ᠳ᠋ᠦ᠋ ᠬᠤᠢ ᠯᠢᠶᠠᠩ ᠲᠥᠯᠥᠭᠡᠯᠡᠭᠴᠢ᠄ ᠣᠷᠳᠣᠰ ᠤᠨ ︽ᠳᠤᠯᠠᠭᠠᠨ ᠬᠤᠲᠠ︾ ᠶᠢᠨ ᠨᠡᠷ᠎ᠡ ᠶᠢᠨ ᠬᠠᠭᠤᠳᠠᠰᠤ ᠶᠢ ᠠᠯᠳᠠᠷᠰᠢᠭᠤᠯᠵᠤ ︽ᠰᠤᠶᠤᠯ ᠵᠤᠭᠠᠴᠠᠯ +︾ ᠤᠨ ᠡᠵᠡᠩᠨᠡᠯᠲᠡ ᠶᠢᠨ ᠬᠡᠯᠪᠡᠷᠢ ᠪᠠᠶᠢᠳᠠᠯ ᠤᠨ ᠰᠢᠨ᠎ᠡ ᠶᠢ ᠡᠭᠦᠳᠬᠦ ᠶᠢ ᠠᠬᠢᠭᠤᠯᠤᠨ᠎ᠠ
ᠨᠡᠶᠢᠲᠡᠯᠡᠭᠰᠡᠨ ᠴᠠᠭ᠄
2024/3/14
      ᠨᠢᠳᠤᠨᠤᠨ ᠠᠴᠠ ᠡᠬᠢᠯᠡᠨ᠂ ᠪᠦᠬᠦ ᠤᠯᠤᠰ ᠤᠨ ᠰᠤᠶᠤᠯ ᠵᠤᠭᠠᠴᠠᠯ ᠤᠨ ᠠᠵᠤ ᠠᠬᠤᠢ ᠦᠷᠭᠦᠯᠵᠢᠯᠡᠨ ᠰᠠᠶᠢᠵᠢᠷᠠᠵᠤ᠂ ︽ᠰᠤᠶᠤᠯ ᠵᠤᠭᠠᠴᠠᠯ ᠤᠨ ᠬᠠᠯᠠᠮᠰᠢᠯ︾ ᠨᠢ ᠵᠠᠩᠬᠢᠯᠠᠭ᠎ᠠ ᠶᠢᠨ ᠦᠭᠡ ᠪᠤᠯᠵᠤ᠂ ᠣᠷᠳᠣᠰ ᠬᠤᠲᠠ ᠴᠦ ︽ᠳᠤᠯᠠᠭᠠᠨ ᠬᠤᠲᠠ︾ ᠶᠢᠨ ᠲᠥᠷᠥᠯ ᠲᠡᠮᠲᠡᠭᠲᠦ ᠶᠢ ᠪᠤᠢ ᠪᠤᠯᠭᠠᠵᠤ᠂ ᠰᠤᠶᠤᠯ ᠵᠤᠭᠠᠴᠠᠯ ᠢᠶᠠᠷ ᠠᠷᠠᠳ ᠲᠤ ᠠᠰᠢᠭ ᠬᠦᠷᠲᠡᠭᠡᠬᠦ ᠬᠡᠷᠡᠭᠯᠡᠭᠡᠨ ᠤ ᠤᠯᠠᠷᠢᠯ᠂ ᠳᠤᠯᠠᠭᠠᠨ ᠬᠤᠲᠠ ᠶᠢᠨ ᠳᠣᠯᠣᠭᠠᠨ ᠴᠠᠭ ᠬᠠᠭᠠᠰ ᠵᠡᠷᠭᠡ ᠰᠤᠶᠤᠯ ᠵᠤᠭᠠᠴᠠᠯ ᠤᠨ ᠬᠡᠷᠡᠭᠯᠡᠭᠡ ᠶᠢ ᠠᠬᠢᠭᠤᠯᠬᠤ ᠰᠢᠷᠢᠰ ᠠᠵᠢᠯᠯᠠᠭ᠎ᠠ ᠶᠢ ᠥᠷᠨᠢᠭᠦᠯᠵᠤ᠂ ᠬᠤᠯᠠ ᠠᠴᠠ ᠬᠦᠷᠦᠯᠴᠡᠨ ᠢᠷᠡᠭᠰᠡᠨ ᠵᠤᠭᠠᠴᠠᠭᠰᠠᠳ ᠤᠨ ᠠᠩᠬᠠᠷᠤᠯ ᠢ ᠲᠠᠲᠠᠪᠠ᠃ ᠰᠤᠶᠤᠯ ᠵᠤᠭᠠᠴᠠᠯ ᠤᠨ ᠬᠥᠭᠵᠢᠯᠲᠡ ᠶᠢᠨ ᠲᠠᠯ᠎ᠠ ᠪᠠᠷ᠂ ᠤᠷᠳᠤᠰ ᠲᠤ ᠶᠠᠮᠠᠷ ᠶᠠᠮᠠᠷ ᠬᠢᠯᠠᠰ ᠴᠡᠭ ᠪᠠᠶᠢᠬᠤ᠂ ᠢᠷᠡᠭᠡᠳᠦᠢ ᠳᠤ ᠶᠠᠮᠠᠷ ᠶᠠᠮᠠᠷ ᠠᠵᠢᠯᠯᠠᠭ᠎ᠠ ᠪᠠᠶᠢᠬᠤ ᠪᠤᠢ︖ ᠰᠤᠶᠤᠯ ᠵᠤᠭᠠᠴᠠᠯ  ᠤᠨ ᠠᠭᠤᠰᠤᠯᠴᠠᠯ ᠤᠨ ᠴᠢᠨᠠᠷ ᠰᠠᠶᠢᠲᠠᠢ ᠬᠥᠭᠵᠢᠯᠲᠡ ᠶᠢᠨ ᠲᠠᠯ᠎ᠠ ᠪᠠᠷ ᠶᠠᠮᠠᠷ ᠶᠠᠮᠠᠷ ᠦᠢᠯᠡᠳᠦᠯᠭᠡ ᠶᠢᠨ ᠲᠤᠷᠰᠢᠯᠭ᠎ᠠ ᠶᠢ ᠬᠤᠪᠢᠶᠠᠯᠴᠠᠵᠤ ᠪᠤᠯᠬᠤ ᠪᠤᠢ︖ ᠡᠳᠡᠭᠡᠷ ᠠᠰᠠᠭᠤᠳᠠᠯ ᠳᠤ ᠴᠢᠭᠯᠡᠭᠦᠯᠦᠨ᠂ ᠳᠤᠮᠳᠠᠳᠤ ᠤᠯᠤᠰ ᠤᠨ ᠰᠦᠯᠵᠢᠶᠡᠨ ᠤ ᠰᠤᠷᠪᠤᠯᠵᠢᠯᠠᠭᠴᠢ ᠬᠤᠶᠠᠷ ᠬᠤᠷᠠᠯ ᠳᠤ ᠤᠷᠤᠯᠴᠠᠬᠤ ᠪᠠᠷ ᠪᠡᠭᠡᠵᠢᠩ ᠳᠤ ᠢᠷᠡᠭᠰᠡᠨ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠤᠷᠳᠤᠰ ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠲᠠ  ᠶᠢᠨ ᠳᠠᠷᠤᠭ᠎ᠠ ᠳ᠋ᠦ᠋ ᠬᠤᠢ ᠯᠢᠶᠠᠩ ᠢ ᠰᠤᠷᠪᠤᠯᠵᠢᠯᠠᠪᠠ᠃
640.jpg
      ᠤᠷᠳᠤᠰ ᠬᠤᠲᠠ ᠪᠤᠯ ᠡᠨᠧᠷᠬᠢ ᠶᠢᠨ ᠬᠤᠲᠠ᠂ ᠮᠦᠨ ᠴᠦ ᠥᠩᠭᠡ ᠦᠵᠡᠮᠵᠢ ᠪᠦᠷᠢᠳᠦᠭᠰᠡᠨ ᠬᠤᠲᠠ ᠪᠤᠯᠬᠤ ᠶᠤᠮ᠃ ᠳ᠋ᠦ᠋ ᠬᠤᠢ ᠯᠢᠶᠠᠩ ᠲᠠᠨᠢᠯᠴᠠᠭᠤᠯᠬᠤ  ᠳᠠᠭᠠᠨ᠂ ᠬᠠᠲᠤᠨ ᠭᠤᠣᠯ ᠤᠨ ᠲᠣᠬᠤᠢ ᠶᠢᠨ ᠥᠷᠥᠴᠡᠨ ᠳᠤ᠂ ᠶᠡᠭᠡ ᠭᠤᠣᠯ᠂ ᠶᠡᠭᠡ ᠡᠯᠡᠰᠦᠨ ᠴᠥᠯ᠂ ᠶᠡᠭᠡ ᠲᠠᠯ᠎ᠠ ᠨᠣᠲᠤᠭ᠂ ᠶᠡᠭᠡ ᠬᠠᠪᠴᠢᠯ ᠵᠡᠷᠭᠡ ᠥᠩᠭᠡ ᠢᠯᠭᠠᠷᠠᠭᠰᠠᠨ ᠪᠠᠶᠢᠭᠠᠯᠢ ᠶᠢᠨ ᠦᠵᠡᠮᠵᠢ ᠲᠠᠢ ᠪᠠᠶᠢᠳᠠᠭ᠃ ᠪᠣᠷᠣᠳᠣᠬᠤᠢ ᠶᠢᠨ ᠪᠤᠯᠪᠠᠰᠤᠨ ᠤ ᠲᠦᠮᠡᠨ ᠵᠢᠯ ᠤᠨ ᠰᠢᠮ᠎ᠡ ᠪᠠᠷ ᠲᠠᠷᠢᠶᠠᠯᠠᠬᠤ ᠰᠤᠶᠤᠯ᠂ ᠨᠡᠭᠦᠳᠡᠯ ᠮᠠᠯᠵᠢᠯ ᠤᠨ ᠰᠤᠶᠤᠯ᠂ ᠬᠤᠪᠢᠰᠬᠠᠯᠲᠤ ᠰᠤᠶᠤᠯ ᠵᠡᠷᠭᠡ ᠲᠡᠦᠬᠡ ᠰᠤᠶᠤᠯ ᠨᠢ ᠠᠵᠤ ᠦᠢᠯᠡᠳᠪᠦᠷᠢ ᠶᠢᠨ ᠪᠤᠯᠪᠠᠰᠤᠨ᠂ ᠬᠤᠳᠠᠯᠳᠤᠭᠠᠨ ᠤ ᠪᠤᠯᠪᠠᠰᠤᠨ᠂ ᠬᠤᠲᠠ ᠶᠢᠨ ᠪᠤᠯᠪᠠᠰᠤᠨ ᠵᠡᠷᠭᠡ ᠣᠳᠣ ᠦᠶ᠎ᠡ ᠶᠢᠨ ᠪᠤᠯᠪᠠᠰᠤᠨ ᠲᠠᠢ ᠰᠤᠯᠪᠢᠴᠠᠵᠤ᠂ ᠰᠤᠶᠤᠯ ᠵᠤᠭᠠᠴᠠᠯ ᠤᠨ ᠡᠬᠢ ᠪᠠᠶᠠᠯᠢᠭ ᠢ ᠡᠯᠪᠡᠭ ᠳᠡᠯᠪᠡᠭ ᠪᠤᠯᠭᠠᠵᠠᠢ ᠬᠡᠪᠡ᠃
640 (1).jpg
      ᠳ᠋ᠦ᠋ ᠬᠤᠢ ᠯᠢᠶᠠᠩ᠂ ᠣᠷᠳᠣᠰ ᠬᠤᠲᠠ ᠰᠤᠶᠤᠯ ᠵᠤᠭᠠᠴᠠᠯ ᠤᠨ ᠠᠵᠤ ᠦᠢᠯᠡᠰ ᠤᠨ ᠬᠥᠭᠵᠢᠯᠲᠡ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠪᠠᠶᠢᠨ᠎ᠠ᠃ 2023 ᠣᠨ ᠠᠴᠠ ᠨᠠᠭᠠᠰᠢ᠂ ᠪᠦᠬᠦ ᠤᠯᠤᠰ ᠤᠨ ᠰᠤᠶᠤᠯ ᠵᠤᠭᠠᠴᠠᠯ ᠤᠨ ᠵᠠᠬ᠎ᠠ ᠳᠡᠯᠭᠡᠭᠦᠷ ᠤᠨ ᠰᠡᠷᠭᠦᠯᠲᠡ ᠶᠢᠨ ︽ᠰᠢᠵᠢᠷ ᠠᠯᠳᠠᠨ ᠬᠤᠭᠤᠴᠠᠭ᠎ᠠ︾ ᠶᠢ ᠠᠮᠵᠢᠵᠤ᠂ ᠵᠤᠭᠠᠴᠠᠯ ᠤᠨ ᠵᠠᠬ᠎ᠠ ᠳᠡᠯᠭᠡᠭᠦᠷ ᠢ ᠬᠥᠭᠵᠢᠭᠦᠯᠵᠤ ᠵᠤᠭᠠᠴᠠᠯ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠥᠷᠥ ᠶᠢᠨ ᠪᠤᠳᠤᠯᠭ᠎ᠠ ᠠᠷᠭ᠎ᠠ ᠬᠡᠮᠵᠢᠶ᠎ᠡ ᠨᠦᠭᠦᠳ ᠢ ᠲᠤᠭᠲᠠᠭᠠᠵᠤ᠂ ᠣᠷᠳᠣᠰ ᠨᠡᠷᠡᠮᠵᠢᠲᠦ ᠪᠣᠳᠣᠭᠲᠤ ᠨᠢᠰᠭᠡᠯ᠂ ᠰᠢ ᠠᠨ ᠠᠴᠠ ᠣᠷᠳᠣᠰ ᠬᠦᠷᠬᠦ ᠳᠤᠯᠠᠭᠠᠨ ᠬᠤᠲᠠ ᠶᠢᠨ ᠭᠠᠯᠲᠤ ᠲᠡᠷᠭᠡ  ᠶᠢ ᠨᠡᠪᠲᠡᠷᠡᠭᠦᠯᠦᠨ᠂ ᠪᠡᠭᠡᠵᠢᠩ ᠲᠢᠶᠠᠨᠵᠢᠨ ᠡᠾᠧᠪᠧᠢ᠂ ᠬᠦᠬᠡᠮᠦ᠋ᠷᠡᠨ ᠤ ᠭᠤᠷᠪᠠᠯᠵᠢᠨ ᠬᠤᠶᠢᠭ᠂ ᠭᠤᠸᠠᠩᠳᠦ᠋ᠩ ᠰᠢᠶᠠᠩᠭᠠᠩ ᠣᠣᠮᠧᠨ ᠵᠢᠴᠢ ᠰᠢ ᠠᠨ ᠵᠡᠷᠭᠡ ᠭᠤᠣᠯᠳᠠᠯᠭ᠎ᠠ ᠲᠠᠢ ᠠᠶᠠᠨᠴᠢᠳ ᠤᠨ ᠢᠷᠡᠯᠲᠡ ᠶᠢᠨ ᠭᠠᠵᠠᠷ ᠢᠶᠠᠷ ᠬᠦᠴᠦ ᠵᠤᠭᠠᠴᠠᠯ ᠤᠨ ᠲᠠᠨᠢᠯᠴᠠᠭᠤᠯᠭ᠎ᠠ᠂ ᠠᠷᠠᠯᠵᠢᠶᠠᠴᠢᠨ ᠤᠷᠢᠬᠤ ᠠᠵᠢᠯᠯᠠᠭ᠎ᠠ ᠶᠢ 16 ᠤᠳᠠᠭ᠎ᠠ ᠥᠷᠨᠢᠭᠦᠯᠵᠤ᠂ ᠤᠯᠤᠰ ᠤᠨ ᠲᠤᠳᠤᠭᠠᠳᠤ ᠭᠠᠳᠠᠭᠠᠳᠤ ᠶᠢᠨ 100 ᠭᠠᠷᠤᠢ ᠲᠤᠮᠤ ᠬᠤᠲᠠ ᠳᠤ ︽ᠤᠷᠳᠤᠰ ᠢ ᠭᠡᠷᠡᠯᠳᠦᠭᠦᠯᠬᠦ︾ ᠠᠵᠢᠯᠯᠠᠭ᠎ᠠ ᠥᠷᠨᠢᠭᠦᠯᠵᠤ᠂ ᠵᠤᠭᠠᠴᠠᠭᠰᠠᠳ ᠢ ᠬᠦᠯᠢᠶᠡᠨ ᠠᠪᠤᠭᠰᠠᠨ ᠲᠤᠭ᠎ᠠ ᠪᠠ ᠵᠤᠭᠠᠴᠠᠯ ᠤᠨ ᠤᠷᠤᠯᠭ᠎ᠠ ᠲᠤᠰ ᠲᠤᠰ 199% ᠪᠠ 311% ᠪᠠᠷ ᠨᠡᠮᠡᠭᠳᠡᠵᠤ᠂ ᠪᠦᠬᠦ ᠬᠤᠲᠠ ᠶᠢᠨ ᠨᠡᠶᠢᠬᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠪᠤᠷᠤᠯᠠᠭᠤᠯᠤᠭᠰᠠᠨ ᠪᠦᠬᠦ ᠲᠤᠭ᠎ᠠ ᠶᠢ ᠳᠠᠶᠢᠴᠢᠯᠠᠨ 9.1% ᠪᠠᠷ ᠨᠡᠮᠡᠭᠳᠡᠭᠦᠯᠵᠤ᠂ 11 ᠵᠢᠯ ᠤᠨ ᠲᠤᠷᠰᠢᠬᠢ ᠬᠠᠮᠤᠭ ᠤᠨ ᠥᠨᠳᠥᠷ ᠬᠡᠮᠵᠢᠶᠡᠨ ᠳᠤ ᠬᠦᠷᠴᠦ᠂ ᠠᠷᠪᠠᠳᠤᠭᠠᠷ ᠬᠤᠭᠤᠴᠠᠭᠠᠨ ᠤ ᠰᠤᠶᠤᠯ ᠪᠠ ᠵᠤᠭᠠᠴᠠᠯ ᠤᠨ ᠠᠭᠤᠰᠤᠯᠴᠠᠯ ᠪᠠ ᠰᠢᠨ᠎ᠡ ᠶᠢ ᠡᠭᠦᠳᠬᠦ ᠶᠠᠷᠢᠶᠠᠨ ᠤ ᠳᠠᠪᠴᠠᠩ ᠳᠡᠭᠡᠷ᠎ᠡ ︽2023 ᠪᠦᠬᠦ ᠤᠯᠤᠰ ᠤᠨ ᠰᠤᠶᠤᠯ ᠪᠠ ᠵᠤᠭᠠᠴᠠᠯ ᠤᠨ ᠴᠢᠨᠠᠷ ᠰᠠᠶᠢᠲᠠᠢ ᠬᠥᠭᠵᠢᠯᠲᠡ ᠶᠢᠨ ᠰᠢᠯᠢᠳᠡᠭ ᠬᠤᠲᠠ︾ ᠪᠠᠷ ᠦᠨᠡᠯᠡᠭᠳᠡᠪᠡ ᠭᠡᠵᠤ ᠢᠯᠡᠷᠬᠡᠶᠢᠯᠡᠪᠡ᠃
0.png
      ᠡᠨᠡ ᠵᠢᠯ ᠤᠨ ᠵᠠᠰᠠᠭ ᠤᠨ ᠤᠷᠳᠤᠨ ᠤ ᠠᠵᠢᠯ ᠤᠨ ᠢᠯᠡᠳᠬᠡᠯ ᠳᠤ ︽ᠤᠯᠤᠰ ᠤᠨ ᠳᠤᠲᠤᠭᠠᠳᠤ ᠶᠢᠨ ᠬᠡᠷᠡᠭᠴᠡᠭᠡ ᠶᠢ ᠬᠦᠴᠦᠯᠡᠨ ᠥᠷᠭᠡᠳᠬᠡᠵᠤ᠂ ᠠᠵᠤ ᠠᠬᠤᠢ ᠶᠢᠨ ᠰᠠᠶᠢᠨ ᠣᠷᠴᠢᠯ ᠢ ᠪᠡᠶᠡᠯᠡᠭᠦᠯᠬᠦ ᠶᠢ ᠠᠬᠢᠭᠤᠯᠬᠤ︾ ᠲᠠᠯ᠎ᠠ ᠪᠠᠷ᠂ ᠡᠨᠡ ᠵᠢᠯ ᠤᠨ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠤ ︽ᠰᠢᠨ᠎ᠡ ᠮᠠᠶ᠋ᠢᠭ ᠤᠨ ᠬᠡᠷᠡᠭᠯᠡᠭᠡ ᠶᠢ ᠪᠤᠶᠢᠵᠢᠭᠤᠯᠤᠨ ᠪᠤᠵᠠᠭᠠᠶᠢᠷᠠᠭᠤᠯᠬᠤ︾᠂ ︽ᠣᠶᠣᠨᠴᠢ ᠭᠡᠷ ᠤᠨ ᠡᠳ᠋ᠯᠡᠯ ᠬᠡᠷᠡᠭᠰᠡᠯ᠂ ᠵᠤᠭ᠎ᠠ ᠴᠡᠩᠬᠡᠯ ᠤᠨ ᠵᠤᠭᠠᠴᠠᠯ᠂ ᠪᠡᠶ᠎ᠡ ᠶᠢᠨ ᠲᠠᠮᠢᠷ  ᠤᠨ ᠤᠷᠤᠯᠳᠤᠭᠠᠨ᠂ ᠤᠯᠤᠰ ᠤᠨ ᠪᠠᠷᠠᠭ᠎ᠠ ᠵᠡᠷᠭᠡ ᠬᠡᠷᠡᠭᠯᠡᠭᠡᠨ ᠤ ᠰᠢᠨ᠎ᠡ ᠨᠡᠮᠡᠭᠳᠡᠯ ᠤᠨ ᠴᠡᠭ ᠢ ᠢᠳᠡᠪᠬᠢᠲᠡᠢ ᠪᠤᠶᠢᠵᠢᠭᠤᠯᠤᠨ᠎ᠠ︾ ᠭᠡᠵᠤ ᠳᠤᠷᠠᠳᠤᠭᠰᠠᠨ ᠪᠠᠶᠢᠨ᠎ᠠ᠃ ᠳ᠋ᠦ᠋ ᠬᠤᠢ ᠯᠢᠶᠠᠩ᠄ ︽ᠣᠷᠳᠣᠰ ᠣᠳᠣᠬᠠᠨ ᠳᠤ ᠶᠠᠭ ᠬᠦᠴᠦ ᠪᠠᠨ ᠲᠥᠪᠯᠡᠷᠡᠭᠦᠯᠦᠨ ᠰᠤᠶᠤᠯ ᠵᠤᠭᠠᠴᠠᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠪᠦᠬᠦ ᠤᠷᠤᠨ ᠪᠦᠰᠡ ᠶᠢᠨ ᠣᠷᠣᠨ ᠵᠠᠢ ᠶᠢᠨ ᠴᠤᠭᠴᠠᠯᠠᠯᠲᠠ᠂ ᠪᠦᠬᠦ ᠣᠷᠣᠨ ᠪᠦᠰᠡ ᠶᠢᠨ ᠪᠦᠲᠦᠭᠡᠭᠳᠡᠬᠦᠨ ᠤ ᠴᠤᠭᠴᠠᠯᠠᠯᠲᠠ᠂ ᠪᠦᠬᠦ ᠣᠷᠣᠨ ᠪᠦᠰᠡ ᠶᠢᠨ ᠠᠵᠤ ᠦᠢᠯᠡᠰ ᠤᠨ ᠬᠤᠯᠪᠤᠭᠠᠯᠠᠨ ᠬᠥᠳᠡᠯᠥᠯᠴᠡᠬᠦ ᠶᠢ ᠴᠢᠩᠭᠠᠳᠬᠠᠵᠤ᠂ ᠳᠤᠯᠠᠭᠠᠨ ᠬᠤᠲᠠ ᠶᠢᠨ ᠰᠤᠶᠤᠯ ᠵᠤᠭᠠᠴᠠᠯ ᠤᠨ ᠲᠥᠷᠥᠯ ᠲᠡᠮᠲᠡᠭᠲᠦ ᠶᠢ ᠪᠦᠬᠦ ᠲᠠᠯ᠎ᠠ ᠪᠠᠷ ᠪᠤᠢ ᠪᠤᠯᠭᠠᠵᠤ ᠪᠠᠶᠢᠨ᠎ᠠ︾ ᠭᠡᠵᠡᠢ᠃
640 (2).jpg
      ᠨᠢᠭᠡ ᠳᠤ᠂ ᠬᠤᠲᠠ ᠶᠢᠨ ᠲᠥᠷᠥᠯ ᠲᠡᠮᠲᠡᠭᠲᠦ ᠶᠢ ᠨᠡᠩ ᠢᠯᠡᠭᠦᠦ ᠠᠯᠳᠠᠷᠰᠢᠭᠤᠯᠤᠨ᠎ᠠ᠃ ︽ᠳᠤᠯᠠᠭᠠᠨ ᠬᠤᠲᠠ︾ ᠬᠤᠲᠠ ᠶᠢᠨ ᠲᠥᠷᠥᠯ ᠲᠡᠮᠲᠡᠭᠲᠦ ᠶᠢᠨ ᠰᠢᠷᠢᠰ ᠤᠬᠠᠭᠤᠯᠤᠨ ᠲᠠᠨᠢᠯᠴᠠᠭᠤᠯᠬᠤ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠤ᠂ ︽ᠳᠤᠯᠠᠭᠠᠨ ᠬᠤᠲᠠ ᠶᠢᠨ ᠪᠡᠯᠡᠭ︾ ᠵᠡᠷᠭᠡ ᠪᠦᠲᠦᠭᠡᠯᠴᠢ ᠰᠤᠶᠤᠯ ᠤᠨ ᠪᠦᠲᠦᠭᠡᠭᠳᠡᠭᠦᠨ ᠢ ᠲᠥᠯᠥᠪᠯᠡᠵᠤ ᠨᠡᠭᠡᠭᠡᠨ ᠬᠥᠭᠵᠢᠭᠦᠯᠵᠤ᠂ ᠤᠯᠤᠰ ᠤᠨ ᠲᠤᠳᠤᠭᠠᠳᠤ ᠶᠢᠨ ᠭᠤᠣᠯᠳᠠᠯᠭ᠎ᠠ ᠲᠠᠢ ᠬᠤᠲᠠ ᠳᠤ ︽ᠳᠤᠯᠠᠭᠠᠨ ᠬᠤᠲᠠ ᠶᠢᠨ ᠴᠣᠩᠬᠤᠪᠴᠢ︾ ᠰᠤᠶᠤᠯ ᠵᠤᠭᠠᠴᠠᠯ ᠤᠨ ᠡᠵᠡᠩᠨᠡᠨ ᠪᠤᠷᠤᠯᠠᠭᠤᠯᠬᠤ ᠲᠥᠪ ᠢ ᠲᠤᠬᠢᠷᠠᠭᠤᠯᠤᠨ᠂ ᠬᠠᠲᠤᠨ ᠭᠤᠣᠯ ᠤᠨ ᠲᠣᠬᠤᠢ ᠶᠢᠨ ᠰᠤᠶᠤᠯ ᠵᠤᠭᠠᠴᠠᠯ ᠤᠨ ᠨᠠᠶᠢᠷ᠂ ᠮᠥᠰᠦ ᠴᠠᠰᠤᠨ ᠤ ᠰᠤᠶᠤᠯ ᠵᠤᠭᠠᠴᠠᠯ ᠤᠨ ᠨᠠᠶᠢᠷ ᠵᠡᠷᠭᠡ ᠠᠵᠢᠯᠯᠠᠭ᠎ᠠ ᠶᠢ ᠰᠠᠶᠢᠲᠤᠷ ᠡᠷᠬᠢᠯᠡᠨ᠂ ᠳᠤᠯᠠᠭᠠᠨ ᠬᠤᠲᠠ ᠶᠢᠨ ᠦᠯᠢᠭᠡᠷ ᠢ ᠰᠠᠶᠢᠲᠤᠷ ᠶᠠᠷᠢᠵᠤ᠂ ᠬᠤᠲᠠ  ᠶᠢᠨ ᠨᠡᠷ᠎ᠡ ᠠᠯᠳᠠᠷᠰᠢᠯ ᠪᠠ ᠲᠠᠲᠠᠬᠤ ᠬᠦᠴᠦᠨ ᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃
640 (3).jpg
      ᠬᠤᠶᠠᠷ ᠲᠤ᠂ ᠰᠤᠶᠤᠯ ᠵᠤᠭᠠᠴᠠᠯ ᠤᠨ ᠠᠭᠤᠰᠤᠯᠴᠠᠯ ᠢ ᠨᠡᠩ ᠠᠮᠢᠳᠤᠯᠢᠭ ᠪᠤᠯᠭᠠᠨ᠎ᠠ᠃ ︽ᠤᠮᠠᠷᠠᠳᠤ ᠬᠢᠯᠢ ᠶᠢᠨ ᠰᠤᠶᠤᠯ︾ ᠤᠨ ᠣᠷᠳᠣᠰ ᠤᠨ ᠣᠨᠴᠠᠯᠢᠭ ᠠᠭᠤᠯᠤᠭᠳᠠᠬᠤᠨ ᠢ ᠪᠠᠶᠠᠯᠢᠭᠵᠢᠭᠤᠯᠤᠨ ᠥᠷᠭᠡᠳᠬᠡᠵᠤ᠂ ᠣᠷᠳᠣᠰ ᠬᠤᠷᠢᠮ᠂ ᠮᠠᠩᠬᠠᠨ ᠠᠶᠠᠯᠭᠤ ᠵᠡᠷᠭᠡ ᠪᠤᠳᠠᠰ ᠤᠨ ᠪᠤᠰᠤ ᠰᠤᠶᠤᠯ ᠤᠨ ᠥᠪ ᠤᠨ ᠲᠥᠷᠥᠯ ᠵᠦᠢᠯ  ᠢ ᠤᠯᠠᠮᠵᠢᠯᠠᠨ ᠬᠠᠮᠠᠭᠠᠯᠠᠵᠤ ᠠᠰᠢᠭᠯᠠᠬᠤ ᠶᠢ ᠪᠦᠬᠦ ᠲᠠᠯ᠎ᠠ ᠪᠠᠷ ᠴᠢᠩᠭᠠᠳᠬᠠᠨ᠂ ᠤᠷᠳᠤᠰ ᠤᠨ ᠰᠤᠶᠤᠯ ᠤᠨ ᠢᠯᠡᠷᠬᠡᠶᠢᠯᠡᠯ ᠢ ᠴᠤᠭᠴᠠᠯᠠᠵᠤ᠂ ︽ᠰᠤᠶᠤᠯ ᠵᠤᠭᠠᠴᠠᠯ +︾ ᠡᠵᠡᠩᠨᠡᠯᠲᠡ ᠶᠢᠨ ᠬᠡᠯᠪᠡᠷᠢ ᠪᠠᠶᠢᠳᠠᠯ ᠤᠨ ᠰᠢᠨ᠎ᠡ ᠶᠢ ᠡᠭᠦᠳᠬᠦ ᠶᠢ ᠭᠦᠨᠵᠡᠭᠡᠢ ᠠᠬᠢᠭᠤᠯᠤᠨ᠂ ᠬᠤᠲᠠ ᠶᠢᠨ ᠲᠡᠦᠬᠡ ᠰᠤᠶᠤᠯ᠂ ᠰᠤᠶᠤᠯ ᠤᠨ ᠥᠪ᠂ ᠵᠠᠩ ᠳᠠᠳᠬᠠᠯ᠂ ᠠᠷᠠᠳ ᠤᠨ ᠵᠠᠩ ᠦᠢᠯᠡ ᠶᠢᠨ ᠤᠯᠠᠮᠵᠢᠯᠠᠯ ᠵᠡᠷᠭᠡ ᠶᠢ ᠵᠤᠭᠠᠴᠠᠯ ᠤᠨ ᠪᠦᠲᠦᠭᠡᠭᠳᠡᠬᠦᠨ ᠯᠦᠭᠡ ᠭᠦᠨᠵᠡᠭᠡᠢ ᠠᠭᠤᠰᠤᠯᠴᠠᠭᠤᠯᠬᠤ ᠶᠢ ᠠᠬᠢᠭᠤᠯᠤᠨ᠎ᠠ᠃ ᠰᠤᠶᠤᠯ ᠵᠤᠭᠠᠴᠠᠯ ᠤᠨ ᠣᠷᠣᠨ ᠪᠦᠰᠡ ᠠᠯᠤᠰᠯᠠᠭᠰᠠᠨ ᠬᠤᠯᠪᠤᠭᠠᠯᠠᠨ ᠬᠥᠲᠡᠯᠥᠯᠴᠡᠬᠦ ᠬᠥᠭᠵᠢᠯᠲᠡ ᠶᠢ ᠴᠢᠩᠭᠠᠳᠬᠠᠵᠤ᠂ ᠣᠷᠳᠣᠰ᠂ ᠶᠠᠨ ᠠᠨ᠂ ᠪᠤᠷᠤᠪᠠᠯᠭᠠᠰᠤᠨ  ᠤ ᠬᠤᠪᠢᠰᠬᠠᠯᠲᠤ ᠰᠤᠶᠤᠯ ᠵᠤᠭᠠᠴᠠᠯ ᠤᠨ ︽ᠭᠤᠷᠪᠠᠨ ᠬᠤᠲᠠ︾ ᠶᠢᠨ ᠬᠤᠯᠪᠤᠭᠠᠯᠠᠨ ᠬᠥᠲᠡᠯᠥᠯᠴᠡᠬᠦ ᠠᠵᠢᠯᠯᠠᠭ᠎ᠠ ᠶᠢ ᠵᠤᠬᠢᠶᠠᠨ ᠪᠠᠶᠢᠭᠤᠯᠤᠨ ᠥᠷᠨᠢᠭᠦᠯᠵᠤ᠂ ᠬᠤᠪᠢᠰᠬᠠᠯᠲᠤ ᠰᠤᠶᠤᠯ ᠵᠤᠭᠠᠴᠠᠯ ᠤᠨ ᠰᠢᠨ᠎ᠡ ᠶᠢ ᠡᠭᠦᠳᠦᠨ ᠬᠥᠭᠵᠢᠭᠦᠯᠦᠨ᠎ᠡ᠃
640 (4).jpg
      ᠭᠤᠷᠪᠠ ᠳᠤ᠂ ᠰᠤᠶᠤᠯ ᠵᠤᠭᠠᠴᠠᠯ ᠤᠨ ᠠᠵᠤ ᠦᠢᠯᠡᠰ ᠢ ᠨᠡᠩ ᠰᠠᠶᠢᠲᠤᠷ ᠬᠥᠭᠵᠢᠭᠦᠯᠦᠨ᠎ᠡ᠃ ᠤᠯᠤᠰ ᠤᠨ ᠰᠤᠶᠤᠯ ᠪᠠ ᠵᠤᠭᠠᠴᠠᠯ ᠤᠨ ᠬᠡᠷᠡᠭᠯᠡᠭᠡᠨ ᠤ ᠳᠠᠭᠤᠷᠢᠶᠠᠯ ᠦᠵᠡᠭᠦᠯᠬᠦ ᠬᠤᠲᠠ ᠶᠢᠨ ᠪᠦᠲᠦᠭᠡᠨ ᠪᠠᠶᠢᠭᠤᠯᠤᠯᠲᠠ ᠶᠢ ᠭᠦᠨᠵᠡᠭᠡᠶᠢᠷᠡᠭᠦᠯᠵᠤ᠂ ᠰᠤᠶᠤᠯ ᠵᠤᠭᠠᠴᠠᠯ ᠤᠨ ᠦᠢᠯᠡᠰ ᠬᠢᠭᠡᠳ ᠲᠠᠷᠢᠶᠠᠯᠠᠩ᠂ ᠠᠵᠤ ᠦᠢᠯᠡᠳᠪᠦᠷᠢ᠂ ᠪᠡᠶ᠎ᠡ ᠶᠢᠨ ᠲᠠᠮᠢᠷ᠂ ᠡᠷᠡᠭᠦᠯᠵᠢᠯ ᠰᠤᠪᠢᠯᠠᠯᠲᠠ ᠵᠡᠷᠭᠡ ᠠᠵᠤ ᠦᠢᠯᠡᠰ ᠤᠨ ᠬᠠᠮᠵᠢᠯᠴᠠᠨ ᠬᠥᠭᠵᠢᠬᠦ ᠶᠢ ᠢᠳᠡᠪᠬᠢᠲᠡᠢ ᠠᠬᠢᠭᠤᠯᠵᠤ᠂ ᠰᠤᠶᠤᠯ ᠵᠤᠭᠠᠴᠠᠯ ᠤᠨ ᠠᠵᠤ ᠠᠬᠤᠶᠢᠯᠠᠯ ᠪᠠ ᠪᠦᠲᠦᠭᠡᠭᠳᠡᠭᠦᠨ ᠢ ᠤᠬᠠᠭᠤᠯᠤᠨ ᠲᠠᠨᠢᠯᠴᠠᠭᠤᠯᠬᠤ ᠪᠠ ᠬᠠᠩᠭᠠᠯᠭ᠎ᠠ ᠬᠡᠷᠡᠭᠴᠡᠭᠡ ᠶᠢ ᠵᠤᠯᠭᠠᠭᠤᠯᠬᠤ ᠶᠢ ᠰᠠᠶᠢᠲᠤᠷ ᠬᠢᠵᠤ᠂ ᠨᠢᠭᠡ ᠪᠦᠯᠦᠭ ᠰᠤᠶᠤᠯ ᠵᠤᠭᠠᠴᠠᠯ ᠤᠨ ᠦᠵᠡᠮᠵᠢ ᠶᠢᠨ ᠤᠷᠤᠨ ᠤ ᠴᠢᠨᠠᠷᠵᠢᠯ ᠢ ᠳᠡᠭᠡᠭᠰᠢᠯᠡᠭᠦᠯᠵᠤ᠂ ᠨᠢᠭᠡ ᠪᠦᠯᠦᠭ ᠰᠤᠳᠤᠨ ᠵᠤᠭᠠᠴᠠᠯ ᠤᠨ ᠵᠠᠮ ᠱᠤᠭᠤᠮ ᠢ ᠨᠡᠭᠡᠭᠡᠨ᠂ ᠡᠯᠡᠰᠦᠨ ᠴᠦᠯ ᠤᠨ ᠵᠤᠭᠠᠴᠠᠯ᠂ ᠲᠠᠯ᠎ᠠ ᠨᠤᠲᠤᠭ ᠤᠨ ᠵᠤᠭᠠᠴᠠᠯ᠂ ᠮᠦᠰᠦ ᠴᠠᠰᠤᠨ ᠤ ᠵᠤᠭᠠᠴᠠᠯ᠂ ᠬᠤᠪᠢᠰᠬᠠᠯᠲᠤ ᠰᠤᠶᠤᠯ ᠤᠨ ᠵᠤᠭᠠᠴᠠᠯ ᠵᠡᠷᠭᠡ ᠭᠤᠣᠯ ᠡᠵᠡᠩᠨᠡᠯᠲᠡ ᠶᠢᠨ ᠬᠡᠯᠪᠡᠷᠢ ᠪᠠᠶᠢᠳᠠᠯ ᠤᠨ ᠥᠷᠨᠢᠭᠦᠨ ᠬᠥᠭᠵᠢᠬᠦ ᠶᠢ ᠠᠬᠢᠭᠤᠯᠵᠤ᠂ ᠬᠠᠲᠤᠨ ᠭᠤᠣᠯ ᠤᠨ ᠲᠤᠬᠤᠢ ᠶᠢᠨ ᠰᠤᠶᠤᠯ ᠵᠤᠭᠠᠴᠠᠯ ᠤᠨ ᠠᠵᠤ ᠦᠢᠯᠡᠰ ᠤᠨ ᠬᠥᠭᠵᠢᠯᠲᠡ ᠶᠢᠨ ᠰᠢᠨ᠎ᠡ ᠥᠨᠳᠦᠷᠯᠢᠭ ᠭᠠᠵᠠᠷ ᠢ ᠴᠤᠭᠴᠠᠯᠠᠨ᠎ᠠ᠃      ᠰᠤᠷᠪᠤᠯᠵᠢᠯᠠᠭ᠎ᠠ ᠶᠢᠨ ᠡᠴᠦᠰ ᠲᠤ᠂ ᠳ᠋ᠦ᠋ ᠬᠤᠢ ᠯᠢᠶᠠᠩ ᠪᠦᠬᠦ ᠤᠯᠤᠰ ᠤᠨ ᠵᠤᠭᠠᠴᠠᠭᠰᠠᠳ ᠲᠤ᠄ ︽ᠣᠯᠠᠨ ᠢᠶᠠᠷ ᠢᠶᠠᠨ ᠣᠷᠳᠣᠰ ᠬᠤᠲᠠ ᠳᠤ ᠵᠤᠭᠠᠴᠠᠨ ᠲᠤᠭᠤᠷᠢᠵᠤ ᠰᠡᠯᠡᠭᠦᠴᠡᠨ ᠠᠮᠠᠷᠠᠵᠤ᠂ ᠮᠣᠷᠢ ᠤᠨᠤᠵᠤ ᠲᠠᠯ᠎ᠠ ᠨᠤᠲᠤᠭ ᠢᠶᠠᠷ ᠠᠶᠠᠯᠠᠨ᠂ ᠨᠤᠲᠤᠭ ᠤᠨ ᠳᠠᠭᠤᠤ ᠰᠤᠨᠤᠰᠴᠦ᠂ ᠠᠮᠲᠠᠲᠤ ᠢᠳᠡᠭᠡᠨ ᠠᠷᠢᠬᠢ ᠠᠮᠲᠠᠯᠠᠨ᠂ ᠰᠦ ᠲᠠᠢ ᠴᠠᠢ ᠤᠤᠭᠤᠵᠤ᠂ ᠥᠩᠭᠡ ᠦᠵᠡᠮᠵᠢ ᠪᠦᠷᠢᠳᠦᠭᠰᠡᠨ ᠬᠤᠲᠠ ᠶᠢᠨ ᠭᠤᠶᠢᠳᠠ ᠰᠠᠶᠢᠬᠠᠨ ᠥᠩᠭᠡ ᠦᠵᠡᠮᠵᠢ ᠶᠢ ᠰᠤᠨᠢᠷᠬᠠᠵᠤ᠂ ᠳᠤᠯᠠᠭᠠᠨ ᠬᠤᠲᠠ ᠶᠢᠨ ᠥᠪᠡᠷᠮᠢᠴᠡ ᠷᠢᠳᠢ ᠰᠢᠳᠢ ᠶᠢ ᠪᠠᠶᠠᠴᠢᠯᠡᠨ ᠣᠶᠢᠯᠭᠠᠬᠤ ᠶᠢ ᠪᠠᠶᠠᠷᠯᠠᠨ ᠤᠭᠲᠤᠵᠤ ᠪᠠᠶᠢᠨ᠎ᠠ︾ ᠭᠡᠵᠤ ᠴᠢᠩ ᠰᠡᠳᠬᠢᠯ ᠤᠨ ᠤᠷᠢᠯᠭ᠎ᠠ ᠲᠠᠯᠪᠢᠪᠠ᠃
640 (5).jpg
ᠢᠷᠡᠯᠲᠡ᠄ ᠣᠷᠳᠣᠰ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠬᠡᠯᠡᠨ ᠤ ᠰᠦᠯᠵᠢᠶ᠎ᠡ