ᠣᠶᠢᠷ᠎ᠠ ᠶᠢᠨ ᠡᠳᠦᠷ᠂ ᠣᠲᠤᠭ ᠤᠨ ᠡᠮᠦᠨᠡᠲᠦ ᠬᠤᠰᠢᠭᠤᠨ ᠤ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠬᠡᠮᠯᠢᠭ ᠤᠨ ᠬᠢᠨ ᠲᠠᠷᠢᠶᠠᠯᠠᠩ ᠮᠠᠯ ᠠᠵᠤ ᠠᠬᠤᠢ | ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠤᠰᠬᠠᠢ ᠮᠡᠷᠭᠡᠵᠢᠯᠲᠡᠨ ᠢ ᠵᠤᠬᠢᠶᠠᠨ ᠪᠠᠶᠢᠭᠤᠯᠤᠨ ᠲᠠᠷᠢᠶᠠᠨ ᠭᠠᠵᠠᠷ ᠲᠤ ᠭᠦᠨᠵᠡᠭᠡᠶᠢᠷᠡᠵᠤ᠂ ᠬᠠᠪᠤᠷ ᠤᠨ ᠲᠠᠷᠢᠶᠠᠯᠠᠭ᠎ᠠ | ᠶᠢᠨ ᠪᠡᠯᠡᠳᠬᠡᠯ ᠠᠵᠢᠯ ᠳᠤ ᠬᠦᠴᠦᠨ ᠨᠡᠮᠡᠷᠢᠯᠡᠵᠤ᠂ ᠰᠢᠨᠵᠢᠯᠡᠬᠦ ᠤᠬᠠᠭᠠᠨ ᠮᠡᠷᠭᠡᠵᠢᠯ ᠢᠶᠠᠷ ᠲᠠᠷᠢᠶᠠᠯᠠᠩ ᠮᠠᠯ ᠠᠵᠤ ᠠᠬᠤᠢ ᠶᠢ ᠬᠥᠭᠵᠢᠭᠦᠯᠦᠨ᠂ ᠮᠠᠯᠴᠢᠨ | ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠶᠢ ᠠᠬᠢᠭᠤᠯᠵᠤ ᠪᠠᠶᠢᠨ᠎ᠠ᠃ | | | ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠲᠤᠰᠬᠠᠢ ᠮᠡᠷᠭᠡᠵᠢᠯᠲᠡᠨ ᠤ ᠪᠦᠯᠬᠦᠮ ᠤᠷᠢᠳ ᠬᠤᠵᠢᠳ ᠨᠠᠩᠰᠤ ᠪᠠᠯᠭᠠᠰᠤ ᠶᠢᠨ ᠬᠠᠷᠭᠠᠨ᠎ᠠ | ᠶᠢᠨ ᠠᠵᠤ ᠦᠢᠯᠡᠰ ᠤᠨ ᠰᠤᠳᠤᠯᠤᠨ ᠨᠡᠭᠡᠭᠡᠬᠦ ᠲᠥᠪ᠂ ᠪᠠᠶᠠᠠᠬᠤᠷᠠᠬᠤ ᠭᠠᠴᠠᠭ᠎ᠠ ᠶᠢᠨ ᠨᠤᠲᠤᠭ ᠤᠨ ᠴᠢᠳᠠᠪᠤᠷᠢᠲᠠᠨ ᠤ ᠠᠵᠢᠯ ᠤᠨ ᠥᠷᠲᠡᠭᠡ᠂ ᠮᠢᠬᠠᠨ ᠬᠤᠨᠢᠨ ᠤ | ᠬᠡᠭᠡᠯᠲᠦᠭᠦᠯᠭᠡ ᠶᠢᠨ ᠡᠭᠦᠯᠳᠡᠷ ᠰᠠᠶᠢᠵᠢᠷᠠᠭᠤᠯᠬᠤ ᠥᠷᠲᠡᠭᠡ ᠳᠤ ᠬᠦᠷᠴᠦ᠂ ᠪᠠᠶᠢᠴᠠᠭᠠᠨ ᠰᠤᠳᠣᠯᠣᠯᠲᠠ ᠬᠢᠵᠤ᠂ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ | ᠶᠢᠨ ᠬᠡᠪᠴᠢᠶ᠎ᠡ᠂ ᠲᠥᠷᠥᠯ ᠵᠦᠢᠯ ᠤᠨ ᠡᠵᠡᠩᠨᠡᠯᠲᠡ᠂ ᠴᠢᠳᠠᠪᠤᠷᠢᠲᠠᠨ ᠤ ᠬᠠᠮᠲᠤᠷᠠᠯᠴᠠᠭ᠎ᠠ ᠵᠡᠷᠭᠡ ᠲᠠᠯ᠎ᠠ ᠶᠢᠨ ᠦᠨᠳᠦᠰᠦᠨ ᠪᠠᠶᠢᠳᠠᠯ ᠢ ᠨᠠᠷᠢᠨ ᠲᠤᠳᠤᠷᠬᠠᠢ | ᠣᠶᠢᠯᠭᠠᠬᠤ ᠶᠢᠨ ᠬᠠᠮᠲᠤ ᠦᠢᠯᠡᠳᠪᠦᠷᠢᠯᠡᠯ ᠡᠵᠡᠩᠨᠡᠯᠲᠡ ᠶᠢᠨ ᠳᠤᠮᠳᠠ ᠣᠷᠣᠰᠢᠵᠣ ᠪᠠᠶᠢᠭ᠎ᠠ ᠬᠦᠴᠢᠷᠳᠡᠯ ᠢ ᠭᠦᠨᠵᠡᠭᠡᠢ ᠵᠠᠳᠠᠯᠵᠤ᠂ ᠡᠨᠡ ᠵᠢᠯ ᠤᠨ ᠰᠢᠨᠵᠢᠯᠡᠬᠦ | ᠤᠬᠠᠭᠠᠨ ᠮᠡᠷᠭᠡᠵᠢᠯ ᠤᠨ ᠲᠥᠷᠥᠯ ᠵᠦᠢᠯ ᠢ ᠭᠤᠶᠤᠴᠢᠯᠠᠨ ᠮᠡᠳᠡᠭᠦᠯᠵᠤ᠂ ᠨᠡᠩ ᠣᠯᠠᠨ ᠪᠡᠯᠡ ᠮᠥᠩᠭᠦᠨ ᠤ ᠳᠡᠮᠵᠢᠯᠭᠡ ᠦᠵᠡᠭᠦᠯᠬᠦ ᠪᠠᠷ ᠪᠤᠯᠪᠠ᠃ | ᠱᠠᠩᠬᠠᠢ ᠶᠢᠨ ᠰᠦᠮ᠎ᠡ ᠪᠠᠯᠭᠠᠰᠤᠨ ᠳᠤ᠂ ᠬᠤᠰᠢᠭᠤᠨ ᠤ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠬᠡᠮᠯᠢᠭ ᠤᠨ ᠬᠢᠨ ᠮᠠᠯᠴᠢᠨ ᠲᠠᠷᠢᠶᠠᠴᠢᠨ ᠡᠷᠦᠬᠡ ᠳᠤ | ᠭᠦᠨᠵᠡᠭᠡᠶᠢᠷᠡᠨ᠂ ᠤᠰᠤ ᠬᠦᠷᠦᠰᠦ ᠶᠢ ᠰᠢᠯᠭᠠᠨ ᠪᠠᠶᠢᠴᠠᠭᠠᠵᠤ᠂ ᠬᠦᠷᠦᠰᠦ ᠰᠢᠷᠣᠢ ᠶᠢᠨ ᠣᠨᠴᠠᠯᠢᠭ ᠪᠠ ᠬᠦᠷᠦᠰᠦ ᠰᠢᠷᠤᠢ ᠶᠢᠨ ᠲᠠᠷᠬᠠᠯᠲᠠ ᠶᠢᠨ ᠵᠢᠮ᠎ᠡ ᠶᠤᠰᠤ ᠶᠢ | ᠵᠠᠳᠠᠯᠤᠨ ᠰᠤᠳᠤᠯᠵᠤ᠂ ᠲᠠᠷᠢᠶᠠᠨ ᠭᠠᠵᠠᠷ ᠤᠨ ᠶᠠᠰᠤ ᠴᠢᠨᠠᠷ ᠢ ᠳᠡᠭᠡᠭᠰᠢᠯᠡᠭᠦᠯᠬᠦ ᠪᠠ ᠬᠠᠮᠠᠭᠠᠯᠠᠬᠤ ᠳᠤ ᠳᠡᠮᠵᠢᠯᠭᠡ ᠦᠵᠡᠭᠦᠯᠪᠡ᠃ ᠡᠭᠦᠨ ᠤ ᠬᠠᠮᠲᠤ᠂ ᠭᠦᠬᠤᠰᠤ | ᠭᠠᠴᠠᠭᠠᠨ ᠳᠤ ︽ᠰᠢᠨᠵᠢᠯᠡᠬᠦ ᠤᠬᠠᠭᠠᠨ ᠮᠡᠷᠭᠡᠵᠢᠯ ᠢᠶᠠᠷ ᠬᠠᠪᠤᠷ ᠤᠨ ᠲᠠᠷᠢᠶᠠᠯᠠᠭ᠎ᠠ ᠶᠢ ᠬᠦᠴᠦᠯᠡᠨ ᠲᠤᠰᠠᠯᠠᠬᠤ︾ ᠲᠤᠰᠬᠠᠢ ᠰᠡᠳᠤᠪᠲᠦ ᠪᠤᠯᠪᠠᠰᠤᠷᠠᠯ ᠢ ᠵᠤᠬᠢᠶᠠᠨ | ᠪᠠᠶᠢᠭᠤᠯᠤᠨ ᠥᠷᠨᠢᠭᠦᠯᠵᠤ᠂ ᠮᠠᠯᠴᠢᠨ ᠲᠠᠷᠢᠶᠠᠴᠢᠳ ᠢ ᠬᠠᠪᠰᠤᠷᠤᠨ ᠡᠷᠳᠡᠨᠢ ᠰᠢᠰᠢ ᠲᠠᠷᠢᠬᠤ ᠶᠠᠪᠤᠴᠠ ᠳᠤ ᠲᠤᠯᠭᠠᠷᠠᠭᠰᠠᠨ ᠪᠤᠳᠠᠲᠠᠢ ᠠᠰᠠᠭᠤᠳᠠᠯ ᠢ ᠨᠢ | ᠰᠢᠢᠳᠪᠦᠷᠢᠯᠡᠵᠤ᠂ ᠰᠡᠭᠦᠯᠴᠢ ᠶᠢᠨ ᠬᠤᠭᠤᠴᠠᠭᠠᠨ ᠤ ᠡᠪᠡᠳᠴᠢᠨ ᠬᠤᠷᠤᠬᠠᠢ ᠶᠢᠨ ᠬᠥᠨᠦᠭᠡᠯ ᠢ ᠰᠡᠷᠭᠡᠶᠢᠯᠡᠨ ᠵᠠᠰᠠᠬᠤ᠂ ᠲᠠᠷᠢᠶᠠᠨ ᠡᠮ ᠬᠡᠷᠡᠭᠯᠡᠬᠦ ᠬᠡᠮᠵᠢᠶ᠎ᠡ ᠵᠢᠴᠢ | ᠡᠪᠡᠰᠦ ᠠᠷᠢᠯᠭᠠᠭᠴᠢ ᠶᠢ ᠠᠮᠤᠷ ᠳᠥᠪᠰᠢᠨ ᠢᠶᠠᠷ ᠬᠡᠷᠡᠭᠯᠡᠬᠦ ᠵᠡᠷᠭᠡ ᠲᠠᠯ᠎ᠠ ᠪᠠᠷ ᠮᠡᠷᠭᠡᠵᠢᠯ ᠤᠨ ᠵᠢᠯᠤᠭᠤᠳᠤᠯᠭ᠎ᠠ ᠬᠢᠭᠰᠡᠨ ᠪᠠᠶᠢᠨ᠎ᠠ᠃ | | | |