢᠳᠠᠭ ᠤᠴᠢᠷ ᠠᠴᠠ ᠰᠤᠷᠭᠠᠭᠤᠯᠢ ᠶᠢᠨ ᠬᠡᠦᠬᠡᠳ ᠲᠤ ᠲᠠᠪᠲᠠᠯᠭ᠎ᠠ ᠶᠢᠨ ᠰᠠᠶᠢᠨ ᠣᠷᠴᠢᠨ ᠲᠤᠭᠤᠷᠢᠨ ᠢ ᠬᠠᠩᠭᠠᠬᠤ ᠪᠠ ᠬᠤᠲᠠ ᠶᠢᠨ ᠠᠷᠠᠳ ᠤᠨ ᠤᠩᠰᠢᠯᠭ᠎ᠠ  ᠶᠢᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠬᠤ ᠵᠤᠷᠢᠯᠭ᠎ᠠ ᠪᠠᠷ ᠲᠤᠰ ᠨᠣᠮ ᠤᠨ ᠪᠠᠭᠠᠷ ᠢ ᠨᠡᠭᠡᠭᠡᠭᠰᠡᠨ ᠶᠤᠮ᠃ ᠳᠠᠷᠠᠭ᠎ᠠ ᠠᠯᠬᠤᠮ ᠳᠤ ᠪᠢᠳᠠ ᠰᠢᠨᠬᠤᠸᠠ ᠨᠣᠮ ᠤᠨ ᠳᠡᠯᠭᠡᠭᠦᠷ ᠵᠡᠷᠭᠡ ᠭᠠᠵᠠᠷ ᠲᠠᠢ ᠨᠢᠭᠲᠠ ᠬᠠᠮᠵᠢᠯᠴᠠᠬᠤ ᠪᠠᠷ ᠳᠠᠮᠵᠢᠨ ᠨᠡᠩ ᠴᠢᠨᠠᠷ ᠰᠠᠶᠢᠲᠠᠢ ᠨᠣᠮ ᠳᠡᠪᠲᠡᠷ ᠢ ᠣᠷᠣᠭᠤᠯᠤᠨ ᠠᠪᠴᠢᠷᠠᠵᠤ᠂ ᠣᠯᠠᠨ ᠨᠡᠶᠢᠲᠡ ᠶᠢᠨ ᠤᠩᠰᠢᠯᠭ᠎ᠠ ᠳᠤ ᠨᠡᠩ ᠰᠠᠶᠢᠨ ᠦᠢᠯᠡᠴᠢᠯᠡᠨ᠎ᠡ︾ ᠭᠡᠵᠤ ᠪᠠᠶᠢᠯ᠎ᠠ᠃
 
ᠢᠷᠡᠯᠲᠡ᠄ ᠣᠷᠳᠣᠰ ᠬᠤᠲᠠ ᠶᠢᠨ ᠬᠠᠮ ᠵᠠᠭᠤᠴᠢᠯᠠᠭᠤᠷ ᠤᠨ ᠲᠥᠪ