ᠵᠡᠭᠦᠨᠭᠠᠷ ᠬᠤᠰᠢᠭᠤᠨ ᠤ ᠳ᠋ᠠ ᠯᠦ ᠪᠠᠯᠭᠠᠰᠤ ᠶᠢᠨ ᠮᠢᠶᠣᠣ ᠵᠢᠶᠠ ᠲᠠᠨ ᠨᠡᠶᠢᠭᠡᠮ ᠲᠣᠭᠤᠷᠢᠭ ︽ᠬᠦᠯᠡᠮᠵᠢ ᠶᠢᠨ ᠠᠵᠤ ᠠᠬᠤᠢ︾ ᠶᠢ ᠳᠠᠷᠢᠶᠠᠯᠠᠩ | ᠤᠶᠢᠯᠡᠳᠪᠤᠷᠢᠯᠡᠯ ᠤᠨ ᠠᠵᠤ ᠦᠢᠯᠡᠰ ᠤᠨ ᠪᠦᠲᠦᠴᠡ ᠳᠤ ᠲᠣᠬᠢᠷᠠᠭᠤᠯᠤᠯᠲᠠ ᠬᠢᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠭᠤᠣᠯ | ᠰᠢᠪᠲᠤᠯᠤᠯᠲᠠ ᠶᠢᠨ ᠴᠢᠭᠯᠡᠯ ᠪᠣᠯᠭᠠᠵᠤ᠂ ᠴᠡᠴᠡᠭ ᠤᠨ ᠠᠵᠤ ᠠᠬᠤᠢ ᠪᠣᠯᠣᠨ ᠵᠢᠮᠢᠰ ᠢᠳᠡᠰᠢᠨ ᠨᠣᠭᠤᠭ᠎ᠠ ᠶᠢᠨ ᠠᠵᠤ ᠠᠬᠤᠢ ᠶᠢ ᠣᠷᠭᠠᠨᠢᠭ ᠢᠶᠠᠷ | ᠠᠭᠤᠰᠤᠯᠴᠠᠭᠤᠯᠵᠤ᠂ ᠴᠡᠴᠡᠭ ᠲᠠᠷᠢᠬᠤ᠂ ᠴᠢᠨᠠᠷ ᠰᠠᠶᠢᠲᠠᠢ ᠵᠢᠮᠢᠰ ᠢᠳᠡᠰᠢᠨ ᠨᠣᠭᠤᠭ᠎ᠠ ᠶᠢ ᠪᠤᠶᠢᠵᠢᠭᠤᠯᠬᠤ ᠶᠢ ᠬᠥᠭᠵᠢᠭᠦᠯᠵᠦ᠂ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠰᠢᠨ᠎ᠡ ᠵᠠᠮ ᠢᠶᠠᠷ ᠵᠠᠮᠨᠠᠵᠤ ᠪᠤᠢ᠃ | | | ᠮᠢᠶᠣᠣ ᠵᠢᠶᠠ ᠲᠠᠨ ᠤ ᠣᠶᠤᠨᠴᠢ ᠳᠤᠯᠠᠭᠠᠨ ᠬᠦᠯᠡᠮᠵᠢ ᠶᠢᠨ ᠴᠢᠬᠢ ᠪᠤᠶᠢᠵᠢᠭᠤᠯᠬᠤ ᠰᠠᠭᠤᠷᠢᠨ ᠭᠠᠵᠠᠷ ᠲᠤ ᠬᠦᠷᠬᠦ ᠳᠤ᠂ ᠪᠤᠶᠢᠵᠢᠭᠤᠯᠤᠬᠰᠠᠨ ᠴᠢᠬᠢ | ᠨᠣᠭᠤᠭᠠᠷᠠᠨ ᠬᠠᠷᠠᠬᠳᠠᠵᠤ᠂ ᠠᠩᠬᠢᠯᠤᠮ᠎ᠠ ᠦᠨᠦᠷ ᠬᠠᠩᠬᠤᠯᠤᠨ᠎ᠠ᠃ ᠬᠦᠯᠡᠮᠵᠢ ᠳᠤ ᠠᠮᠢᠵᠢᠷᠠᠯ ᠤᠨ ᠬᠦᠴᠦᠨ ᠢᠶᠠᠷ ᠪᠢᠯᠬᠠᠵᠤ᠂ ᠨᠢᠭᠡ ᠨᠢᠭᠡ ᠲᠠᠲᠠᠭᠠᠯ ᠰᠣᠷᠭᠤᠭ | ᠨᠣᠭᠤᠭᠠᠨ ᠠᠮᠲᠠᠲᠤ ᠬᠡᠮᠬᠡ᠂ ᠲᠥᠪᠡᠳ ᠬᠠᠰᠢ᠂ ᠰᠢᠯᠢᠮᠳᠡᠭ ᠵᠡᠷᠭᠡ ᠵᠢᠮᠢᠰ ᠢᠳᠡᠰᠢᠨ ᠨᠣᠭᠤᠭ᠎ᠠ ᠶᠢᠨ ᠨᠢᠯᠬ᠎ᠠ ᠴᠢᠬᠢ ᠶᠢᠨ ᠤᠷᠭᠤᠴᠠ ᠨᠢ ᠬᠥᠮᠥᠨ ᠤ ᠰᠡᠳᠬᠢᠯ ᠢ | ᠪᠠᠶᠠᠰᠬᠠᠨ᠎ᠠ᠃ ᠡᠯ᠎ᠡ ᠲᠦᠷᠦᠯ ᠤᠨ ᠴᠡᠴᠡᠭ ᠠᠴᠠ ᠠᠩᠬᠢᠯᠤᠮ᠎ᠠ ᠰᠠᠶᠢᠬᠠᠨ ᠦᠨᠦᠷ ᠬᠠᠩᠬᠤᠯᠵᠤ᠂ ᠭᠠᠵᠠᠷ ᠪᠣᠯᠭᠠᠨ ᠳᠤ ᠠᠮᠢᠵᠢᠷᠠᠯ ᠤᠨ ᠬᠦᠴᠦᠨ ᠢᠶᠠᠷ ᠪᠢᠯᠬᠠᠨ᠎ᠠ᠃ | 2023 ᠣᠨ ᠳᠤ᠂ ᠮᠢᠶᠣᠣ ᠵᠢᠶᠠ ᠲᠠᠨ ᠨᠡᠶᠢᠭᠡᠮ ᠲᠣᠭᠤᠷᠢᠭ ᠴᠡᠴᠡᠭ ᠤᠨ ᠠᠵᠤ ᠠᠬᠤᠢ ᠶᠢᠨ ᠲᠠᠯ᠎ᠠ ᠪᠠᠷ ᠬᠦᠴᠦ ᠣᠷᠣᠭᠤᠯᠵᠤ᠂ ᠴᠡᠴᠡᠭ ᠤᠨ ᠠᠵᠤ ᠦᠢᠯᠡᠰ ᠲᠤ | ᠰᠠᠭᠤᠷᠢᠯᠠᠨ᠂ ︽ᠴᠡᠴᠡᠭ ᠤᠨ ᠠᠵᠤ ᠠᠬᠤᠢ︾ ᠶᠢ ᠬᠦᠭᠵᠢᠭᠡᠨ ᠲᠠᠢ ᠪᠣᠯᠭᠠᠵᠤ᠂ ᠦᠵᠡᠰᠬᠦᠯᠡᠩᠲᠦ ᠰᠠᠶᠢᠬᠠᠨ ᠡᠬᠢ ᠪᠠᠶᠠᠯᠢᠭ ᠢ ︽ᠦᠵᠡᠰᠬᠦᠯᠡᠩᠲᠦ ᠰᠠᠶᠢᠬᠠᠨ ᠠᠵᠤ | ᠠᠬᠤᠢ︾ ᠪᠣᠯᠭᠠᠨ ᠬᠤᠪᠢᠷᠠᠭᠤᠯᠪᠠ᠃ ᠬᠦᠯᠡᠮᠵᠢ ᠶᠢᠨ ᠳᠣᠲᠣᠷ᠎ᠠ ᠫᠧᠩᠰᠡ ᠫᠧᠩᠰᠡ ᠡᠯᠳᠡᠪ ᠶᠠᠩᠵᠤ ᠶᠢᠨ ᠬᠡᠯᠪᠡᠷᠢ ᠳᠦᠷᠰᠦ ᠲᠠᠢ ᠴᠡᠴᠡᠭ ᠢ ᠥᠨᠳᠥᠷ | ᠪᠣᠭᠤᠨᠢ ᠶᠢ ᠨᠢ ᠵᠥᠷᠢᠭᠦᠯᠤᠨ ᠲᠠᠯᠪᠢᠭᠤᠷ ᠲᠤ ᠲᠠᠯᠪᠢᠵᠤ᠂ ᠮᠦᠷ ᠮᠦᠷ ᠫᠧᠩᠰᠡ ᠲᠠᠢ ᠴᠡᠴᠡᠭ ᠢ ᠬᠡᠷᠡᠮ ᠤᠨ ᠣᠷᠣᠢ ᠳᠡᠭᠡᠷ᠎ᠡ ᠰᠠᠭᠤᠯᠭᠠᠨ᠂ ᠥᠩᠭᠡ ᠶᠢᠨ ᠴᠡᠴᠡᠭ | ᠮᠢᠷᠠᠯᠵᠠᠨ ᠳᠡᠯᠭᠡᠷᠡᠵᠤ᠂ ᠬᠠᠪᠤᠷ ᠴᠠᠭ ᠤᠨ ᠠᠮᠢᠵᠢᠷᠠᠯ ᠢ ᠬᠠᠷᠠᠭᠤᠯᠵᠤ᠂ ᠤᠯᠠᠭᠠᠨ᠂ ᠨᠣᠭᠤᠭᠠᠨ᠂ ᠶᠠᠭᠠᠨ᠂ ᠴᠠᠭᠠᠨ᠂ ᠰᠢᠷ᠎ᠠ ᠁ ᠥᠩᠭᠡ ᠪᠦᠷᠢ ᠶᠢᠨ | ᠴᠡᠴᠡᠭ ᠤᠨ ᠰᠠᠶᠢᠬᠠᠨ ᠢ ᠪᠠᠭ᠋ᠠᠳᠤᠭᠤᠯᠤᠨᠠ᠃ | | | ︽ᠪᠢᠳᠡ ᠰᠤᠯᠠ ᠰᠡᠯᠡᠭᠦᠦ ᠣᠷᠣᠨ ᠵᠠᠢ ᠶᠢ ᠠᠰᠢᠭᠯᠠᠵᠤ ᠰᠠᠷᠠᠨᠠᠢ ᠴᠡᠴᠡᠭ᠂ ᠰᠠᠷᠭᠠᠢ ᠴᠡᠴᠡᠭ ᠵᠡᠷᠭᠡ ᠶᠢ ᠳᠠᠷᠢᠵᠠᠢ᠂ ᠦᠨᠳᠦᠰᠦᠨ ᠳᠡᠭᠡᠨ ᠪᠦᠷ ᠮᠠᠨ ᠤ ᠡᠨᠡ | ᠭᠠᠵᠠᠷ ᠣᠷᠣᠨ ᠳᠤ ᠠᠷᠠᠴᠢᠯᠠᠬᠤ ᠳᠤ ᠲᠣᠬᠢᠷᠠᠮᠵᠢᠳᠠᠢ ᠴᠡᠴᠡᠭ ᠤᠳ ᠪᠣᠯᠣᠨ᠎ᠠ᠂ ᠵᠤᠨ ᠤ ᠤᠯᠠᠷᠢᠯ ᠪᠣᠯᠬᠤ ᠳᠤ ᠬᠥᠮᠥᠨ ᠤᠯᠠᠨ ᠢᠷᠡᠳᠡᠭ᠂ ᠡᠳᠡᠭᠡᠷ ᠴᠡᠴᠡᠭ ᠤᠳ ᠢ | ᠬᠥᠮᠥᠰ ᠰᠣᠨᠢᠷᠬᠠᠵᠤ᠂ ᠪᠠᠭ᠋ᠠᠷᠬᠠᠨ᠂ ᠬᠤᠳᠠᠯᠳᠤᠨ ᠠᠪᠤᠭᠠᠳ ᠠᠵᠤ ᠠᠬᠤᠢ ᠶᠢᠨ ᠣᠷᠣᠯᠭ᠎ᠠ ᠶᠢ ᠨᠡᠮᠡᠭᠳᠡᠭᠦᠯᠵᠦ ᠪᠣᠯᠣᠨ᠎ᠠ︾ ᠭᠡᠵᠦ ᠮᠢᠶᠣᠣ ᠵᠢᠶᠠ ᠲᠠᠨ ᠨᠡᠶᠢᠭᠡᠮ | ᠲᠣᠭᠤᠷᠢᠭ ᠤᠨ ᠨᠠᠮ ᠤᠨ ᠡᠭᠦᠷ ᠤᠨ ᠱᠦᠵᠢ ᠯᠦ ᠵᠠᠨ ᠸᠧᠢ ᠶᠠᠷᠢᠨ᠎ᠠ᠃ ᠨᠢᠭᠡ ᠠᠵᠤ ᠦᠢᠯᠡᠰ ᠢ ᠬᠥᠭᠵᠢᠭᠦᠯᠵᠦ᠂ ᠨᠢᠭᠡ ᠬᠡᠰᠡᠭ ᠭᠠᠵᠠᠷ ᠤᠷᠤᠨ ᠤ ᠠᠵᠤ | ᠠᠬᠤᠢ ᠶᠢ ᠬᠦᠭᠵᠢᠭᠡᠨ ᠲᠠᠢ ᠪᠣᠯᠭᠠᠨ᠂ ᠡᠨᠡ ᠭᠠᠵᠠᠷ ᠤᠨ ᠤᠯᠠᠨ ᠲᠦᠮᠡᠨ ᠢ ᠪᠠᠶᠠᠵᠢᠭᠤᠯᠤᠨ᠎ᠠ᠃ ᠣᠶᠢᠷ᠎ᠠ ᠶᠢᠨ ᠵᠢᠯ ᠤᠳ ᠠᠴᠠ᠂ ᠮᠢᠶᠣᠣ ᠵᠢᠶᠠ ᠲᠠᠨ ᠨᠡᠶᠢᠭᠡᠮ | ᠲᠣᠭᠤᠷᠢᠭ ᠲᠠᠷᠢᠶᠠᠯᠠᠩ ᠤᠨ ᠠᠵᠤ ᠦᠢᠯᠡᠰ ᠤᠨ ᠪᠦᠲᠦᠴᠡ ᠶᠢ ᠲᠠᠰᠤᠷᠠᠯᠲᠠ ᠦᠭᠡᠢ ᠰᠢᠯᠢᠳᠡᠭᠵᠢᠭᠦᠯᠵᠦ᠂ ᠲᠤᠬᠠᠢ ᠶᠢᠨ ᠭᠠᠵᠠᠷ ᠣᠷᠣᠨ ᠤ ᠪᠠᠶᠢᠳᠠᠯ ᠳᠠᠭᠠᠨ | ᠲᠣᠬᠢᠷᠠᠭᠤᠯᠤᠨ ᠲᠥᠬᠦᠭᠡᠷᠦᠮᠵᠢᠲᠦ ᠲᠠᠷᠢᠶᠠᠯᠠᠩ ᠢ ᠬᠥᠭᠵᠢᠭᠦᠯᠵᠦ᠂ ᠰᠢᠨ᠎ᠡ ᠬᠡᠯᠪᠡᠷᠢ ᠶᠢᠨ ᠣᠶᠤᠨᠴᠢ ᠳᠤᠯᠠᠭᠠᠨ ᠬᠦᠯᠡᠮᠵᠢ ᠳᠤ ᠴᠢᠬᠢ ᠪᠤᠶᠢᠵᠢᠭᠤᠯᠬᠤ ᠰᠠᠭᠤᠷᠢᠨ | ᠭᠠᠵᠠᠷ ᠢ ᠪᠠᠶᠢᠭᠤᠯᠵᠤ᠂ ᠲᠠᠷᠢᠶᠠᠯᠠᠩ ᠢ ᠤᠯᠠᠮᠵᠢᠯᠠᠯᠲᠤ ᠬᠡᠯᠪᠡᠷᠢ ᠠᠴᠠ ᠣᠳᠣᠬᠢᠴᠢᠯᠠᠯᠲᠠ ᠳᠡᠶᠢᠰᠢ ᠬᠤᠪᠢᠷᠠᠭᠤᠯᠬᠤ ᠶᠢ ᠢᠳᠡᠪᠬᠢᠲᠡᠢ ᠪᠠᠷ ᠬᠥᠲᠥᠯᠥᠨ ᠵᠢᠯᠤᠭᠤᠳᠴᠤ | ᠵᠣᠷᠢᠭᠵᠢᠭᠤᠯᠵᠤ ᠪᠤᠢ᠃ ︽ᠣᠶᠤᠨᠴᠢ ᠳᠤᠯᠠᠭᠠᠨ ᠬᠦᠯᠡᠮᠵᠢ ᠶᠢᠨ ᠶᠡᠷᠦᠩᠬᠡᠢ ᠲᠠᠯᠠᠪᠠᠶ ᠨᠢ 7000 ᠲᠡᠭᠰᠢ ᠳᠥᠷᠪᠡᠯᠵᠢᠨ ᠮᠧᠳ᠋ᠷ ᠪᠠᠶᠢᠵᠤ᠂ ᠭᠤᠣᠯᠳᠠᠭᠤ ᠴᠢᠬᠢ | ᠪᠤᠶᠢᠵᠢᠭᠤᠯᠬᠤ ᠪᠠᠷ ᠭᠤᠣᠯᠯᠠᠳᠠᠭ᠃ ᠡᠲᠡᠭᠡᠷ ᠨᠢᠯᠬ᠎ᠠ ᠴᠢᠬᠢ ᠶᠢ ᠣᠷᠣᠭᠤᠯᠤᠨ ᠠᠪᠴᠢᠷᠠᠬᠤ ᠳᠠᠭᠠᠨ ᠴᠥᠮ ᠤᠯᠤᠰ ᠤᠨ ᠳᠣᠲᠣᠭᠠᠳᠤ ᠶᠢᠨ ᠬᠠᠮᠤᠭ ᠤᠨ ᠲᠡᠷᠢᠭᠦᠨ ᠤ | ᠳᠦᠷᠤᠯ ᠢ ᠰᠤᠩᠭᠤᠵᠠᠢ᠂ ᠲᠥᠪᠡᠳ ᠬᠠᠰᠢ᠂ ᠪᠠᠰᠠ ᠮᠠᠰᠢ ᠣᠯᠠᠨ ᠠᠮᠲᠠᠲᠤ ᠬᠡᠮᠬᠡ ᠶᠢᠨ ᠰᠢᠨ᠎ᠡ ᠳᠦᠷᠤᠯ ᠤᠳ ᠪᠠᠶᠢᠵᠤ᠂ ᠮᠠᠨ ᠤ ᠬᠦᠷᠢᠶᠡᠯᠡᠩ ᠲᠣᠭᠤᠷᠢᠭ ᠤᠨ | 200 ᠭᠠᠷᠤᠢ ᠬᠦᠯᠡᠮᠵᠢ ᠳᠤ ᠳᠠᠷᠢᠬᠤ ᠳᠤ ᠵᠣᠷᠢᠭᠤᠯᠤᠭᠰᠠᠨ ᠪᠠᠶᠢᠨ᠎ᠠ︾ ᠭᠡᠵᠦ ᠯᠦ ᠵᠠᠨ ᠸᠧᠢ ᠶᠠᠷᠢᠨ᠎ᠠ᠃ | | | ᠣᠳᠣᠬᠠᠨ ᠳᠤ᠂ ᠳᠤᠯᠠᠭᠠᠨ ᠬᠦᠯᠡᠮᠵᠢ ᠳᠤ ᠴᠢᠬᠢ ᠪᠤᠶᠢᠵᠢᠭᠤᠯᠬᠤ ᠳᠤᠬᠢᠷᠠᠮᠵᠢᠳᠠᠢ ᠴᠠᠭ ᠦᠶ᠎ᠡ ᠪᠠᠶᠢᠵᠤ᠂ ᠴᠢᠬᠢ ᠪᠤᠶᠢᠵᠢᠭᠤᠯᠬᠤ ᠲᠣᠭᠤᠷᠢᠭ ᠲᠤ | ᠠᠵᠢᠯᠴᠢᠳ ᠶᠠᠭ ᠰᠠᠶᠢᠬᠠᠨ ᠨᠢᠯᠬ᠎ᠠ ᠴᠢᠬᠢ ᠶᠢ ᠪᠤᠶᠢᠵᠢᠭᠤᠯᠤᠨ ᠶᠠᠭᠠᠷᠠᠯᠳᠤᠵᠤ᠂ ᠰᠢᠪᠠᠷ ᠰᠢᠷᠣᠢ ᠪᠣᠯᠣᠨ ᠨᠢᠯᠬ᠎ᠠ ᠴᠢᠬᠢ ᠶᠢ ᠴᠢᠬᠢ ᠪᠤᠶᠢᠵᠢᠭᠤᠯᠬᠤ ᠲᠠᠪᠠᠭ ᠲᠤ | ᠬᠢᠵᠦ᠂ ᠴᠢᠬᠢ ᠰᠤᠩᠭᠤᠬᠤ᠂ ᠰᠢᠷᠣᠢ ᠤᠷᠪᠠᠭᠤᠯᠬᠤ᠂ ᠲᠠᠷᠢᠬᠤ᠂ ᠲᠠᠪᠠᠭ ᠲᠤ ᠣᠷᠣᠭᠤᠯᠬᠤ ᠵᠡᠷᠭᠡ ᠠᠵᠢᠯ ᠤᠨ ᠳᠠᠷᠠᠭᠠᠯᠠᠯ ᠢ ᠨᠢᠭᠡ ᠠᠮᠢᠰᠬᠤᠭ᠎ᠠ ᠪᠠᠷ | ᠶᠠᠪᠤᠬᠳᠠᠭᠤᠯᠤᠨ᠂ ᠰᠠᠶᠢᠬᠠᠨ ᠳᠠᠷᠢᠭᠰᠠᠨ ᠳᠠᠪᠠᠭ ᠳᠠᠪᠠᠭ ᠴᠢᠬᠢ ᠶᠢ ᠴᠢᠬᠢ ᠪᠤᠶᠢᠵᠢᠭᠤᠯᠬᠤ ᠣᠷᠣ ᠳᠡᠭᠡᠷ᠎ᠡ ᠨᠡᠭᠦᠯᠭᠡᠨᠠ᠂ ᠡᠨᠡ ᠪᠣᠯ ᠴᠢᠬᠢ ᠪᠤᠶᠢᠵᠢᠭᠤᠯᠬᠤ | ᠰᠠᠭᠤᠷᠢᠨ ᠤ ᠪᠤᠶᠢᠵᠢᠭᠤᠯᠤᠭᠰᠠᠨ ᠠᠩᠬᠠᠨ ᠤ ᠪᠦᠯᠦᠭ ᠴᠢᠬᠢ ᠪᠣᠯᠣᠨ᠎ᠠ᠃ ︽ᠡᠨᠡ ᠬᠤᠶᠠᠷ ᠡᠳᠦᠷ ᠬᠦᠯᠡᠮᠵᠢ ᠶᠢᠨ ᠳᠣᠲᠣᠷ᠎ᠠ ᠣᠨᠴᠠ ᠶᠢᠨ ᠶᠠᠭᠠᠷᠠᠤ ᠪᠠᠶᠢᠵᠤ᠂ | ᠣᠳᠣ ᠶᠠᠭ ᠴᠢᠬᠢ ᠪᠤᠶᠢᠵᠢᠭᠤᠯᠬᠤ ᠱᠠᠲᠤᠨ ᠳᠤ ᠤᠷᠤᠭᠠᠳ ᠪᠠᠶᠢᠨ᠎ᠠ᠂ ᠲᠠᠪᠢ ᠵᠢᠷᠠᠨ ᠵᠦᠢᠯ ᠤᠨ ᠳᠦᠷᠤᠯ ᠨᠢ ᠲᠤᠷᠰᠢᠯᠲᠠ ᠶᠢᠨ ᠱᠠᠲᠤᠨ ᠳᠤ ᠪᠠᠶᠢᠵᠤ᠂ | ᠤᠷᠭᠤᠴᠠ ᠶᠢᠨ ᠪᠠᠶᠢᠳᠠᠯ ᠢ ᠦᠵᠡᠪᠡᠯ᠂ ᠮᠠᠰᠢ ᠰᠠᠶᠢᠨ ᠲᠠᠢ ᠪᠠᠶᠢᠨ᠎ᠠ᠂ ᠡᠳᠦᠷ ᠲᠤ 100 ᠲᠠᠪᠠᠭ ᠣᠷᠴᠢᠮ ᠴᠢᠬᠢ ᠪᠤᠶᠢᠵᠢᠭᠤᠯᠵᠤ ᠴᠢᠳᠠᠨ᠎ᠠ︾ ᠭᠡᠵᠤ ᠮᠢᠶᠣᠣ | ᠵᠢᠶᠠ ᠲᠠᠨ ᠤ ᠣᠶᠤᠨᠴᠢ ᠬᠦᠯᠡᠮᠵᠢ ᠶᠢᠨ ᠠᠵᠢᠯᠲᠠᠨ ᠶᠠᠩ ᠶᠠᠨ ᠲᠠᠨᠢᠯᠴᠠᠭᠤᠯᠤᠨ᠎ᠠ᠃ | ᠶᠠᠩ ᠶᠠᠨ ᠭᠡᠯᠡᠬᠦ ᠳᠡᠭᠡᠨ᠂ ᠴᠢᠬᠢ ᠪᠤᠶᠢᠵᠢᠭᠤᠯᠬᠤ᠂ ᠵᠣᠬᠢᠶᠠᠨ ᠪᠠᠶᠢᠭᠤᠯᠵᠤ ᠪᠤᠶᠢᠵᠢᠭᠤᠯᠬᠤ᠂ ᠬᠠᠮᠢᠶᠠᠷᠴᠤ ᠬᠠᠮᠠᠭᠠᠯᠠᠬᠤ ᠵᠡᠷᠭᠡ ᠭᠤᠭᠴᠤᠭ᠎ᠠ ᠠᠴᠠ | ᠪᠠᠷᠢᠮᠵᠢᠶᠠᠵᠢᠭᠤᠯᠬᠤ᠂ ᠣᠶᠤᠨᠴᠢᠯᠠᠬᠤ᠂ ᠰᠢᠨᠵᠢᠯᠡᠬᠦ ᠤᠬᠠᠭᠠᠨᠴᠢᠯᠠᠬᠤ ᠶᠢ ᠦᠨᠳᠦᠰᠦᠨ ᠳᠡᠭᠡᠨ ᠪᠡᠶᠡᠯᠡᠭᠦᠯᠵᠦ᠂ ᠴᠢᠬᠢ ᠪᠤᠶᠢᠵᠢᠭᠤᠯᠬᠤ᠂ ᠲᠠᠷᠢᠬᠤ᠂ ᠪᠣᠷᠣᠯᠠᠭᠤᠯᠬᠤ | ᠪᠦᠬᠦ ᠠᠵᠤ ᠦᠢᠯᠡᠰ ᠤᠨ ᠬᠡᠯᠬᠢᠶ᠎ᠡ ᠶᠢ ᠪᠦᠷᠢᠯᠳᠦᠭᠦᠯᠵᠡᠢ ᠭᠡᠨ᠎ᠠ᠃ ︽ᠡᠨᠡᠬᠦ ᠬᠦᠯᠡᠮᠵᠢ ᠶᠢ ᠪᠠᠶᠢᠭᠤᠯᠬᠤ ᠶᠢᠨ ᠭᠤᠣᠯ ᠵᠣᠷᠢᠯᠭ᠎ᠠ ᠨᠢ ᠪᠦᠬᠦ᠋ᠢᠯᠡ ᠬᠦᠷᠢᠶᠡᠯᠡᠩ | ᠲᠣᠭᠤᠷᠢᠭ ᠲᠤ ᠴᠢᠨᠠᠷ ᠰᠠᠶᠢᠲᠠᠢ ᠴᠢᠬᠢ ᠬᠠᠩᠭᠠᠬᠤ ᠶᠢᠨ ᠲᠥᠯᠥᠭᠡ ᠶᠤᠮ᠃ ᠥᠩᠭᠡᠷᠡᠭᠰᠡᠨ ᠵᠢᠯ ᠤᠳ ᠲᠤ ᠴᠦᠮ ᠭᠠᠳᠠᠷ ᠣᠷᠣᠨ ᠠᠴᠠ ᠴᠢᠬᠢ ᠬᠤᠳᠠᠯᠳᠤᠨ | ᠠᠪᠴᠤ ᠪᠠᠶᠢᠭᠰᠠᠨ ᠪᠣᠯᠬᠤᠷ ᠵᠥᠭᠡᠭᠡᠪᠦᠷᠢᠯᠡᠬᠦ ᠵᠢᠴᠢ ᠡᠯ᠎ᠡ ᠲᠠᠯ᠎ᠠ ᠪᠠᠷ ᠪᠦᠷ ᠳᠥᠭᠦᠮ ᠦᠭᠡᠢ ᠪᠠᠶᠢᠪᠠ᠂ ᠤᠳᠤ ᠳᠦᠬᠦᠮ ᠪᠤᠯᠤᠬᠰᠠᠨ᠂ 200 ᠭᠠᠷᠤᠢ | ᠬᠦᠯᠡᠮᠵᠢ ᠲᠠᠢ ᠪᠣᠯᠤᠭᠰᠠᠨ ᠪᠥᠭᠡᠳ ᠪᠦᠷ ᠣᠷᠣᠭᠤᠯᠵᠤ ᠠᠪᠴᠢᠷᠠᠭᠰᠠᠨ ᠨᠡᠷᠡᠳᠦ ᠰᠢᠯᠢᠳᠡᠭ ᠰᠢᠨ᠎ᠡ ᠲᠦᠷᠦᠯ ᠵᠦᠢᠯ ᠪᠠᠶᠢᠵᠤ᠂ ᠴᠢᠬᠢ ᠶᠢᠨ ᠬᠠᠩᠭᠠᠯᠭ᠎ᠠ ᠠᠴᠠ | ᠬᠦᠷᠢᠶᠡᠯᠡᠩ ᠲᠣᠭᠤᠷᠢᠭ ᠤᠨ ᠪᠦᠲᠦᠭᠡᠭᠳᠡᠬᠦᠨ ᠤ ᠲᠠᠷᠢᠮᠠᠯ ᠤᠨ ᠡᠯ᠎ᠡ ᠲᠠᠯ᠎ᠠ ᠳᠤ ᠬᠦᠷᠲᠡᠯ᠎ᠡ ᠪᠦᠷᠢᠨ ᠪᠦᠲᠦᠨ ᠠᠵᠤ ᠦᠢᠯᠡᠰ ᠤᠨ ᠬᠡᠯᠬᠢᠶ᠎ᠡ ᠶᠢ ᠪᠦᠷᠢᠯᠳᠦᠭᠦᠯᠵᠦ᠂ | ᠡᠨᠡ ᠵᠢᠯ ᠠᠴᠠ ᠡᠬᠢᠯᠡᠨ ᠥᠪᠡᠷ ᠢ ᠪᠠᠨ ᠬᠠᠩᠭᠠᠵᠤ ᠳᠡᠶᠢᠯᠬᠦ ᠪᠣᠯᠵᠠᠢ︕ ᠪᠦᠷᠢᠨ ᠪᠦᠲᠦᠨ ᠠᠵᠤ ᠦᠢᠯᠡᠰ ᠤᠨ ᠬᠡᠯᠬᠢᠶ᠎ᠡ ᠶᠢ ᠪᠠᠶᠢᠭᠤᠯᠪᠠᠯ ᠳᠠᠷᠤᠢ ᠣᠷᠣᠨ | ᠨᠤᠲᠤᠭ ᠤᠨ ᠬᠥᠭᠵᠢᠯᠲᠡ ᠶᠢ ᠲᠠᠶᠢᠴᠢᠯᠠᠵᠤ᠂ ᠲᠣᠰᠬᠤᠨ ᠤ ᠬᠠᠮᠲᠤ ᠶᠢᠨ ᠠᠵᠤ ᠠᠬᠤᠢ ᠶᠢ ᠪᠤᠵᠠᠭᠠᠶᠢᠷᠠᠭᠤᠯᠵᠤ ᠴᠢᠳᠠᠨ᠎ᠠ︾ ᠭᠡᠵᠦ ᠯᠦ ᠵᠠᠨ ᠸᠧᠢ ᠶᠠᠷᠢᠨ᠎ᠠ᠃ | ᠠᠵᠢᠯᠴᠢ ᠬᠥᠮᠥᠨ ᠤ ᠬᠠᠪᠤᠷ ᠡᠷᠲᠡ᠃ ᠣᠳᠣᠬᠠᠨ ᠳᠤ᠂ ᠮᠢᠶᠣᠣ ᠵᠢᠶᠠ ᠲᠠᠨ ᠨᠡᠶᠢᠭᠡᠮ ᠲᠣᠭᠤᠷᠢᠭ ᠤᠨ ᠣᠶᠤᠨᠴᠢ ᠳᠤᠯᠠᠭᠠᠨ ᠬᠦᠯᠡᠮᠵᠢ ᠶᠢᠨ ᠴᠢᠬᠢ ᠪᠤᠶᠢᠵᠢᠭᠤᠯᠬᠤ | ᠰᠠᠭᠤᠷᠢᠨ ᠭᠠᠵᠠᠷ ᠨᠢ ᠤᠯᠠᠨ ᠲᠦᠮᠡᠨ ᠤ ︽ᠪᠠᠶᠠᠵᠢᠯ ᠤᠨ ᠣᠨᠢᠰᠤ︾ ᠶᠢ ᠨᠡᠭᠡᠭᠡᠬᠦ ︽ᠠᠯᠳᠠᠨ ᠲᠦᠯᠬᠢᠭᠦᠷ︾ ᠪᠣᠯᠵᠤ᠂ ᠣᠷᠣᠯᠭ᠎ᠠ ᠪᠠᠨ ᠨᠡᠮᠡᠭᠳᠡᠭᠦᠯᠦᠨ ᠪᠠᠶᠠᠵᠢᠬᠤ | ᠰᠢᠨ᠎ᠡ ᠣᠷᠣᠨ ᠵᠠᠢ ᠶᠢ ᠨᠡᠭᠡᠭᠡᠭᠰᠡᠨ ᠪᠠᠶᠢᠨ᠎ᠠ᠃ | | | |