ᠳ᠋ᠦ᠋ ᠬᠤᠢ ᠯᠢᠶᠠᠩ ᠲᠥᠯᠥᠭᠡᠯᠡᠭᠴᠢ᠄ ᠤᠳᠤ ᠦᠶ᠎ᠡ ᠶᠢᠨ ᠡᠨᠧᠷᠬᠢ ᠶᠢᠨ ᠠᠵᠤ ᠠᠬᠤᠢ ᠶᠢᠨ ᠠᠵᠢᠯ ᠢ ᠪᠦᠬᠦ ᠲᠠᠯ᠎ᠠ ᠪᠠᠷ ᠰᠠᠶᠢᠲᠤᠷ ᠬᠢᠶ᠎ᠡ
ᠨᠡᠶᠢᠲᠡᠯᠡᠭᠰᠡᠨ ᠴᠠᠭ᠄
2024/3/13
      ᠡᠨᠧᠷᠬᠢ ᠶᠢᠨ ᠬᠦᠷᠢᠶ᠎ᠡ ᠴᠠᠷᠠᠭᠠᠨ ᠳᠤ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ ᠤᠷᠢᠳ ᠢᠶᠠᠷ ᠪᠦᠷᠢᠯᠳᠦᠭᠦᠯᠦᠨ᠎ᠡ      2023 ᠣᠨ ᠤ 6 ᠰᠠᠷ᠎ᠠ ᠳᠤ ᠶᠡᠷᠦᠩᠬᠡᠢ ᠱᠦᠵᠢ ᠰᠢ ᠶᠢᠨ ᠫᠢᠩ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠳᠠᠭᠠᠨ᠂ ᠡᠨᠧᠷᠬᠢ ᠶᠢᠨ ᠠᠵᠤ ᠦᠢᠯᠡᠰ  ᠤᠨ ᠳᠠᠪᠠᠭᠤᠯᠢᠭ ᠢ ᠰᠠᠶᠢᠲᠤᠷ ᠪᠠᠳᠠᠷᠠᠭᠤᠯᠵᠤ᠂ ᠣᠳᠣ ᠦᠶ᠎ᠡ ᠶᠢᠨ ᠡᠨᠧᠷᠬᠢ ᠶᠢᠨ ᠠᠵᠤ ᠠᠬᠤᠢ ᠶᠢᠨ ᠠᠵᠢᠯ ᠢ ᠰᠠᠶᠢᠲᠤᠷ ᠬᠢᠬᠦ ᠬᠡᠷᠡᠭᠲᠡᠢ ᠭᠡᠵᠤ ᠴᠢᠬᠤᠴᠢᠯᠠᠪᠠ᠃      ︽ᠤᠯᠤᠰ ᠤᠨ ᠴᠢᠬᠤᠯᠠ ᠡᠨᠧᠷᠬᠢ ᠶᠢᠨ ᠰᠠᠭᠤᠷᠢᠨ ᠭᠠᠵᠠᠷ ᠪᠤᠯᠤᠭᠰᠠᠨ ᠤ ᠬᠤᠪᠢ ᠳᠤ᠂ ᠣᠷᠳᠣᠰ ᠶᠠᠭ ᠤᠯᠠᠮᠵᠢᠯᠠᠯᠲᠤ ᠡᠨᠧᠷᠬᠢ ᠶᠢᠨ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠭᠦᠯᠬᠦ ᠶᠢ ᠳᠠᠰᠤᠷᠠᠯᠲᠠ ᠦᠭᠡᠢ ᠠᠬᠢᠭᠤᠯᠵᠤ᠂ ᠰᠢᠨ᠎ᠡ ᠡᠨᠧᠷᠬᠢ ᠶᠢ ᠶᠡᠭᠡ ᠪᠠᠷ ᠬᠥᠭᠵᠢᠭᠦᠯᠵᠦ᠂ ᠣᠳᠣ ᠦᠶ᠎ᠡ ᠶᠢᠨ ᠡᠨᠧᠷᠬᠢ ᠶᠢᠨ ᠠᠵᠤ ᠠᠬᠤᠢ ᠶᠢᠨ ᠠᠵᠢᠯ ᠢ ᠪᠦᠬᠦ ᠲᠠᠯ᠎ᠠ ᠪᠠᠷ ᠰᠠᠶᠢᠲᠤᠷ ᠬᠢᠵᠤ ᠪᠠᠶᠢᠨ᠎ᠠ︾ ᠭᠡᠵᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠣᠷᠳᠣᠰ ᠬᠤᠲᠠ ᠶᠢᠨ ᠳᠠᠷᠤᠭ᠎ᠠ ᠳ᠋ᠦ᠋ ᠬᠤᠢ ᠯᠢᠶᠠᠩ ᠶᠠᠷᠢᠨ᠎ᠠ᠃      ︽ᠡᠨᠡ ᠵᠢᠯ᠂ ᠪᠢᠳᠠ ᠨᠡᠭᠦᠷᠡᠰᠦᠨ ᠤ ᠭᠠᠷᠤᠯᠲᠠ ᠶᠢ ᠲᠤᠭᠲᠠᠪᠤᠷᠢᠵᠢᠭᠤᠯᠬᠤ᠂ ᠰᠢᠲᠠᠮᠠᠬᠠᠢ ᠬᠡᠢ ᠶᠢ ᠨᠡᠮᠡᠭᠳᠡᠭᠦᠯᠬᠦ᠂ ᠴᠠᠬᠢᠯᠭᠠᠨ ᠢ ᠰᠢᠯᠢᠳᠡᠭᠵᠢᠭᠦᠯᠬᠦ ᠶᠢ ᠦᠷᠭᠦᠯᠵᠢᠯᠡᠨ ᠠᠬᠢᠭᠤᠯᠵᠤ᠂ ᠨᠡᠭᠦᠷᠡᠰᠦ ᠴᠠᠬᠢᠯᠭᠠᠨ ᠤ ᠲᠡᠷᠢᠭᠦᠨ ᠤ ᠦᠢᠯᠡᠳᠪᠦᠷᠢᠯᠡᠯ ᠤᠨ ᠴᠢᠳᠠᠪᠤᠷᠢ ᠶᠢ ᠡᠮᠬᠢ ᠵᠢᠷᠦᠮ ᠲᠠᠢ ᠪᠠᠳᠠᠷᠠᠭᠤᠯᠵᠤ ᠂ ᠡᠨᠧᠷᠬᠢ ᠶᠢᠨ ᠬᠠᠩᠭᠠᠯᠭ᠎ᠠ ᠶᠢ ᠪᠠᠲᠤᠯᠠᠬᠤ ᠶᠡᠷᠦᠩᠬᠡᠶᠢᠯᠡᠭᠰᠡᠨ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ︾ ᠭᠡᠵᠤ ᠳ᠋ᠦ᠋ ᠬᠤᠢ ᠯᠢᠶᠠᠩ ᠶᠠᠷᠢᠨ᠎ᠠ᠃      ᠣᠷᠳᠣᠰ ᠪᠤᠯ ᠡᠬᠡ ᠬᠠᠭᠤᠷᠠᠢ ᠳᠡᠭᠡᠷᠡᠬᠢ ᠴᠢᠬᠤᠯᠠ ᠰᠢᠨ᠎ᠡ ᠡᠨᠧᠷᠬᠢ ᠶᠢᠨ ᠰᠠᠭᠤᠷᠢᠨ ᠭᠠᠵᠠᠷ ᠪᠤᠯᠤᠨ᠎ᠠ᠃ ᠣᠶᠢᠷ᠎ᠠ ᠶᠢᠨ ᠵᠢᠯ ᠠᠴᠠ ᠨᠠᠭᠠᠰᠢ᠂ ᠵᠥᠪᠰᠢᠶᠡᠷᠡᠯ ᠣᠯᠣᠭᠰᠠᠨ ᠰᠢᠨ᠎ᠡ ᠡᠨᠧᠷᠬᠢ ᠶᠢᠨ ᠮᠠᠰᠢᠨ ᠴᠣᠭᠴᠠᠯᠠᠪᠤᠷᠢ ᠶᠢᠨ ᠬᠡᠪᠴᠢᠶᠡᠵᠢᠯ ᠨᠢ ᠪᠦᠬᠦ ᠤᠯᠤᠰ ᠤᠨ ᠲᠤᠰᠬᠠᠢ ᠣᠷᠣᠨ ᠤ ᠲᠡᠰ ᠤᠨ ᠬᠤᠲᠠ ᠶᠢᠨ ᠲᠡᠷᠢᠭᠦᠨ ᠳᠤ ᠣᠷᠣᠵᠣ᠂ ᠣᠳᠣᠬᠠᠨ ᠳᠤ ᠪᠦᠲᠦᠭᠡᠨ ᠪᠠᠶᠢᠭᠤᠯᠵᠤ ᠳᠠᠭᠤᠰᠬᠠᠨ ᠲᠣᠣᠷ ᠲᠤ ᠨᠡᠶᠢᠯᠡᠭᠦᠯᠦᠭᠰᠡᠨ ᠰᠢᠨ᠎ᠡ ᠡᠨᠧᠷᠬᠢ ᠶᠢᠨ ᠮᠠᠰᠢᠨ ᠴᠤᠭᠴᠠᠯᠠᠪᠤᠷᠢ 1000 ᠲᠦᠮᠡᠨ ᠺᠢᠯᠤᠸᠠᠲ ᠢ ᠳᠠᠪᠠᠵᠤ ᠂ ᠵᠢᠱᠢᠯᠲᠡ ᠪᠠᠷ 2025 ᠣᠨ ᠳᠤ 5000 ᠲᠦᠮᠡᠨ ᠺᠢᠯᠤᠸᠠᠲ ᠲᠤ ᠬᠦᠷᠴᠦ᠂ ᠴᠠᠬᠢᠯᠭᠠᠨ ᠭᠦᠴᠦᠨ ᠤ ᠶᠡᠷᠦᠩᠬᠡᠢ ᠮᠠᠰᠢᠨ ᠴᠤᠭᠴᠠᠯᠠᠪᠤᠷᠢ ᠶᠢᠨ ᠬᠠᠭᠠᠰ ᠠᠴᠠ ᠳᠡᠭᠡᠭᠰᠢᠬᠢ ᠶᠢ ᠡᠵᠡᠯᠡᠬᠦ ᠪᠤᠯᠤᠨ᠎ᠠ᠃ᠡᠭᠦᠨ ᠤ ᠬᠠᠮᠲᠤ᠂ ᠪᠤᠬᠢᠷᠳᠤᠯ ᠦᠭᠡᠢ ᠴᠠᠬᠢᠯᠭᠠᠨ ᠤ ᠳᠠᠪᠠᠭᠤᠯᠢᠭ ᠲᠤ ᠲᠦᠰᠢᠭᠯᠡᠨ᠂ ᠣᠷᠳᠣᠰ ᠪᠦᠬᠦ ᠳᠡᠯᠡᠬᠡᠢ ᠶᠢᠨ ᠠᠩᠬᠠᠳᠠᠭᠴᠢ ᠨᠡᠭᠦᠷᠡᠰᠦᠳᠦ᠋ᠷᠦᠭᠴᠢ ᠥᠯᠥ ᠭᠠᠳᠠᠭᠰᠢᠯᠠᠭᠤᠯᠬᠤ ᠬᠦᠷᠢᠶᠡᠯᠡᠩ ᠲᠤᠭᠤᠷᠢᠭ ᠢ ᠪᠦᠲᠦᠭᠡᠨ ᠪᠠᠶᠢᠭᠤᠯᠵᠤ᠂ ᠨᠡᠭᠦᠷᠡᠰᠦᠳᠦ᠋ᠷᠦᠭᠴᠢ ᠪᠠᠭ᠎ᠠ ᠭᠠᠳᠠᠭᠰᠢᠯᠠᠭᠤᠯᠬᠤ ᠬᠦᠷᠢᠶᠡᠯᠡᠩ ᠲᠤᠭᠤᠷᠢᠭ ᠤᠨ ᠪᠦᠲᠦᠭᠡᠨ ᠪᠠᠶᠢᠭᠤᠯᠤᠯᠲᠠ᠂ ᠡᠨᠧᠷᠬᠢ ᠬᠠᠳᠠᠭᠠᠯᠠᠬᠤ ᠳᠠᠭᠤᠷᠢᠶᠠᠯ ᠦᠵᠡᠭᠦᠯᠬᠦ᠂ ᠪᠤᠬᠢᠷᠳᠤᠯ ᠦᠭᠡᠢ ᠴᠠᠬᠢᠯᠭᠠᠨ ᠢᠶᠠᠷ ᠣᠷᠣᠯᠠᠭᠤᠯᠬᠤ ᠶᠢ ᠪᠦᠬᠦ ᠲᠠᠯ᠎ᠠ ᠪᠠᠷ ᠥᠷᠨᠢᠭᠦᠯᠦᠭᠰᠡᠨ ᠪᠠᠶᠢᠨ᠎ᠠ᠃      ᠳ᠋ᠦ᠋ ᠬᠤᠢ ᠯᠢᠶᠠᠩ᠂ ᠣᠷᠳᠣᠰ ᠬᠤᠲᠠ ︽ᠬᠤᠣᠰ ᠨᠡᠭᠦᠷᠡᠰᠦᠳᠦ᠋ᠷᠦᠭᠴᠢ︾ ᠶᠢᠨ ᠪᠠᠶᠢᠯᠳᠤᠬᠤ ᠪᠤᠳᠤᠯᠭ᠎ᠠ ᠶᠢᠨ ᠬᠠᠷᠠᠯᠲᠠ ᠶᠢ ᠨᠠᠶᠢᠳᠠᠪᠤᠷᠢᠵᠢᠭᠤᠯᠬᠤ ᠪᠠ ᠬᠠᠲᠤᠨ ᠭᠤᠣᠯ ᠤᠨ ᠲᠣᠬᠤᠢ ᠶᠢᠨ ᠪᠣᠭᠤᠮᠲᠠ ᠰᠢᠪᠲᠤᠯᠬᠤ ᠳᠠᠶᠢᠯᠠᠯᠲᠤᠭᠠᠨ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠬᠦ ᠳᠤ ᠠᠩᠬᠠᠷᠤᠯ ᠢᠶᠠᠨ ᠲᠥᠪᠯᠡᠷᠡᠭᠦᠯᠵᠤ᠂ ᠲᠣᠮᠣ ᠰᠠᠭᠤᠷᠢᠨ ᠭᠠᠵᠠᠷ ᠢ ᠪᠦᠲᠦᠭᠡᠨ ᠪᠠᠶᠢᠭᠤᠯᠬᠤ ᠪᠠ ᠴᠦᠯᠯᠡᠷᠬᠡᠭᠵᠢᠯ ᠢ ᠵᠠᠰᠠᠬᠤ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠬᠥᠪᠴᠢ ᠶᠢᠨ ᠡᠯᠡᠰᠦᠨ ᠴᠦᠯ ᠤᠨ ︽ᠭᠡᠷᠡᠯ ᠴᠡᠨᠡᠭ ᠤᠨ ᠤᠷᠲᠤ ᠴᠠᠭᠠᠨ ᠬᠡᠷᠡᠮ︾ ᠵᠡᠷᠭᠡ ᠨᠢᠭᠡ ᠪᠦᠯᠦᠭ ᠡᠯᠡᠰᠦᠷᠬᠡᠭᠵᠢᠯ ᠢ ᠰᠡᠷᠭᠡᠶᠢᠯᠡᠵᠤ ᠡᠯᠡᠰᠦ ᠶᠢ ᠵᠠᠰᠠᠬᠤ ᠪᠠ ᠰᠠᠯᠬᠢ ᠴᠠᠬᠢᠯᠭᠠᠨ ᠭᠡᠷᠡᠯ ᠴᠡᠨᠡᠭ ᠢ ᠨᠢᠭᠡ ᠴᠤᠭᠴᠠᠵᠢᠭᠤᠯᠬᠤ ᠢᠨᠵᠧᠨᠧᠷᠢᠩ ᠢ ᠬᠡᠷᠡᠭᠵᠢᠭᠦᠯᠵᠤ᠂ ᠠᠮᠢ ᠠᠬᠤᠢ ᠶᠢᠨ ᠦᠷ᠎ᠡ ᠠᠰᠢᠭ᠂ ᠨᠡᠶᠢᠬᠡᠮ ᠤᠨ ᠦᠷ᠎ᠡ ᠠᠰᠢᠭ ᠪᠤᠯᠤᠨ ᠠᠵᠤ ᠠᠬᠤᠢ  ᠶᠢᠨ ᠦᠷ᠎ᠡ ᠠᠰᠢᠭ ᠢ ᠬᠠᠮᠵᠢᠯᠴᠠᠨ ᠨᠡᠮᠡᠭᠳᠡᠭᠦᠯᠬᠦ ᠶᠢ ᠠᠬᠢᠭᠤᠯᠤᠨ᠎ᠠ ᠭᠡᠵᠤ ᠪᠠᠶᠢᠯ᠎ᠠ᠃      ︽︿ᠬᠤᠣᠰ ᠨᠡᠭᠦᠷᠡᠰᠦᠳᠦ᠋ᠷᠦᠭᠴᠢ﹀ ᠨᠢ ᠣᠷᠳᠣᠰ ᠲᠤ ᠠᠪᠴᠦ ᠬᠡᠯᠡᠪᠡᠯ᠂ ᠥᠷᠢᠰᠦᠯᠳᠦᠭᠡᠨ ᠪᠤᠯᠬᠤ ᠪᠠᠷ ᠥᠯᠥ ᠪᠠᠷᠠᠮ ᠪᠠᠰᠠ ᠠᠵᠠ ᠲᠣᠬᠢᠶᠠᠯ ᠪᠤᠯᠤᠨ᠎ᠠ︾᠃ ᠳ᠋ᠦ᠋ ᠬᠤᠢ ᠯᠢᠶᠠᠩ᠂ ᠣᠷᠳᠣᠰ ᠬᠤᠲᠠ ᠡᠨᠧᠷᠬᠢ ᠶᠢᠨ ᠬᠡᠯᠪᠡᠷᠢ ᠪᠠᠨ ᠬᠤᠪᠢᠷᠠᠭᠤᠯᠬᠤ ᠪᠠᠷ ᠠᠵᠤ ᠦᠢᠯᠡᠰ ᠤᠨ ᠲᠡᠰ ᠳᠡᠪᠰᠢᠭᠦᠯᠬᠦ ᠶᠢ ᠬᠥᠲᠦᠯᠦᠨ ᠳᠠᠭᠠᠭᠤᠯᠬᠤ ᠶᠢ ᠪᠠᠷᠢᠮᠲᠠᠯᠠᠵᠤ᠂ ᠳᠠᠪᠠᠭᠤᠯᠢᠭ ᠣᠨᠴᠠᠯᠢᠭᠲᠣ ᠠᠵᠤ ᠦᠢᠯᠡᠰ ᠤᠨ ᠬᠡᠯᠬᠢᠶ᠎ᠡ ᠶᠢ ᠲᠥᠪᠯᠡᠷᠡᠭᠦᠯᠦᠨ ᠬᠥᠭᠵᠢᠭᠦᠯᠬᠦ᠂ ᠬᠡᠯᠬᠢᠶ᠎ᠡ ᠶᠢ ᠤᠷᠲᠤᠳᠬᠠᠨ ᠰᠦᠷᠦᠭᠵᠢᠯ ᠢ ᠬᠦᠴᠦᠷᠬᠡᠭᠵᠢᠭᠦᠯᠬᠦ ᠶᠢ ᠭᠦᠨᠵᠡᠭᠡᠢ ᠠᠬᠢᠭᠤᠯᠵᠤ᠂ ︽ᠰᠠᠯᠬᠢ ᠭᠡᠷᠡᠯ ᠴᠡᠨᠡᠭ ᠤᠰᠤᠳᠦ᠋ᠷᠦᠭᠴᠢ ᠬᠠᠳᠠᠭᠠᠯᠠᠴᠠ ᠲᠡᠷᠭᠡ︾ ᠶᠢᠨ ᠰᠢᠨ᠎ᠡ ᠡᠨᠧᠷᠬᠢ ᠶᠢᠨ ᠲᠤᠨᠤᠭᠯᠠᠯ ᠦᠢᠯᠡᠳᠬᠦ ᠦᠢᠯᠡᠰ ᠢ ᠬᠥᠭᠵᠢᠭᠦᠯᠦᠨ᠎ᠡ᠃ ︽ᠪᠢᠳᠠ ᠣᠳᠣᠬᠠᠨ ᠳᠤ ᠨᠢᠭᠡᠨᠲᠡ 52 ᠠᠵᠤ ᠦᠢᠯᠡᠰ ᠤᠨ ᠬᠡᠯᠬᠢᠶᠡᠨ ᠤ ᠠᠵᠤ ᠠᠬᠤᠶᠢᠯᠠᠯ ᠢ ᠣᠷᠣᠭᠤᠯᠣᠨ ᠠᠪᠴᠢᠷᠠᠵᠤ᠂ ᠥᠪᠥᠷ ᠮᠣᠩᠭᠤᠯ ᠤᠨ ᠠᠩᠬᠠᠳᠠᠭᠴᠢ ᠭᠡᠷᠡᠯ ᠴᠡᠨᠡᠭ ᠤᠨ ᠪᠦᠬᠦ ᠠᠵᠤ ᠦᠢᠯᠡᠰ ᠤᠨ ᠬᠡᠯᠬᠢᠶ᠎ᠡ᠂ ᠠᠩᠬᠠᠳᠠᠭᠴᠢ ᠬᠥᠳᠡᠯᠭᠡᠭᠴᠢ ᠬᠦᠴᠦᠨ ᠤ ᠳ᠋ᠢᠶᠠᠨ ᡂᠢ ᠶᠢᠨ ᠦᠢᠯᠡᠳᠪᠦᠷᠢᠯᠡᠯ ᠤᠨ ᠱᠤᠭᠤᠮ᠂ ᠠᠩᠬᠠᠳᠠᠭᠴᠢ ᠤᠰᠤᠳᠦ᠋ᠷᠦᠭᠴᠢ ᠲᠦᠯᠡᠰᠢᠨ ᠳ᠋ᠢᠶᠠᠨ ᡂᠢ ᠪᠠ ᠠᠩᠬᠠᠳᠠᠭᠴᠢ ᠰᠢᠨ᠎ᠡ ᠡᠨᠧᠷᠬᠢ ᠶᠢᠨ ᠰᠠᠭᠤᠳᠠᠯ ᠤᠨ ᠮᠠᠰᠢᠨ ᠤ ᠦᠢᠯᠡᠳᠪᠦᠷᠢᠯᠡᠯ ᠤᠨ ᠱᠤᠭᠤᠮ ᠢ ᠪᠦᠲᠦᠭᠡᠨ ᠪᠠᠶᠢᠭᠤᠯᠵᠤ᠂ 2023 ᠣᠨ ᠤ ᠦᠢᠯᠡᠳᠬᠦ ᠦᠢᠯᠡᠰ᠂ ᠰᠢᠨ᠎ᠡ ᠡᠨᠧᠷᠬᠢ ᠶᠢᠨ ᠠᠵᠤ ᠦᠢᠯᠡᠰ ᠤᠨ ᠪᠡᠯᠡ ᠣᠷᠣᠭᠤᠯᠣᠯᠲᠠ ᠲᠤᠰ ᠲᠤᠰ 175% ᠪᠠ 266% ᠪᠠᠷ ᠨᠡᠮᠡᠭᠳᠡᠵᠤ᠂ ᠪᠦᠬᠦ ᠪᠡᠯᠡ ᠣᠷᠣᠭᠤᠯᠣᠯᠲᠠ ᠶᠢᠨ ᠳᠣᠲᠤᠷ᠎ᠠ ᠡᠵᠡᠯᠡᠬᠦ ᠬᠠᠷᠢᠴᠠᠯ ᠨᠢ ᠴᠦᠮ 40% ᠶᠢ ᠳᠠᠪᠠᠵᠠᠢ︾ ᠭᠡᠵᠤ ᠪᠠᠶᠢᠯ᠎ᠠ᠃      ︽ᠬᠤᠣᠰ ᠨᠡᠭᠦᠷᠡᠰᠦᠳᠦ᠋ᠷᠦᠭᠴᠢ︾ ᠶᠢᠨ ᠬᠠᠷᠠᠯᠲᠠ ᠳᠣᠣᠷ᠎ᠠ᠂ ᠨᠡᠭᠦᠷᠡᠰᠦᠨ ᠤ ᠲᠦᠭᠦᠬᠡᠢ ᠮᠠᠲ᠋ᠧᠷᠢᠶᠠᠯ ᠤᠨ ᠰᠢᠨᠵᠢ ᠴᠢᠨᠠᠷ ᠤᠯᠠᠮ ᠲᠣᠪᠤᠶᠢᠮ᠎ᠠ ᠪᠤᠯᠬᠤ ᠪᠤᠯᠤᠨ᠎ᠠ᠃ ᠲᠦᠷᠦ ᠶᠢᠨ ᠶᠠᠪᠤᠳᠠᠯ ᠤᠨ ᠬᠤᠷᠢᠶ᠎ᠠ ︽ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ ᠳᠤᠮᠳᠠᠳᠤ ᠤᠯᠤᠰ ᠤᠨ ᠮᠠᠶ᠋ᠢᠭ ᠤᠨ ᠤᠳᠤᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠲᠤᠬᠠᠢ ᠰᠠᠨᠠᠯ︾ ᠢ ᠳᠠᠷᠣᠮᠠᠯᠯᠠᠨ ᠲᠠᠷᠬᠠᠭᠠᠵᠤ᠂ ᠣᠷᠳᠣᠰ ᠤᠨ ᠤᠳᠤ ᠦᠶ᠎ᠡ ᠶᠢᠨ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠤᠨ ᠳᠠᠭᠤᠷᠢᠶᠠᠯ ᠦᠵᠡᠭᠦᠯᠬᠦ ᠤᠷᠤᠨ ᠪᠤᠯᠤᠨ ᠨᠡᠭᠦᠷᠡᠰᠦ ᠪᠠᠷ ᠲᠤᠰᠤ ᠰᠢᠲᠠᠮᠠᠬᠠᠢ ᠬᠡᠢ ᠦᠢᠯᠡᠳᠬᠦ ᠪᠠᠶᠢᠯᠳᠤᠬᠤ ᠪᠤᠳᠤᠯᠭ᠎ᠠ ᠶᠢᠨ ᠰᠠᠭᠤᠷᠢᠨ ᠭᠠᠵᠠᠷ ᠢ ᠴᠢᠨᠠᠷ ᠰᠠᠶᠢᠲᠠᠢ ᠪᠦᠲᠦᠭᠡᠨ ᠪᠠᠶᠢᠭᠤᠯᠬᠤ ᠶᠢ ᠲᠤᠳᠤᠷᠬᠠᠶᠢᠯᠠᠪᠠ᠃      ᠤᠯᠤᠰ ᠤᠨ ᠣᠳᠣ ᠦᠶ᠎ᠡ ᠶᠢᠨ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠤᠨ ᠳᠥᠷᠪᠡᠨ ᠳᠠᠭᠤᠷᠢᠶᠠᠯ ᠦᠵᠡᠭᠦᠯᠬᠦ ᠣᠷᠣᠨ ᠤ ᠨᠢᠭᠡ ᠪᠤᠯᠤᠭᠰᠠᠨ ᠤ ᠬᠤᠪᠢ ᠳᠤ᠂  ᠣᠷᠳᠣᠰ ᠨᠢ ᠣᠳᠣ ᠦᠶ᠎ᠡ ᠶᠢᠨ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠦᠢᠯᠡᠳᠪᠦᠷᠢᠯᠡᠯ ᠤᠨ ᠴᠢᠳᠠᠪᠤᠷᠢ ᠶᠢ 2000 ᠲᠦᠮᠡᠨ ᠲᠤᠨ ᠪᠤᠯᠭᠠᠨ ᠪᠦᠷᠢᠯᠳᠦᠭᠦᠯᠵᠤ᠂ ᠤᠯᠤᠰ ᠤᠨ ᠲᠤᠲᠤᠭᠠᠳᠤ ᠶᠢᠨ ᠲᠥᠷᠥᠯ ᠵᠦᠢᠯ ᠢᠶᠠᠷ ᠬᠠᠮᠤᠭ ᠤᠨ ᠪᠦᠷᠢᠨ᠂ ᠬᠡᠪᠴᠢᠶᠡᠵᠢᠯ ᠢᠶᠠᠷ ᠬᠠᠮᠤᠭ ᠤᠨ ᠶᠡᠭᠡ ᠣᠳᠣ ᠦᠶ᠎ᠡ ᠶᠢᠨ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠲᠤᠷᠰᠢᠯᠳᠠ ᠶᠢᠨ ᠳᠠᠭᠤᠷᠢᠶᠠᠯ ᠦᠵᠡᠭᠦᠯᠬᠦ ᠲᠥᠷᠥᠯ ᠵᠦᠢᠯ ᠲᠥᠪᠯᠡᠷᠡᠭᠰᠡᠨ ᠤᠷᠤᠨ ᠪᠤᠯᠵᠤ᠂ ᠠᠵᠤ ᠦᠢᠯᠡᠰ ᠤᠨ ᠬᠥᠭᠵᠢᠯᠲᠡ ᠶᠢᠨ ᠬᠢᠷᠢ ᠳᠥᠪᠰᠢᠨ ᠪᠦᠬᠦ ᠤᠯᠤᠰ ᠤᠨ ᠡᠮᠦᠨ᠎ᠡ ᠡᠩᠨᠡᠭᠡᠨ ᠳᠤ ᠣᠷᠣᠵᠠᠢ᠃     ︽ᠪᠢᠳᠠ ᠣᠳᠣ ᠶᠠᠭ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠦᠵᠦᠭᠦᠷᠰᠢᠭᠰᠡᠨ᠂ ᠣᠯᠠᠨ ᠡᠰᠢᠵᠢᠭᠰᠡᠨ᠂ ᠨᠡᠭᠦᠷᠡᠰᠦᠳᠦ᠋ᠷᠦᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ ᠶᠢ ᠶᠡᠭᠡ ᠪᠠᠷ ᠠᠬᠢᠭᠤᠯᠵᠤ᠂ 2025 ᠣᠨ ᠪᠤᠯᠬᠤ ᠳᠤ ᠣᠳᠣ ᠦᠶ᠎ᠡ ᠶᠢᠨ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠦᠢᠯᠡᠳᠪᠦᠷᠢᠯᠡᠯ ᠤᠨ ᠴᠢᠳᠠᠪᠤᠷᠢ ᠶᠢ 3000 ᠲᠦᠮᠡᠨ ᠲᠤᠨ ᠳᠤ ᠬᠦᠷᠭᠡᠵᠤ᠂ ᠲᠥᠷᠥᠯ ᠵᠦᠢᠯ ᠨᠢ ᠪᠦᠷᠢᠨ᠂ ᠰᠢᠰᠲ᠋ᠧᠮ ᠨᠢ ᠪᠦᠷᠢᠨ᠂ ᠲᠡᠷᠢᠭᠦᠨ ᠤ ᠮᠡᠷᠭᠡᠵᠢᠯ  ᠲᠠᠢ᠂ ᠲᠡᠷᠢᠭᠦᠨ ᠤ ᠬᠡᠪᠴᠢᠶᠡᠵᠢᠯ ᠲᠠᠢ ᠳᠡᠯᠡᠬᠡᠢ ᠶᠢᠨ ᠲᠡᠰ ᠤᠨ ᠣᠳᠣ ᠦᠶ᠎ᠡ ᠶᠢᠨ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠢ ᠲᠦᠷᠭᠡᠳᠬᠡᠨ ᠴᠤᠭᠴᠠᠯᠠᠬᠤ ᠪᠠᠷ ᠴᠢᠷᠮᠠᠶᠢᠵᠤ ᠪᠠᠶᠢᠨ᠎ᠠ︾ ᠭᠡᠵᠤ ᠳ᠋ᠦ᠋ ᠬᠤᠢ ᠯᠢᠶᠠᠩ ᠶᠠᠷᠢᠨ᠎ᠠ᠃     ᠡᠨᠧᠷᠬᠢ ᠶᠢᠨ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠵᠤ᠂ ᠣᠳᠣ ᠦᠶ᠎ᠡ ᠶᠢᠨ ᠡᠨᠧᠷᠬᠢ ᠶᠢᠨ ᠠᠵᠤ ᠠᠬᠤᠢ ᠶᠢ ᠬᠥᠭᠵᠢᠭᠦᠯᠬᠦ ᠳᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠤᠯᠭᠠᠭᠤᠷᠢᠯᠠᠯ ᠱᠠᠭᠠᠷᠳᠠᠭᠳᠠᠨ᠎ᠠ᠃ ᠣᠶᠢᠷ᠎ᠠ ᠶᠢᠨ ᠵᠢᠯ ᠠᠴᠠ ᠨᠠᠭᠠᠰᠢ᠂ ᠣᠷᠳᠣᠰ ᠬᠤᠲᠠ ᠠᠵᠤ ᠦᠢᠯᠡᠰ ᠤᠨ ᠬᠢᠯᠬᠢᠶ᠎ᠡ ᠶᠢᠨ ᠲᠤᠭᠤᠷᠢᠨ ᠳᠤ ᠰᠢᠨ᠎ᠡ ᠶᠢ ᠡᠭᠦᠳᠬᠦ ᠬᠡᠯᠬᠢᠶ᠎ᠡ ᠶᠢ ᠢᠳᠡᠪᠬᠢᠲᠡᠢ ᠪᠠᠷᠢᠯᠠᠭᠤᠯᠵᠤ᠂ ᠠᠵᠤ ᠦᠢᠯᠡᠰ᠂ ᠰᠢᠨ᠎ᠡ ᠶᠢ ᠡᠭᠦᠳᠬᠦ᠂ ᠪᠡᠯᠡ ᠮᠥᠩᠭᠦ᠂ ᠴᠢᠳᠠᠪᠤᠷᠢᠲᠠᠨ ᠤ︽ᠳᠥᠷᠪᠡᠨ ᠬᠡᠯᠬᠢᠶ᠎ᠡ︾ ᠶᠢᠨ ᠭᠦᠨᠵᠡᠭᠡᠢ ᠠᠭᠤᠰᠤᠯᠴᠠᠯ ᠢ ᠠᠬᠢᠭᠤᠯᠵᠤ ᠪᠤᠢ᠃      ︽ᠰᠢᠨ᠎ᠡ ᠶᠢ ᠡᠭᠦᠳᠬᠦ ᠨᠢ ᠣᠷᠳᠣᠰ ᠤᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠬᠥᠲᠥᠯᠦᠨ ᠳᠠᠭᠠᠭᠤᠯᠬᠤ ᠬᠠᠮᠤᠭ ᠤᠨ ᠴᠢᠩᠭ᠎ᠠ ᠬᠥᠳᠡᠯᠬᠡᠬᠦ ᠬᠦᠴᠦᠨ ᠪᠤᠯᠵᠤ ᠪᠠᠶᠢᠨ᠎ᠠ︾᠃ ᠳ᠋ᠦ᠋ ᠬᠤᠢ ᠯᠢᠶᠠᠩ᠂ ᠣᠷᠳᠣᠰ ᠬᠤᠲᠠ ᠰᠢᠨᠵᠢᠯᠡᠬᠦ ᠤᠬᠠᠭᠠᠨ ᠮᠡᠷᠭᠡᠵᠢᠯ ᠤᠨ ︽ᠪᠦᠰᠡᠯᠡᠯᠲᠡ ᠰᠢᠪᠲᠤᠯᠠᠬᠤ︾ ᠢᠨᠵᠧᠨᠧᠷᠢᠩ ᠢ ᠶᠡᠭᠡ ᠪᠠᠷ ᠬᠡᠷᠡᠭᠵᠢᠭᠦᠯᠵᠤ᠂ ᠰᠢᠨᠵᠢᠯᠡᠬᠦ ᠤᠬᠠᠭᠠᠨᠲᠠᠨ ᠠᠵᠤ ᠠᠬᠤᠶᠢᠯᠠᠯᠲᠠᠨ ᠤ ︽ᠭᠠᠷ ᠬᠤᠯᠪᠤᠬᠤ︾ ᠠᠵᠢᠯᠯᠠᠭ᠎ᠠ ᠶᠢ ᠥᠷᠨᠢᠭᠦᠯᠦᠨ᠂ ᠨᠡᠩ ᠤᠯᠠᠨ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ︽ᠲᠤᠷᠰᠢᠯᠲᠠ ᠶᠢᠨ ᠲᠠᠰᠤᠭ︾ ᠠᠴᠠ ︽ᠲᠣᠮᠣ ᠵᠠᠬ᠎ᠠ ᠳᠡᠯᠭᠡᠭᠦᠷ︾ ᠲᠤ ᠣᠷᠣᠭᠤᠯᠵᠣ᠂ ︽ᠦᠢᠯᠡᠳᠪᠦᠷᠢᠯᠡᠯ ᠤᠨ ᠱᠤᠭᠤᠮ︾ ᠲᠡᠶᠢᠰᠢ ᠤᠷᠤᠭᠰᠢᠯᠠᠭᠤᠯᠬᠤ ᠶᠢ ᠠᠬᠢᠭᠤᠯᠵᠤ᠂ ᠡᠨᠧᠷᠬᠢ ᠶᠢᠨ ᠬᠦᠷᠢᠶ᠎ᠡ ᠴᠠᠷᠠᠭᠠᠨ ᠳᠤ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ ᠤᠷᠢᠳ ᠢᠶᠠᠷ ᠪᠦᠷᠢᠯᠳᠦᠭᠦᠯᠵᠤ᠂ ᠡᠬᠢ ᠪᠠᠶᠠᠯᠢᠭ ᠤᠨ ᠬᠡᠯᠪᠡᠷᠢ ᠶᠢᠨ ᠬᠤᠲᠠ ᠶᠢᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠵᠠᠮᠨᠠᠨ᠎ᠠ ᠭᠡᠵᠤ ᠪᠠᠶᠢᠯ᠎ᠠ᠃
640 (1).jpg
                      ᠰᠢᠨᠬᠤᠸᠠ ᠬᠤᠷᠢᠶ᠎ᠠ ᠶᠢᠨ ᠡᠳᠦᠷ ᠪᠦᠷᠢ ᠶᠢᠨ ᠴᠠᠬᠢᠯᠭᠠᠨ ᠮᠡᠳᠡᠭᠡᠨ ᠤ ᠰᠤᠷᠪᠤᠯᠵᠢᠯᠠᠭᠴᠢ ᠵᠤ᠋ ᠸᠧᠨ ᠵᠧ 
ᠢᠷᠡᠯᠲᠡ᠄ ᠣᠷᠳᠣᠰ ᠤᠨ ᠡᠳᠦᠷ ᠤᠨ ᠰᠤᠨᠢᠨ