ᠦᠦᠰᠢᠨ ᠬᠤᠰᠢᠭᠤᠨ ᠤ ᠨᠠᠰᠤᠲᠠᠶᠢᠴᠤᠳ ᠤᠨ ᠶᠡᠭᠡ ᠰᠤᠷᠭᠠᠭᠤᠯᠢ ᠨᠠᠰᠤᠳᠡᠶᠢᠴᠤᠳ ᠤᠨ ᠲᠤᠯᠠᠭᠠᠨ ᠦᠯᠥᠭᠡᠢ ᠪᠤᠯᠵᠤ ᠪᠠᠶᠢᠨ᠎ᠠ
ᠨᠡᠶᠢᠲᠡᠯᠡᠭᠰᠡᠨ ᠴᠠᠭ᠄
2024/3/19
      ᠦᠦᠰᠢᠨ ᠬᠤᠰᠢᠭᠤᠨ ᠤ ᠨᠠᠰᠤᠳᠡᠶᠢᠴᠤᠳ ᠤᠨ ᠶᠡᠭᠡ ᠰᠤᠷᠭᠠᠭᠠᠤᠯᠢ ᠨᠢ ᠣᠨᠴᠠᠯᠢᠭᠲᠤ ᠬᠢᠴᠢᠶᠡᠯ ᠤᠨ ᠲᠠᠩᠬᠢᠮ ᠢ ᠰᠢᠨ᠎ᠡ ᠪᠠᠷ ᠨᠡᠭᠡᠭᠡᠨ ᠨᠠᠰᠤᠲᠠᠶᠢᠴᠤᠳ ᠤᠨ ᠤᠷ᠎ᠠ ᠠᠪᠢᠶᠠᠰ ᠢᠶᠠᠨ ᠪᠠᠳᠠᠷᠠᠭᠤᠯᠤᠨ ᠦᠳᠡᠯᠥᠭᠡ ᠨᠠᠰᠤ ᠪᠠᠨ ᠪᠠᠶᠠᠷ ᠵᠢᠷᠭᠠᠯ ᠲᠠᠢ ᠦᠩᠭᠡᠷᠡᠭᠦᠯᠵᠦ ᠠᠵᠤ ᠠᠮᠢᠳᠤᠷᠠᠯ ᠢᠶᠠᠨ ᠪᠠᠶᠠᠯᠢᠭᠵᠢᠭᠤᠯᠬᠤ ᠰᠠᠶᠢᠬᠠᠨ ᠲᠠᠪᠴᠠᠩ ᠪᠤᠯᠵᠤ ᠪᠠᠶᠢᠨ᠎ᠠ᠃ ᠮᠠᠨ ᠤ ᠬᠤᠰᠢᠭᠤᠨ ᠤ ᠨᠠᠰᠤᠲᠠᠶᠢᠴᠤᠳ ᠤᠨ ᠶᠡᠭᠡ ᠰᠤᠷᠭᠠᠭᠤᠯᠢ ᠳᠤ ᠬᠦᠷᠬᠦ ᠪᠠᠷ ᠬᠥᠭᠵᠢᠮ ᠤᠨ ᠠᠶᠠᠰ᠂ ᠢᠷᠠᠭᠤ ᠲᠠᠭᠤᠨ ᠤ ᠡᠭᠡᠰᠢᠭ ᠰᠤᠨᠤᠷ ᠢ ᠮᠢᠯᠢᠶᠠᠵᠤ ᠤᠷᠠᠨ ᠪᠥᠵᠢᠭ᠂ ᠤᠷᠠᠨ ᠪᠢᠴᠢᠯᠭᠡ ᠵᠡᠷᠭᠡ ᠨᠢ ᠬᠠᠷᠠᠭᠠᠨ ᠤ ᠲᠠᠭᠠᠰᠢᠶᠠᠯ ᠪᠤᠯᠵᠤ ᠪᠠᠶᠢᠯ᠎ᠠ᠃ ᠶᠠᠷᠤᠩᠭᠡᠢ ᠲᠠᠯᠠᠪᠠᠢ ᠨᠢ 1640 ᠲᠡᠭᠰᠢ ᠲᠦᠷᠪᠡᠯᠵᠢᠨ ᠮᠧᠳ᠋ᠷ ᠪᠥᠭᠦᠢ ᠮᠠᠨ ᠤ ᠬᠤᠰᠢᠭᠤᠨ ᠤ ᠨᠠᠰᠤᠲᠠᠶᠢᠴᠤᠳ ᠤᠨ ᠶᠡᠭᠡ ᠰᠤᠷᠭᠠᠭᠤᠯᠢ ᠨᠢ 2016 ᠣᠨ ᠳᠤ ᠪᠠᠶᠢᠭᠤᠯᠤᠭᠳᠠᠵᠤ 12 ᠲᠠᠰᠤᠯᠭ᠎ᠠ ᠠᠩᠭᠢ ᠶᠢᠨ ᠭᠡᠷ ᠲᠠᠢ ᠪᠠᠶᠢᠵᠤ᠂ ᠤᠯᠠᠨ ᠴᠢᠳᠡᠪᠬᠢᠲᠤ ᠵᠢᠭᠠᠨ ᠰᠤᠷᠭᠠᠯᠳᠠ ᠶᠢᠨ ᠲᠢᠩᠬᠢᠮ ᠨᠢᠭᠡ᠂ ᠲᠡᠯᠭᠡᠨ ᠦᠵᠡᠭᠦᠯᠭᠡ ᠶᠢᠨ ᠦᠷᠦᠭᠡ ᠨᠢᠭᠡ ᠪᠠᠶᠢᠵᠤ᠂ ᠮᠢᠩᠭ᠎ᠠ ᠤᠷᠴᠢᠮ ᠰᠤᠷᠤᠭᠴᠢ ᠬᠠᠮᠳᠤ ᠳᠤ ᠪᠠᠨ ᠬᠢᠴᠢᠶᠠᠯ ᠤᠷᠤᠬᠤ ᠪᠠᠭᠳᠠᠭᠠᠮᠵᠢᠳᠠᠢ ᠮᠠᠨ ᠤ ᠬᠤᠰᠢᠭᠤᠨ ᠤ ᠴᠤᠷ ᠤᠨ ᠭᠠᠭᠴᠠ ᠶᠡᠭᠡ ᠰᠤᠷᠭᠠᠭᠤᠯᠢ ᠪᠤᠯᠤᠨ᠎ᠠ᠃ ᠨᠠᠰᠤᠲᠠᠶᠢᠴᠤᠳ ᠤᠨ ᠶᠡᠭᠡ ᠰᠤᠷᠭᠠᠭᠤᠯᠢ ᠨᠢ ᠪᠥᠭᠦ ᠵᠢᠯ ᠳᠤ ᠪᠠᠨ 6 ᠶᠡᠭᠡ ᠰᠠᠯᠪᠤᠷᠢ ᠳᠤ 33 ᠲᠦᠷᠥᠯ ᠤᠨ ᠬᠢᠴᠢᠶᠠᠯ ᠢ ᠲᠤᠬᠢᠷᠠᠭᠤᠯᠤᠨ 700 ᠭᠠᠷᠤᠢ ᠰᠤᠷᠤᠭᠴᠢᠳ ᠲᠤ ᠬᠢᠴᠢᠶᠡᠯᠯᠡᠭᠡ ᠬᠢᠵᠦ ᠨᠠᠰᠤᠳᠡᠶᠢᠴᠤᠳ ᠤᠨ ᠰᠤᠶᠤᠯ ᠤᠷᠠᠯᠢᠭ ᠤᠨ ᠠᠮᠢᠳᠤᠷᠠᠯ ᠢ ᠪᠠᠶᠠᠯᠢᠭᠵᠢᠭᠤᠯᠵᠤ ᠪᠠᠶᠢᠨ᠎ᠠ᠃ ᠣᠶᠢᠷ᠎ᠠ ᠶᠢᠨ ᠵᠢᠯ ᠤᠳ ᠲᠤ ᠮᠠᠨ ᠤ ᠬᠤᠰᠢᠭᠤ ᠨᠠᠰᠤᠲᠠᠶᠢᠴᠤᠳ ᠤᠨ ᠰᠤᠷᠭᠠᠨ ᠬᠥᠮᠦᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠨᠠᠰᠤᠲᠠᠶᠢᠴᠤᠳ ᠤᠨ ᠰᠤᠷᠭᠠᠨ ᠬᠥᠮᠦᠵᠢᠯ ᠢ ᠨᠠᠰᠤᠨ ᠲᠤᠷᠰᠢᠳᠠ ᠶᠢᠨ ᠰᠤᠷᠭᠠᠨ ᠬᠥᠮᠦᠵᠢᠯ ᠤᠨ ᠰᠢᠰᠲ᠋ᠧᠮ ᠳᠤ ᠣᠷᠣᠭᠤᠯᠤᠨ ᠰᠢᠨ᠎ᠡ ᠶᠢ ᠡᠭᠦᠳᠬᠦ ᠶᠢ ᠴᠢᠩᠭᠠᠳᠬᠠᠨ ᠤᠨᠴᠠᠯᠢᠭᠳᠤ ᠵᠢᠭᠠᠨ ᠰᠤᠷᠭᠠᠯᠲᠠ ᠶᠢ ᠳᠣᠪᠤᠶᠢᠯᠭᠠᠵᠤ ᠰᠤᠷᠭᠠᠭᠤᠯᠢ ᠡᠷᠭᠢᠯᠡᠬᠦ ᠦᠢᠯᠡᠴᠢᠯᠡᠭᠡᠨ ᠤ ᠬᠢᠷᠢ ᠲᠦᠪᠰᠢᠨ ᠢᠶᠠᠨ ᠳᠡᠭᠡᠭᠰᠢᠯᠡᠭᠦᠯᠦᠨ ᠰᠢᠯᠢᠳᠡᠭ ᠦᠢᠯᠡᠴᠢᠯᠡᠭᠡ ᠲᠠᠢ ᠨᠠᠰᠤᠲᠠᠶᠢᠴᠤᠳ ᠤᠨ ᠶᠡᠭᠡ ᠰᠤᠷᠭᠠᠭᠤᠯᠢ ᠶᠢ ᠴᠤᠭᠴᠠᠯᠠᠵᠤ ᠰᠢᠨ᠎ᠡ ᠴᠠᠭ ᠦᠶ᠎ᠡ ᠶᠢᠨ ᠨᠠᠰᠤᠲᠠᠶᠢᠴᠤᠳ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ ᠪᠤᠢ᠃ 
ᠢᠷᠡᠯᠲᠡ᠄ ᠥᠥᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ