ᠴᠢ ᠫᠠᠨ ᠵᠢᠩ ᠪᠠᠯᠭᠠᠰᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠣᠯᠠᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠯᠡᠨ ᠪᠠᠯᠭᠠᠰᠤᠨ ᠲᠣᠭᠤᠷᠢᠭ ᠤᠨ ᠣᠷᠴᠢᠨ ᠲᠣᠭᠤᠷᠢᠨ ᠢ ᠰᠠᠶᠢᠵᠢᠷᠠᠭᠤᠯᠪᠠ
ᠨᠡᠶᠢᠲᠡᠯᠡᠭᠰᠡᠨ ᠴᠠᠭ᠄
2024/3/20
      ᠴᠢ ᠫᠠᠨ ᠵᠢᠩ ᠪᠠᠯᠭᠠᠰᠤ ᠵᠡᠭᠡᠯᠢ ᠭᠤᠳᠤᠮᠵᠢ ᠶᠢᠨ ᠲᠦᠷᠰᠦ ᠪᠠᠶᠢᠳᠠᠯ ᠢ ᠰᠠᠶᠢᠬᠠᠨ ᠪᠣᠯᠭᠠᠬᠤ ᠪᠠᠷ ᠠᠵᠠ ᠲᠣᠬᠢᠶᠠᠯ ᠪᠣᠯᠭᠠᠵᠤ᠂ ᠵᠠᠭᠤᠨ ᠡᠳᠦᠷ ᠤᠨ ᠪᠣᠭᠤᠮᠲᠠ ᠰᠢᠪᠲᠤᠯᠬᠤ ᠠᠵᠢᠯ ᠢ ᠪᠠᠶᠢᠩᠭᠤᠵᠢᠭᠤᠯᠬᠤ ᠶᠢ ᠠᠬᠢᠭᠤᠯᠤᠨ᠂ ᠲᠠᠭᠠᠯᠠᠮᠵᠢᠲᠠᠢ ᠪᠣᠯᠪᠠᠰᠤᠨ ᠰᠠᠶᠢᠬᠠᠨ ᠬᠤᠲᠠ ᠪᠠᠯᠭᠠᠰᠤ ᠶᠢ ᠪᠠᠶᠢᠭᠤᠯᠬᠤ ᠠᠵᠢᠯ ᠤᠨ ᠱᠠᠭᠠᠷᠳᠠᠯᠭ᠎ᠠ ᠶᠣᠰᠣᠭᠠᠷ ᠲᠤᠰᠬᠠᠢ ᠠᠵᠢᠯ ᠤᠨ ᠳᠤᠭᠤᠶᠢᠯᠠᠩ ᠪᠠᠶᠢᠭᠤᠯᠵᠤ᠂ ᠪᠠᠯᠭᠠᠰᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠬᠤᠳᠠᠯᠳᠤᠭᠠᠨ ᠤ ᠡᠷᠦᠬᠡ ᠶᠢᠨ ᠡᠭᠦᠳᠡᠨ ᠡᠮᠦᠨᠡᠬᠢ ᠭᠤᠷᠪᠠᠨ ᠠᠵᠢᠯ ᠢ ᠳᠠᠭᠠᠭᠠᠴᠢᠯᠠᠨ ᠬᠢᠬᠦ ᠬᠠᠷᠢᠭᠤᠴᠠᠯᠭ᠎ᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠵᠠᠮ ᠤᠨ ᠬᠤᠶᠠᠷ ᠬᠠᠵᠠᠭᠤ ᠪᠠᠷ ᠡᠵᠡᠩᠨᠡᠯᠲᠡ ᠬᠢᠬᠦ᠂ ᠡᠭᠦᠳᠡᠨ ᠳᠡᠭᠡᠷ᠎ᠡ ᠨᠢ ᠪᠤᠵᠠᠷ ᠪᠤᠷᠲᠠᠭ ᠡᠮᠬᠢ ᠳᠢᠭᠯᠢᠮ ᠦᠭᠡᠢ ᠪᠠᠶᠢᠬᠤ ᠵᠡᠷᠭᠡ ᠪᠠᠯᠭᠠᠰᠤᠨ ᠤ ᠳᠦᠷᠢ ᠲᠥᠷᠬᠦ ᠶᠢ ᠨᠥᠯᠥᠭᠡᠯᠡᠬᠦ ᠠᠵᠢᠯᠯᠠᠭ᠎ᠠ ᠶᠢ ᠴᠡᠭᠴᠡᠯᠡᠨ ᠵᠠᠰᠠᠪᠠ᠃ ᠨᠢᠭᠡ᠂ ᠨᠡᠭᠦᠳᠡᠯ ᠮᠠᠶᠢᠮᠠᠶᠢᠴᠢᠨ ᠢ ᠴᠡᠭᠴᠡᠯᠡᠨ ᠵᠠᠰᠠᠬᠤ ᠠᠵᠢᠯ ᠢ ᠴᠢᠩᠭᠠᠳᠬᠠᠪᠠ᠃ ᠪᠠᠯᠭᠠᠰᠤᠨ ᠲᠣᠭᠤᠷᠢᠭ ᠤᠨ ᠨᠡᠭᠦᠳᠡᠯ ᠮᠠᠶᠢᠮᠠᠶᠢᠴᠢᠨ ᠤ ᠲᠠᠷᠠᠬᠠᠢ ᠪᠤᠲᠠᠷᠬᠠᠢ ᠡᠵᠡᠩᠨᠡᠯᠲᠡ ᠬᠢᠳᠡᠭ ᠭᠠᠵᠠᠷ ᠪᠠ ᠴᠤᠭᠯᠠᠷᠠᠳᠠᠭ ᠭᠠᠵᠠᠷ ᠲᠤ ᠴᠢᠭᠯᠡᠭᠦᠯᠦᠨ᠂ ︽ᠪᠠᠶᠢᠩᠭᠤᠵᠢᠭᠤᠯᠬᠤ + ᠰᠥᠨᠢ ᠪᠠᠷ ᠠᠵᠢᠯᠯᠠᠬᠤ + ᠴᠠᠭ ᠵᠥᠷᠢᠭᠦᠯᠦᠨ ᠠᠵᠢᠯ ᠳᠤ ᠭᠠᠷᠬᠤ ᠪᠠ ᠠᠵᠢᠯ ᠠᠴᠠ ᠪᠠᠨ ᠪᠠᠭᠤᠬᠤ︾ ᠵᠡᠷᠭᠡ ᠣᠯᠠᠨ ᠵᠦᠢᠯ ᠬᠠᠮᠢᠶᠠᠷᠤᠯᠲᠠ ᠶᠢ ᠬᠡᠷᠡᠭᠵᠢᠭᠦᠯᠵᠦ᠂ ᠬᠠᠤᠯᠢ ᠬᠡᠷᠡᠭᠵᠢᠭᠦᠯᠬᠦ ᠠᠩᠭᠢ ᠶᠢᠨ ᠠᠵᠢᠯᠲᠠᠨ ᠢ ᠲᠣᠮᠢᠯᠠᠨ ᠲᠣᠭᠲᠠᠮᠠᠯ ᠪᠤᠰᠤ ᠴᠠᠭ ᠲᠤ ᠨᠡᠭᠦᠳᠡᠯ ᠮᠠᠶᠢᠮᠠᠶᠢᠴᠢᠨ ᠢ ᠬᠠᠮᠢᠶᠠᠷᠤᠨ ᠢᠳᠬᠠᠭᠤᠯᠵᠤ᠂ ᠵᠡᠭᠡᠯᠢ ᠭᠤᠳᠤᠮᠵᠢ ᠶᠢᠨ ᠶᠢᠨ ᠠᠷᠢᠭᠤᠨ ᠴᠡᠪᠡᠷ ᠳᠡᠷᠢ ᠲᠡᠭᠰᠢ ᠪᠠᠶᠢᠬᠤ ᠶᠢ ᠦᠨᠡᠨᠬᠦ ᠪᠠᠲᠤᠯᠠᠪᠠ᠃ ᠬᠤᠶᠠᠷ᠂ ᠡᠭᠦᠳᠡᠨ ᠡᠮᠦᠨᠡᠬᠢ ᠭᠤᠷᠪᠠᠨ ᠠᠵᠢᠯ ᠢ ᠳᠠᠭᠠᠭᠠᠴᠢᠯᠠᠨ ᠬᠢᠬᠦ ᠬᠠᠷᠢᠭᠤᠴᠠᠯᠭ᠎ᠠ ᠶᠢᠨ ᠳᠦᠷᠢᠮ ᠢ ᠴᠢᠩᠭ᠎ᠠ ᠬᠡᠷᠡᠭᠵᠢᠭᠦᠯᠪᠡ᠃ ᠴᠢ ᠫᠠᠨ ᠵᠢᠩ ᠪᠠᠷᠠᠭᠤᠨ ᠵᠡᠭᠡᠯᠢ᠂ ᠰᠠᠨ ᠸᠧᠢ ᠵᠡᠭᠡᠯᠢ ᠵᠡᠷᠭᠡ ᠭᠤᠣᠯ ᠵᠠᠮ ᠳᠡᠭᠡᠷ᠎ᠡ ᠬᠤᠳᠠᠯᠳᠤᠭᠠᠴᠢᠳ ᠵᠠᠮ ᠡᠵᠡᠯᠡᠨ ᠡᠵᠡᠩᠨᠡᠯᠲᠡ ᠬᠢᠬᠦ᠂ ᠳᠤᠷ᠎ᠠ ᠪᠠᠷ ᠪᠠᠷᠢᠬᠤ ᠡᠯᠭᠦᠬᠦ᠂ ᠳᠤᠷ᠎ᠠ ᠪᠠᠷ ᠣᠪᠣᠭᠠᠯᠠᠬᠤ ᠲᠠᠯᠪᠢᠬᠤ ᠵᠡᠷᠭᠡ ᠠᠵᠢᠯᠯᠠᠭ᠎ᠠ ᠶᠢ ᠨᠢᠭᠡᠳ ᠨᠢᠭᠡ ᠪᠠᠷ ᠪᠠᠶᠢᠴᠠᠭᠠᠭᠰᠠᠨ ᠪᠥᠭᠡᠳ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯᠯᠠᠭ᠎ᠠ ᠶᠢ ᠤᠬᠠᠭᠤᠯᠪᠠ᠃ ᠣᠲᠣ ᠪᠣᠯᠲᠠᠯ᠎ᠠ ᠨᠢᠭᠡᠨᠲᠡ 60 ᠭᠠᠷᠤᠢ ᠬᠤᠪᠢ ᠬᠤᠭᠤᠴᠠᠭ᠎ᠠ ᠲᠣᠭᠲᠠᠭᠠᠨ ᠴᠡᠭᠴᠡᠯᠡᠨ ᠰᠠᠶᠢᠵᠢᠷᠠᠭᠤᠯᠬᠤ ᠮᠡᠳᠡᠭᠳᠡᠯ ᠤᠨ ᠪᠢᠴᠢᠭ ᠪᠠᠭᠤᠯᠭᠠᠪᠠ᠃ ᠭᠤᠷᠪᠠ᠂ ᠮᠠᠰᠢᠨᠲᠤ ᠲᠡᠷᠭᠡ᠂ ᠮᠠᠰᠢᠨᠲᠤ ᠪᠤᠰᠤ ᠲᠡᠷᠭᠡ ᠶᠢᠨ ᠲᠣᠭᠲᠠᠭᠠᠯ ᠵᠥᠷᠢᠴᠡᠨ ᠳᠤᠷ᠎ᠠ ᠪᠠᠷ ᠵᠣᠭᠰᠣᠭᠠᠬᠤ ᠦᠵᠡᠭᠳᠡᠯ ᠢ ᠰᠠᠶᠢᠲᠤᠷ ᠪᠠᠶᠢᠴᠠᠭᠠᠪᠠ᠃ ᠭᠤᠣᠯ ᠪᠣᠯᠬᠤ ᠵᠡᠭᠡᠯᠢ ᠭᠤᠳᠤᠮᠵᠢ ᠳᠤ ᠲᠡᠷᠭᠡ ᠪᠠᠨ ᠵᠢᠷᠤᠮᠵᠢᠭᠤᠨ ᠵᠣᠭᠰᠣᠭᠠᠭᠰᠠᠨ ᠦᠭᠡᠢ᠂ ᠣᠯᠠᠨ ᠨᠡᠶᠢᠲᠡ ᠶᠢᠨ ᠨᠡᠪᠲᠡᠷᠡᠬᠦ ᠵᠠᠮ ᠪᠤᠶᠤ ᠣᠷᠣᠵᠤ ᠭᠠᠷᠬᠤ ᠡᠭᠦᠳᠡᠨ ᠳᠤ ᠲᠡᠷᠭᠡ ᠵᠣᠭᠰᠣᠭᠠᠭᠰᠠᠨ ᠵᠡᠷᠭᠡ ᠦᠵᠡᠭᠳᠡᠯ ᠳᠤ ᠴᠢᠭᠯᠡᠭᠦᠯᠦᠨ᠂ ᠰᠢᠭᠦᠮᠵᠢᠯᠡᠨ ᠰᠤᠷᠭᠠᠬᠤ ᠪᠠ ᠳᠣᠲᠣᠨᠣ ᠰᠠᠨᠠᠭᠤᠯᠤᠮᠵᠢ ᠶᠢᠨ ᠬᠠᠭᠤᠳᠠᠰᠤ ᠨᠠᠭᠠᠬᠤ ᠵᠡᠷᠭᠡ ᠠᠷᠭ᠎ᠠ ᠬᠡᠮᠵᠢᠶ᠎ᠡ ᠠᠪᠴᠦ᠂ ᠲᠡᠷᠭᠡ ᠪᠠᠨ ᠵᠢᠷᠤᠮᠵᠢᠭᠤᠨ ᠵᠣᠭᠰᠤᠭᠠᠬᠤ ᠶᠢ ᠬᠥᠲᠥᠯᠥᠨ ᠵᠢᠯᠣᠭᠤᠳᠪᠠ᠃ ᠲᠤᠰᠬᠠᠢ ᠠᠵᠢᠯᠯᠠᠭ᠎ᠠ ᠶᠢ ᠥᠷᠨᠢᠭᠦᠯᠦᠭᠰᠡᠨ ᠠᠴᠠ ᠨᠠᠭᠠᠰᠢ᠂ 210 ᠭᠠᠷᠤᠢ ᠣᠷᠴᠢᠨ ᠲᠣᠭᠤᠷᠢᠨ ᠤ ᠡᠮᠬᠢ ᠳᠢᠭᠯᠢᠮ ᠦᠭᠡᠢ ᠠᠰᠠᠭᠤᠳᠠᠯ᠂ 130 ᠭᠠᠷᠤᠢ ᠵᠠᠮ ᠡᠵᠡᠯᠡᠨ ᠡᠵᠡᠩᠨᠡᠯᠲᠡ ᠬᠢᠭᠰᠡᠨ ᠠᠵᠢᠯᠯᠠᠭ᠎ᠠ᠂ ᠤᠳᠠᠭᠠᠨ ᠬᠤᠭᠤᠴᠠᠭ᠎ᠠ ᠬᠡᠷᠡᠭᠯᠡᠬᠦ ᠦᠭᠡᠢ ᠬᠠᠶᠠᠭᠰᠠᠨ 9 ᠮᠠᠰᠢᠨ ᠲᠡᠷᠭᠡ ᠶᠢ ᠴᠡᠭᠴᠡᠯᠡᠵᠦ᠂ 160 ᠭᠠᠷᠤᠢ ᠳᠤᠷ᠎ᠠ ᠪᠠᠷ ᠨᠠᠭᠠᠵᠤ ᠡᠯᠭᠦᠭᠰᠡᠨ ᠵᠠᠷ ᠮᠡᠳᠡᠭᠡ ᠶᠢ ᠴᠡᠪᠡᠷᠯᠡᠨ᠂ 80 ᠭᠠᠷᠤᠢ ᠳᠣᠲᠣᠨᠣ ᠰᠠᠨᠠᠭᠤᠯᠤᠮᠵᠢ ᠶᠢᠨ ᠬᠠᠭᠤᠳᠠᠰᠤ ᠨᠠᠭᠠᠪᠠ᠃ ᠵᠠᠭᠤᠨ ᠡᠳᠦᠷ ᠤᠨ ᠪᠣᠭᠤᠮᠲᠠ ᠰᠢᠪᠲᠤᠯᠬᠤ ᠠᠵᠢᠯ ᠮᠥᠨ ᠦᠷᠭᠦᠯᠵᠢᠯᠡᠭᠰᠡᠭᠡᠷ᠂ ᠲᠠᠷᠠᠭᠠᠴᠢ ᠶᠢᠨ ᠠᠯᠬᠤᠮ ᠳᠤ ᠪᠢᠳᠡ ᠭᠠᠷ ᠭᠠᠷ ᠢᠶᠠᠨ ᠬᠤᠯᠪᠣᠯᠴᠠᠨ᠂ ᠨᠠᠩ ᠴᠡᠪᠡᠷ ᠴᠡᠮᠴᠡᠭᠡᠷ᠂ ᠨᠠᠩ ᠭᠤᠶᠢᠳᠠ ᠰᠠᠶᠢᠬᠠᠨ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠪᠣᠶ ᠪᠣᠯᠭᠠᠬᠤ ᠪᠠᠷ ᠬᠠᠮᠲᠤ ᠳᠠᠭᠠᠨ ᠴᠢᠷᠮᠠᠶᠢᠶ᠎ᠠ᠃
ᠢᠷᠡᠯᠲᠡ᠄ ᠣᠲᠤᠭ ᠬᠤᠰᠢᠭᠤᠨ ᠤ ᠵᠠᠰᠠᠭ ᠤᠨ ᠶᠠᠪᠤᠳᠠᠯ ᠤᠨ ᠮᠣᠩᠭᠤᠯ ᠬᠡᠯᠡᠨ ᠤ ᠰᠦᠯᠵᠢᠶ᠎ᠡ