ᠵᠡᠭᠦᠨᠭᠠᠷ ᠬᠤᠰᠢᠭᠤᠨ ᠤ ︽ᠦᠵᠡᠰᠬᠦᠯᠡᠩᠲᠦ ᠰᠠᠶᠢᠬᠠᠨ ᠠᠵᠤ ᠠᠬᠤᠢ︾ ᠨᠢ ︽ᠪᠠᠶᠠᠵᠢᠯ ᠤᠨ ᠠᠶᠠᠰ︾ ᠢ ᠴᠢᠪᠬᠠᠳᠠᠨ᠎ᠠ
ᠨᠡᠶᠢᠲᠡᠯᠡᠭᠰᠡᠨ ᠴᠠᠭ᠄
2024/3/20
      ᠵᠡᠭᠦᠨᠭᠠᠷ ᠬᠤᠰᠢᠭᠤᠨ ᠤ ᠳ᠋ᠠ ᠯᠦ ᠪᠠᠯᠭᠠᠰᠤ ᠶᠢᠨ ᠮᠢᠶᠣᠣ ᠵᠢᠶᠠ ᠲᠠᠨ ᠨᠡᠶᠢᠭᠡᠮ ᠲᠣᠭᠤᠷᠢᠭ ︽ᠬᠦᠯᠡᠮᠵᠢ ᠶᠢᠨ ᠠᠵᠤ ᠠᠬᠤᠢ︾ ᠶᠢ ᠳᠠᠷᠢᠶᠠᠯᠠᠩ ᠤᠶᠢᠯᠡᠳᠪᠤᠷᠢᠯᠡᠯ ᠤᠨ ᠠᠵᠤ ᠦᠢᠯᠡᠰ ᠤᠨ ᠪᠦᠲᠦᠴᠡ ᠳᠤ ᠲᠣᠬᠢᠷᠠᠭᠤᠯᠤᠯᠲᠠ ᠬᠢᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠭᠤᠣᠯ ᠰᠢᠪᠲᠤᠯᠤᠯᠲᠠ ᠶᠢᠨ ᠴᠢᠭᠯᠡᠯ ᠪᠣᠯᠭᠠᠵᠤ᠂ ᠴᠡᠴᠡᠭ ᠤᠨ ᠠᠵᠤ ᠠᠬᠤᠢ ᠪᠣᠯᠣᠨ ᠵᠢᠮᠢᠰ ᠢᠳᠡᠰᠢᠨ ᠨᠣᠭᠤᠭ᠎ᠠ ᠶᠢᠨ ᠠᠵᠤ ᠠᠬᠤᠢ ᠶᠢ ᠣᠷᠭᠠᠨᠢᠭ ᠢᠶᠠᠷ ᠠᠭᠤᠰᠤᠯᠴᠠᠭᠤᠯᠵᠤ᠂ ᠴᠡᠴᠡᠭ ᠲᠠᠷᠢᠬᠤ᠂ ᠴᠢᠨᠠᠷ ᠰᠠᠶᠢᠲᠠᠢ ᠵᠢᠮᠢᠰ ᠢᠳᠡᠰᠢᠨ ᠨᠣᠭᠤᠭ᠎ᠠ ᠶᠢ ᠪᠤᠶᠢᠵᠢᠭᠤᠯᠬᠤ ᠶᠢ ᠬᠥᠭᠵᠢᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠢᠨ᠎ᠡ ᠵᠠᠮ ᠢᠶᠠᠷ ᠵᠠᠮᠨᠠᠵᠤ ᠪᠤᠢ᠃
6384576806097391615399267.png
      ᠮᠢᠶᠣᠣ ᠵᠢᠶᠠ ᠲᠠᠨ ᠤ ᠣᠶᠤᠨᠴᠢ ᠳᠤᠯᠠᠭᠠᠨ ᠬᠦᠯᠡᠮᠵᠢ ᠶᠢᠨ ᠴᠢᠬᠢ ᠪᠤᠶᠢᠵᠢᠭᠤᠯᠬᠤ ᠰᠠᠭᠤᠷᠢᠨ ᠭᠠᠵᠠᠷ ᠲᠤ ᠬᠦᠷᠬᠦ ᠳᠤ᠂ ᠪᠤᠶᠢᠵᠢᠭᠤᠯᠤᠬᠰᠠᠨ ᠴᠢᠬᠢ ᠨᠣᠭᠤᠭᠠᠷᠠᠨ ᠬᠠᠷᠠᠬᠳᠠᠵᠤ᠂ ᠠᠩᠬᠢᠯᠤᠮ᠎ᠠ ᠦᠨᠦᠷ ᠬᠠᠩᠬᠤᠯᠤᠨ᠎ᠠ᠃ ᠬᠦᠯᠡᠮᠵᠢ ᠳᠤ ᠠᠮᠢᠵᠢᠷᠠᠯ ᠤᠨ ᠬᠦᠴᠦᠨ ᠢᠶᠠᠷ ᠪᠢᠯᠬᠠᠵᠤ᠂ ᠨᠢᠭᠡ ᠨᠢᠭᠡ ᠲᠠᠲᠠᠭᠠᠯ ᠰᠣᠷᠭᠤᠭ ᠨᠣᠭᠤᠭᠠᠨ ᠠᠮᠲᠠᠲᠤ ᠬᠡᠮᠬᠡ᠂ ᠲᠥᠪᠡᠳ ᠬᠠᠰᠢ᠂ ᠰᠢᠯᠢᠮᠳᠡᠭ ᠵᠡᠷᠭᠡ ᠵᠢᠮᠢᠰ ᠢᠳᠡᠰᠢᠨ ᠨᠣᠭᠤᠭ᠎ᠠ ᠶᠢᠨ ᠨᠢᠯᠬ᠎ᠠ ᠴᠢᠬᠢ ᠶᠢᠨ ᠤᠷᠭᠤᠴᠠ ᠨᠢ ᠬᠥᠮᠥᠨ ᠤ ᠰᠡᠳᠬᠢᠯ ᠢ ᠪᠠᠶᠠᠰᠬᠠᠨ᠎ᠠ᠃ ᠡᠯ᠎ᠡ ᠲᠦᠷᠦᠯ ᠤᠨ ᠴᠡᠴᠡᠭ ᠠᠴᠠ ᠠᠩᠬᠢᠯᠤᠮ᠎ᠠ ᠰᠠᠶᠢᠬᠠᠨ ᠦᠨᠦᠷ ᠬᠠᠩᠬᠤᠯᠵᠤ᠂ ᠭᠠᠵᠠᠷ ᠪᠣᠯᠭᠠᠨ ᠳᠤ ᠠᠮᠢᠵᠢᠷᠠᠯ ᠤᠨ ᠬᠦᠴᠦᠨ ᠢᠶᠠᠷ ᠪᠢᠯᠬᠠᠨ᠎ᠠ᠃ 2023 ᠣᠨ ᠳᠤ᠂ ᠮᠢᠶᠣᠣ ᠵᠢᠶᠠ ᠲᠠᠨ ᠨᠡᠶᠢᠭᠡᠮ ᠲᠣᠭᠤᠷᠢᠭ ᠴᠡᠴᠡᠭ ᠤᠨ ᠠᠵᠤ ᠠᠬᠤᠢ ᠶᠢᠨ ᠲᠠᠯ᠎ᠠ ᠪᠠᠷ ᠬᠦᠴᠦ ᠣᠷᠣᠭᠤᠯᠵᠤ᠂ ᠴᠡᠴᠡᠭ ᠤᠨ ᠠᠵᠤ ᠦᠢᠯᠡᠰ ᠲᠤ ᠰᠠᠭᠤᠷᠢᠯᠠᠨ᠂ ︽ᠴᠡᠴᠡᠭ ᠤᠨ ᠠᠵᠤ ᠠᠬᠤᠢ︾ ᠶᠢ ᠬᠦᠭᠵᠢᠭᠡᠨ ᠲᠠᠢ ᠪᠣᠯᠭᠠᠵᠤ᠂ ᠦᠵᠡᠰᠬᠦᠯᠡᠩᠲᠦ ᠰᠠᠶᠢᠬᠠᠨ ᠡᠬᠢ ᠪᠠᠶᠠᠯᠢᠭ ᠢ ︽ᠦᠵᠡᠰᠬᠦᠯᠡᠩᠲᠦ ᠰᠠᠶᠢᠬᠠᠨ ᠠᠵᠤ ᠠᠬᠤᠢ︾ ᠪᠣᠯᠭᠠᠨ ᠬᠤᠪᠢᠷᠠᠭᠤᠯᠪᠠ᠃ ᠬᠦᠯᠡᠮᠵᠢ ᠶᠢᠨ ᠳᠣᠲᠣᠷ᠎ᠠ ᠫᠧᠩᠰᠡ ᠫᠧᠩᠰᠡ ᠡᠯᠳᠡᠪ ᠶᠠᠩᠵᠤ ᠶᠢᠨ ᠬᠡᠯᠪᠡᠷᠢ ᠳᠦᠷᠰᠦ ᠲᠠᠢ ᠴᠡᠴᠡᠭ ᠢ ᠥᠨᠳᠥᠷ ᠪᠣᠭᠤᠨᠢ ᠶᠢ ᠨᠢ ᠵᠥᠷᠢᠭᠦᠯᠤᠨ ᠲᠠᠯᠪᠢᠭᠤᠷ ᠲᠤ ᠲᠠᠯᠪᠢᠵᠤ᠂ ᠮᠦᠷ ᠮᠦᠷ ᠫᠧᠩᠰᠡ ᠲᠠᠢ ᠴᠡᠴᠡᠭ ᠢ ᠬᠡᠷᠡᠮ ᠤᠨ ᠣᠷᠣᠢ ᠳᠡᠭᠡᠷ᠎ᠡ ᠰᠠᠭᠤᠯᠭᠠᠨ᠂ ᠥᠩᠭᠡ ᠶᠢᠨ ᠴᠡᠴᠡᠭ ᠮᠢᠷᠠᠯᠵᠠᠨ ᠳᠡᠯᠭᠡᠷᠡᠵᠤ᠂ ᠬᠠᠪᠤᠷ ᠴᠠᠭ ᠤᠨ ᠠᠮᠢᠵᠢᠷᠠᠯ ᠢ ᠬᠠᠷᠠᠭᠤᠯᠵᠤ᠂ ᠤᠯᠠᠭᠠᠨ᠂ ᠨᠣᠭᠤᠭᠠᠨ᠂ ᠶᠠᠭᠠᠨ᠂ ᠴᠠᠭᠠᠨ᠂ ᠰᠢᠷ᠎ᠠ ᠁ ᠥᠩᠭᠡ ᠪᠦᠷᠢ ᠶᠢᠨ ᠴᠡᠴᠡᠭ ᠤᠨ ᠰᠠᠶᠢᠬᠠᠨ ᠢ ᠪᠠᠭ᠋ᠠᠳᠤᠭᠤᠯᠤᠨ᠎ᠠ᠃
6384576825266648498426631.png
      ︽ᠪᠢᠳᠡ ᠰᠤᠯᠠ ᠰᠡᠯᠡᠭᠦᠦ ᠣᠷᠣᠨ ᠵᠠᠢ ᠶᠢ ᠠᠰᠢᠭᠯᠠᠵᠤ ᠰᠠᠷᠠᠨᠠᠢ ᠴᠡᠴᠡᠭ᠂ ᠰᠠᠷᠭᠠᠢ ᠴᠡᠴᠡᠭ ᠵᠡᠷᠭᠡ ᠶᠢ ᠳᠠᠷᠢᠵᠠᠢ᠂ ᠦᠨᠳᠦᠰᠦᠨ ᠳᠡᠭᠡᠨ ᠪᠦᠷ ᠮᠠᠨ ᠤ ᠡᠨᠡ ᠭᠠᠵᠠᠷ ᠣᠷᠣᠨ ᠳᠤ ᠠᠷᠠᠴᠢᠯᠠᠬᠤ ᠳᠤ ᠲᠣᠬᠢᠷᠠᠮᠵᠢᠳᠠᠢ ᠴᠡᠴᠡᠭ ᠤᠳ ᠪᠣᠯᠣᠨ᠎ᠠ᠂ ᠵᠤᠨ ᠤ ᠤᠯᠠᠷᠢᠯ ᠪᠣᠯᠬᠤ ᠳᠤ ᠬᠥᠮᠥᠨ ᠤᠯᠠᠨ ᠢᠷᠡᠳᠡᠭ᠂ ᠡᠳᠡᠭᠡᠷ ᠴᠡᠴᠡᠭ ᠤᠳ ᠢ ᠬᠥᠮᠥᠰ ᠰᠣᠨᠢᠷᠬᠠᠵᠤ᠂ ᠪᠠᠭ᠋ᠠᠷᠬᠠᠨ᠂ ᠬᠤᠳᠠᠯᠳᠤᠨ ᠠᠪᠤᠭᠠᠳ ᠠᠵᠤ ᠠᠬᠤᠢ ᠶᠢᠨ ᠣᠷᠣᠯᠭ᠎ᠠ ᠶᠢ ᠨᠡᠮᠡᠭᠳᠡᠭᠦᠯᠵᠦ ᠪᠣᠯᠣᠨ᠎ᠠ︾ ᠭᠡᠵᠦ ᠮᠢᠶᠣᠣ ᠵᠢᠶᠠ ᠲᠠᠨ ᠨᠡᠶᠢᠭᠡᠮ ᠲᠣᠭᠤᠷᠢᠭ ᠤᠨ ᠨᠠᠮ ᠤᠨ ᠡᠭᠦᠷ ᠤᠨ ᠱᠦᠵᠢ ᠯᠦ ᠵᠠᠨ ᠸᠧᠢ ᠶᠠᠷᠢᠨ᠎ᠠ᠃ ᠨᠢᠭᠡ ᠠᠵᠤ ᠦᠢᠯᠡᠰ ᠢ ᠬᠥᠭᠵᠢᠭᠦᠯᠵᠦ᠂ ᠨᠢᠭᠡ ᠬᠡᠰᠡᠭ ᠭᠠᠵᠠᠷ ᠤᠷᠤᠨ ᠤ ᠠᠵᠤ ᠠᠬᠤᠢ ᠶᠢ ᠬᠦᠭᠵᠢᠭᠡᠨ ᠲᠠᠢ ᠪᠣᠯᠭᠠᠨ᠂ ᠡᠨᠡ ᠭᠠᠵᠠᠷ ᠤᠨ ᠤᠯᠠᠨ ᠲᠦᠮᠡᠨ ᠢ ᠪᠠᠶᠠᠵᠢᠭᠤᠯᠤᠨ᠎ᠠ᠃ ᠣᠶᠢᠷ᠎ᠠ ᠶᠢᠨ ᠵᠢᠯ ᠤᠳ ᠠᠴᠠ᠂ ᠮᠢᠶᠣᠣ ᠵᠢᠶᠠ ᠲᠠᠨ ᠨᠡᠶᠢᠭᠡᠮ ᠲᠣᠭᠤᠷᠢᠭ ᠲᠠᠷᠢᠶᠠᠯᠠᠩ ᠤᠨ ᠠᠵᠤ ᠦᠢᠯᠡᠰ ᠤᠨ ᠪᠦᠲᠦᠴᠡ ᠶᠢ ᠲᠠᠰᠤᠷᠠᠯᠲᠠ ᠦᠭᠡᠢ ᠰᠢᠯᠢᠳᠡᠭᠵᠢᠭᠦᠯᠵᠦ᠂ ᠲᠤᠬᠠᠢ ᠶᠢᠨ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠲᠥᠬᠦᠭᠡᠷᠦᠮᠵᠢᠲᠦ ᠲᠠᠷᠢᠶᠠᠯᠠᠩ ᠢ ᠬᠥᠭᠵᠢᠭᠦᠯᠵᠦ᠂ ᠰᠢᠨ᠎ᠡ ᠬᠡᠯᠪᠡᠷᠢ ᠶᠢᠨ ᠣᠶᠤᠨᠴᠢ ᠳᠤᠯᠠᠭᠠᠨ ᠬᠦᠯᠡᠮᠵᠢ ᠳᠤ ᠴᠢᠬᠢ ᠪᠤᠶᠢᠵᠢᠭᠤᠯᠬᠤ ᠰᠠᠭᠤᠷᠢᠨ ᠭᠠᠵᠠᠷ ᠢ ᠪᠠᠶᠢᠭᠤᠯᠵᠤ᠂ ᠲᠠᠷᠢᠶᠠᠯᠠᠩ ᠢ ᠤᠯᠠᠮᠵᠢᠯᠠᠯᠲᠤ ᠬᠡᠯᠪᠡᠷᠢ ᠠᠴᠠ ᠣᠳᠣᠬᠢᠴᠢᠯᠠᠯᠲᠠ ᠳᠡᠶᠢᠰᠢ ᠬᠤᠪᠢᠷᠠᠭᠤᠯᠬᠤ ᠶᠢ ᠢᠳᠡᠪᠬᠢᠲᠡᠢ ᠪᠠᠷ ᠬᠥᠲᠥᠯᠥᠨ ᠵᠢᠯᠤᠭᠤᠳᠴᠤ ᠵᠣᠷᠢᠭᠵᠢᠭᠤᠯᠵᠤ ᠪᠤᠢ᠃ ︽ᠣᠶᠤᠨᠴᠢ ᠳᠤᠯᠠᠭᠠᠨ ᠬᠦᠯᠡᠮᠵᠢ ᠶᠢᠨ ᠶᠡᠷᠦᠩᠬᠡᠢ ᠲᠠᠯᠠᠪᠠᠶ ᠨᠢ 7000 ᠲᠡᠭᠰᠢ ᠳᠥᠷᠪᠡᠯᠵᠢᠨ ᠮᠧᠳ᠋ᠷ ᠪᠠᠶᠢᠵᠤ᠂ ᠭᠤᠣᠯᠳᠠᠭᠤ ᠴᠢᠬᠢ ᠪᠤᠶᠢᠵᠢᠭᠤᠯᠬᠤ ᠪᠠᠷ ᠭᠤᠣᠯᠯᠠᠳᠠᠭ᠃ ᠡᠲᠡᠭᠡᠷ ᠨᠢᠯᠬ᠎ᠠ ᠴᠢᠬᠢ ᠶᠢ ᠣᠷᠣᠭᠤᠯᠤᠨ ᠠᠪᠴᠢᠷᠠᠬᠤ ᠳᠠᠭᠠᠨ ᠴᠥᠮ ᠤᠯᠤᠰ ᠤᠨ ᠳᠣᠲᠣᠭᠠᠳᠤ ᠶᠢᠨ ᠬᠠᠮᠤᠭ ᠤᠨ ᠲᠡᠷᠢᠭᠦᠨ ᠤ ᠳᠦᠷᠤᠯ ᠢ ᠰᠤᠩᠭᠤᠵᠠᠢ᠂ ᠲᠥᠪᠡᠳ ᠬᠠᠰᠢ᠂ ᠪᠠᠰᠠ ᠮᠠᠰᠢ ᠣᠯᠠᠨ ᠠᠮᠲᠠᠲᠤ ᠬᠡᠮᠬᠡ ᠶᠢᠨ ᠰᠢᠨ᠎ᠡ ᠳᠦᠷᠤᠯ ᠤᠳ ᠪᠠᠶᠢᠵᠤ᠂ ᠮᠠᠨ ᠤ ᠬᠦᠷᠢᠶᠡᠯᠡᠩ ᠲᠣᠭᠤᠷᠢᠭ ᠤᠨ 200 ᠭᠠᠷᠤᠢ ᠬᠦᠯᠡᠮᠵᠢ ᠳᠤ ᠳᠠᠷᠢᠬᠤ ᠳᠤ ᠵᠣᠷᠢᠭᠤᠯᠤᠭᠰᠠᠨ ᠪᠠᠶᠢᠨ᠎ᠠ︾ ᠭᠡᠵᠦ ᠯᠦ ᠵᠠᠨ ᠸᠧᠢ ᠶᠠᠷᠢᠨ᠎ᠠ᠃
6384576826297893326178072.png
      ᠣᠳᠣᠬᠠᠨ ᠳᠤ᠂ ᠳᠤᠯᠠᠭᠠᠨ ᠬᠦᠯᠡᠮᠵᠢ ᠳᠤ ᠴᠢᠬᠢ ᠪᠤᠶᠢᠵᠢᠭᠤᠯᠬᠤ ᠳᠤᠬᠢᠷᠠᠮᠵᠢᠳᠠᠢ ᠴᠠᠭ ᠦᠶ᠎ᠡ ᠪᠠᠶᠢᠵᠤ᠂ ᠴᠢᠬᠢ ᠪᠤᠶᠢᠵᠢᠭᠤᠯᠬᠤ ᠲᠣᠭᠤᠷᠢᠭ ᠲᠤ ᠠᠵᠢᠯᠴᠢᠳ ᠶᠠᠭ ᠰᠠᠶᠢᠬᠠᠨ ᠨᠢᠯᠬ᠎ᠠ ᠴᠢᠬᠢ ᠶᠢ ᠪᠤᠶᠢᠵᠢᠭᠤᠯᠤᠨ ᠶᠠᠭᠠᠷᠠᠯᠳᠤᠵᠤ᠂ ᠰᠢᠪᠠᠷ ᠰᠢᠷᠣᠢ ᠪᠣᠯᠣᠨ ᠨᠢᠯᠬ᠎ᠠ ᠴᠢᠬᠢ ᠶᠢ ᠴᠢᠬᠢ ᠪᠤᠶᠢᠵᠢᠭᠤᠯᠬᠤ ᠲᠠᠪᠠᠭ ᠲᠤ ᠬᠢᠵᠦ᠂ ᠴᠢᠬᠢ ᠰᠤᠩᠭᠤᠬᠤ᠂ ᠰᠢᠷᠣᠢ ᠤᠷᠪᠠᠭᠤᠯᠬᠤ᠂ ᠲᠠᠷᠢᠬᠤ᠂ ᠲᠠᠪᠠᠭ ᠲᠤ ᠣᠷᠣᠭᠤᠯᠬᠤ ᠵᠡᠷᠭᠡ ᠠᠵᠢᠯ ᠤᠨ ᠳᠠᠷᠠᠭᠠᠯᠠᠯ ᠢ ᠨᠢᠭᠡ ᠠᠮᠢᠰᠬᠤᠭ᠎ᠠ ᠪᠠᠷ ᠶᠠᠪᠤᠬᠳᠠᠭᠤᠯᠤᠨ᠂ ᠰᠠᠶᠢᠬᠠᠨ ᠳᠠᠷᠢᠭᠰᠠᠨ ᠳᠠᠪᠠᠭ ᠳᠠᠪᠠᠭ ᠴᠢᠬᠢ ᠶᠢ ᠴᠢᠬᠢ ᠪᠤᠶᠢᠵᠢᠭᠤᠯᠬᠤ ᠣᠷᠣ ᠳᠡᠭᠡᠷ᠎ᠡ ᠨᠡᠭᠦᠯᠭᠡᠨ᠎ᠠ᠂ ᠡᠨᠡ ᠪᠣᠯ ᠴᠢᠬᠢ ᠪᠤᠶᠢᠵᠢᠭᠤᠯᠬᠤ ᠰᠠᠭᠤᠷᠢᠨ ᠤ ᠪᠤᠶᠢᠵᠢᠭᠤᠯᠤᠭᠰᠠᠨ ᠠᠩᠬᠠᠨ ᠤ ᠪᠦᠯᠦᠭ ᠴᠢᠬᠢ ᠪᠣᠯᠣᠨ᠎ᠠ᠃ ︽ᠡᠨᠡ ᠬᠤᠶᠠᠷ ᠡᠳᠦᠷ ᠬᠦᠯᠡᠮᠵᠢ ᠶᠢᠨ ᠳᠣᠲᠣᠷ᠎ᠠ ᠣᠨᠴᠠ ᠶᠢᠨ ᠶᠠᠭᠠᠷᠠᠤ ᠪᠠᠶᠢᠵᠤ᠂ ᠣᠳᠣ ᠶᠠᠭ ᠴᠢᠬᠢ ᠪᠤᠶᠢᠵᠢᠭᠤᠯᠬᠤ ᠱᠠᠲᠤᠨ ᠳᠤ ᠤᠷᠤᠭᠠᠳ ᠪᠠᠶᠢᠨ᠎ᠠ᠂ ᠲᠠᠪᠢ ᠵᠢᠷᠠᠨ ᠵᠦᠢᠯ ᠤᠨ ᠳᠦᠷᠤᠯ ᠨᠢ ᠲᠤᠷᠰᠢᠯᠲᠠ ᠶᠢᠨ ᠱᠠᠲᠤᠨ ᠳᠤ ᠪᠠᠶᠢᠵᠤ᠂ ᠤᠷᠭᠤᠴᠠ ᠶᠢᠨ ᠪᠠᠶᠢᠳᠠᠯ ᠢ ᠦᠵᠡᠪᠡᠯ᠂ ᠮᠠᠰᠢ ᠰᠠᠶᠢᠨ ᠲᠠᠢ ᠪᠠᠶᠢᠨ᠎ᠠ᠂ ᠡᠳᠦᠷ ᠲᠤ 100 ᠲᠠᠪᠠᠭ ᠣᠷᠴᠢᠮ ᠴᠢᠬᠢ ᠪᠤᠶᠢᠵᠢᠭᠤᠯᠵᠤ ᠴᠢᠳᠠᠨ᠎ᠠ︾ ᠭᠡᠵᠤ ᠮᠢᠶᠣᠣ ᠵᠢᠶᠠ ᠲᠠᠨ ᠤ ᠣᠶᠤᠨᠴᠢ ᠬᠦᠯᠡᠮᠵᠢ ᠶᠢᠨ ᠠᠵᠢᠯᠲᠠᠨ ᠶᠠᠩ ᠶᠠᠨ ᠲᠠᠨᠢᠯᠴᠠᠭᠤᠯᠤᠨ᠎ᠠ᠃      ᠶᠠᠩ ᠶᠠᠨ ᠭᠡᠯᠡᠬᠦ ᠳᠡᠭᠡᠨ᠂ ᠴᠢᠬᠢ ᠪᠤᠶᠢᠵᠢᠭᠤᠯᠬᠤ᠂ ᠵᠣᠬᠢᠶᠠᠨ ᠪᠠᠶᠢᠭᠤᠯᠵᠤ ᠪᠤᠶᠢᠵᠢᠭᠤᠯᠬᠤ᠂ ᠬᠠᠮᠢᠶᠠᠷᠴᠤ ᠬᠠᠮᠠᠭᠠᠯᠠᠬᠤ ᠵᠡᠷᠭᠡ ᠭᠤᠭᠴᠤᠭ᠎ᠠ ᠠᠴᠠ ᠪᠠᠷᠢᠮᠵᠢᠶᠠᠵᠢᠭᠤᠯᠬᠤ᠂ ᠣᠶᠤᠨᠴᠢᠯᠠᠬᠤ᠂ ᠰᠢᠨᠵᠢᠯᠡᠬᠦ ᠤᠬᠠᠭᠠᠨᠴᠢᠯᠠᠬᠤ ᠶᠢ ᠦᠨᠳᠦᠰᠦᠨ ᠳᠡᠭᠡᠨ ᠪᠡᠶᠡᠯᠡᠭᠦᠯᠵᠦ᠂ ᠴᠢᠬᠢ ᠪᠤᠶᠢᠵᠢᠭᠤᠯᠬᠤ᠂ ᠲᠠᠷᠢᠬᠤ᠂ ᠪᠣᠷᠣᠯᠠᠭᠤᠯᠬᠤ ᠪᠦᠬᠦ ᠠᠵᠤ ᠦᠢᠯᠡᠰ ᠤᠨ ᠬᠡᠯᠬᠢᠶ᠎ᠡ ᠶᠢ ᠪᠦᠷᠢᠯᠳᠦᠭᠦᠯᠵᠡᠢ ᠭᠡᠨ᠎ᠠ᠃ ︽ᠡᠨᠡᠬᠦ ᠬᠦᠯᠡᠮᠵᠢ ᠶᠢ ᠪᠠᠶᠢᠭᠤᠯᠬᠤ ᠶᠢᠨ ᠭᠤᠣᠯ ᠵᠣᠷᠢᠯᠭ᠎ᠠ ᠨᠢ ᠪᠦᠬᠦ᠋ᠢᠯᠡ ᠬᠦᠷᠢᠶᠡᠯᠡᠩ ᠲᠣᠭᠤᠷᠢᠭ ᠲᠤ ᠴᠢᠨᠠᠷ ᠰᠠᠶᠢᠲᠠᠢ ᠴᠢᠬᠢ ᠬᠠᠩᠭᠠᠬᠤ ᠶᠢᠨ ᠲᠥᠯᠥᠭᠡ ᠶᠤᠮ᠃ ᠥᠩᠭᠡᠷᠡᠭᠰᠡᠨ ᠵᠢᠯ ᠤᠳ ᠲᠤ ᠴᠦᠮ ᠭᠠᠳᠠᠷ ᠣᠷᠣᠨ ᠠᠴᠠ ᠴᠢᠬᠢ ᠬᠤᠳᠠᠯᠳᠤᠨ ᠠᠪᠴᠤ ᠪᠠᠶᠢᠭᠰᠠᠨ ᠪᠣᠯᠬᠤᠷ ᠵᠥᠭᠡᠭᠡᠪᠦᠷᠢᠯᠡᠬᠦ ᠵᠢᠴᠢ ᠡᠯ᠎ᠡ ᠲᠠᠯ᠎ᠠ ᠪᠠᠷ ᠪᠦᠷ ᠳᠥᠭᠦᠮ ᠦᠭᠡᠢ ᠪᠠᠶᠢᠪᠠ᠂ ᠤᠳᠤ ᠳᠦᠬᠦᠮ ᠪᠤᠯᠤᠬᠰᠠᠨ᠂ 200 ᠭᠠᠷᠤᠢ ᠬᠦᠯᠡᠮᠵᠢ ᠲᠠᠢ ᠪᠣᠯᠤᠭᠰᠠᠨ ᠪᠥᠭᠡᠳ ᠪᠦᠷ ᠣᠷᠣᠭᠤᠯᠵᠤ ᠠᠪᠴᠢᠷᠠᠭᠰᠠᠨ ᠨᠡᠷᠡᠳᠦ ᠰᠢᠯᠢᠳᠡᠭ ᠰᠢᠨ᠎ᠡ ᠲᠦᠷᠦᠯ ᠵᠦᠢᠯ ᠪᠠᠶᠢᠵᠤ᠂ ᠴᠢᠬᠢ ᠶᠢᠨ ᠬᠠᠩᠭᠠᠯᠭ᠎ᠠ ᠠᠴᠠ ᠬᠦᠷᠢᠶᠡᠯᠡᠩ ᠲᠣᠭᠤᠷᠢᠭ ᠤᠨ ᠪᠦᠲᠦᠭᠡᠭᠳᠡᠬᠦᠨ ᠤ ᠲᠠᠷᠢᠮᠠᠯ ᠤᠨ ᠡᠯ᠎ᠡ ᠲᠠᠯ᠎ᠠ ᠳᠤ ᠬᠦᠷᠲᠡᠯ᠎ᠡ ᠪᠦᠷᠢᠨ ᠪᠦᠲᠦᠨ ᠠᠵᠤ ᠦᠢᠯᠡᠰ ᠤᠨ ᠬᠡᠯᠬᠢᠶ᠎ᠡ ᠶᠢ ᠪᠦᠷᠢᠯᠳᠦᠭᠦᠯᠵᠦ᠂ ᠡᠨᠡ ᠵᠢᠯ ᠠᠴᠠ ᠡᠬᠢᠯᠡᠨ ᠥᠪᠡᠷ ᠢ ᠪᠠᠨ ᠬᠠᠩᠭᠠᠵᠤ ᠳᠡᠶᠢᠯᠬᠦ ᠪᠣᠯᠵᠠᠢ︕ ᠪᠦᠷᠢᠨ ᠪᠦᠲᠦᠨ ᠠᠵᠤ ᠦᠢᠯᠡᠰ ᠤᠨ ᠬᠡᠯᠬᠢᠶ᠎ᠡ ᠶᠢ ᠪᠠᠶᠢᠭᠤᠯᠪᠠᠯ ᠳᠠᠷᠤᠢ ᠣᠷᠣᠨ ᠨᠤᠲᠤᠭ ᠤᠨ ᠬᠥᠭᠵᠢᠯᠲᠡ ᠶᠢ ᠲᠠᠶᠢᠴᠢᠯᠠᠵᠤ᠂ ᠲᠣᠰᠬᠤᠨ ᠤ ᠬᠠᠮᠲᠤ ᠶᠢᠨ ᠠᠵᠤ ᠠᠬᠤᠢ ᠶᠢ ᠪᠤᠵᠠᠭᠠᠶᠢᠷᠠᠭᠤᠯᠵᠤ ᠴᠢᠳᠠᠨ᠎ᠠ︾ ᠭᠡᠵᠦ ᠯᠦ ᠵᠠᠨ ᠸᠧᠢ ᠶᠠᠷᠢᠨ᠎ᠠ᠃ ᠠᠵᠢᠯᠴᠢ ᠬᠥᠮᠥᠨ ᠤ ᠬᠠᠪᠤᠷ ᠡᠷᠲᠡ᠃ ᠣᠳᠣᠬᠠᠨ ᠳᠤ᠂ ᠮᠢᠶᠣᠣ ᠵᠢᠶᠠ ᠲᠠᠨ ᠨᠡᠶᠢᠭᠡᠮ ᠲᠣᠭᠤᠷᠢᠭ ᠤᠨ ᠣᠶᠤᠨᠴᠢ ᠳᠤᠯᠠᠭᠠᠨ ᠬᠦᠯᠡᠮᠵᠢ ᠶᠢᠨ ᠴᠢᠬᠢ ᠪᠤᠶᠢᠵᠢᠭᠤᠯᠬᠤ ᠰᠠᠭᠤᠷᠢᠨ ᠭᠠᠵᠠᠷ ᠨᠢ ᠤᠯᠠᠨ ᠲᠦᠮᠡᠨ ᠤ ︽ᠪᠠᠶᠠᠵᠢᠯ ᠤᠨ ᠣᠨᠢᠰᠤ︾ ᠶᠢ ᠨᠡᠭᠡᠭᠡᠬᠦ ︽ᠠᠯᠳᠠᠨ ᠲᠦᠯᠬᠢᠭᠦᠷ︾ ᠪᠣᠯᠵᠤ᠂ ᠣᠷᠣᠯᠭ᠎ᠠ ᠪᠠᠨ ᠨᠡᠮᠡᠭᠳᠡᠭᠦᠯᠦᠨ ᠪᠠᠶᠠᠵᠢᠬᠤ ᠰᠢᠨ᠎ᠡ ᠣᠷᠣᠨ ᠵᠠᠢ ᠶᠢ ᠨᠡᠭᠡᠭᠡᠭᠰᠡᠨ ᠪᠠᠶᠢᠨ᠎ᠠ᠃     
ᠢᠷᠡᠯᠲᠡ᠄ ᠵᠡᠭᠦᠨᠭᠠᠷ ᠬᠤᠰᠢᠭᠤᠨ ᠤ ᠬᠠᠮ ᠵᠠᠭᠤᠴᠢᠯᠠᠭᠤᠷ ᠤᠨ ᠲᠥᠪ