ᠡᠨᠡ ᠬᠦ ᠤᠯᠤᠰ ᠤᠨ ᠪᠠᠷᠢᠮᠵᠢᠶ᠎ᠠ ᠶᠢ 6 ᠰᠠᠷ᠎ᠠ ᠶᠢᠨ 1᠎ ᠤ ᠡᠳᠦᠷ ᠠᠴᠠ ᠵᠢᠩᠬᠢᠨᠢ ᠪᠠᠷ ᠬᠡᠷᠡᠭᠵᠢᠭᠦᠯᠬᠦ ᠭᠡᠵᠤ ᠪᠤᠢ
ᠨᠡᠶᠢᠲᠡᠯᠡᠭᠰᠡᠨ ᠴᠠᠭ᠄
2024/3/21
     ︽ᠮᠠᠰᠢᠨ ᠲᠡᠷᠭᠡᠨ ᠤ ᠰᠢᠲᠠᠭᠠᠯᠭ᠎ᠠ ᠶᠢᠨ ᠲᠤᠰᠤ ᠨᠡᠮᠡᠭᠦ ᠮᠠᠰᠢᠨ︾᠎ ᠤ ᠤᠯᠤᠰ ᠤᠨ ᠪᠠᠷᠢᠮᠵᠢᠶ᠎ᠠ ᠶᠢ 2024 ᠣᠨ ᠤ 6 ᠰᠠᠷ᠎ᠠ ᠶᠢᠨ 1᠎ ᠤ ᠡᠳᠦᠷ ᠠᠴᠠ ᠵᠢᠩᠬᠢᠨᠢ ᠪᠠᠷ ᠬᠡᠷᠡᠭᠵᠢᠭᠦᠯᠬᠦ ᠭᠡᠵᠤ ᠪᠤᠢ᠃ ᠪᠠᠷᠢᠮᠵᠢᠶ᠎ᠠ ᠳᠤ ᠮᠠᠰᠢᠨ ᠲᠡᠷᠭᠡᠨ ᠤ ᠰᠢᠲᠠᠭᠠᠯᠭ᠎ᠠ ᠶᠢᠨ ᠲᠤᠰᠤ ᠨᠡᠮᠡᠬᠦ ᠮᠠᠰᠢᠨ ᠤ ᠮᠡᠷᠭᠡᠵᠢᠯ ᠤᠨ ᠱᠠᠭᠠᠷᠳᠠᠯᠭ᠎ᠠ᠂ ᠰᠢᠯᠭᠠᠨ ᠪᠠᠶᠢᠴᠠᠭᠠᠬᠤ ᠲᠥᠷᠥᠯ ᠵᠦᠢᠯ ᠬᠢᠭᠡᠳ ᠰᠢᠯᠭᠠᠨ ᠪᠠᠶᠢᠴᠠᠭᠠᠬᠤ ᠠᠷᠭ᠎ᠠ᠂ ᠰᠢᠯᠭᠠᠨ ᠪᠠᠶᠢᠴᠠᠭᠠᠬᠤ ᠳᠥᠷᠢᠮ ᠵᠢᠴᠢ ᠲᠡᠮᠳᠡᠭ᠂ ᠪᠢᠳᠡᠭᠦᠮᠵᠢ ᠲᠠᠮᠠᠭ᠎ᠠ ᠂ ᠪᠤᠭᠤᠳᠠᠯ ᠪᠠᠭᠯᠠᠭ᠎ᠠ᠂ ᠲᠡᠭᠡᠭᠡᠪᠦᠷᠢ ᠪᠠ ᠬᠠᠳᠠᠭᠠᠯᠠᠯᠲᠠ ᠶᠢᠨ ᠲᠤᠬᠠᠢ ᠱᠠᠭᠠᠷᠳᠠᠯᠭ᠎ᠠ ᠶᠢ ᠲᠤᠭᠲᠠᠭᠠᠵᠠᠢ᠃ ᠡᠯᠧᠺᠲᠷᠤᠨ ᠰᠢᠰᠲ᠋ᠧᠮ ᠤᠨ ᠠᠮᠤᠷ ᠳᠥᠪᠰᠢᠨ ᠤ ᠴᠢᠨᠠᠷ ᠤᠨ ᠱᠠᠭᠠᠷᠳᠠᠯᠭ᠎ᠠ ᠶᠢ ᠨᠡᠮᠡᠵᠤ᠂ ᠲᠤᠰᠤ ᠨᠡᠮᠡᠬᠦ ᠮᠠᠰᠢᠨ ᠤ ᠪᠦᠬᠦ ᠠᠮᠢ ᠨᠠᠰᠤᠨ ᠤ ᠦᠶᠡᠯᠡᠯ ᠤᠨ ᠬᠤᠭᠤᠴᠠᠭᠠᠨ ᠳᠠᠬᠢ ᠵᠥᠭᠡᠯᠡᠨ ᠬᠠᠲᠠᠭᠤ ᠲᠤᠨᠤᠭ ᠤᠨ ᠠᠮᠤᠷ ᠳᠥᠪᠰᠢᠨ ᠤ ᠬᠠᠮᠠᠭᠠᠯᠠᠯᠲᠠ ᠪᠠ ᠴᠢᠮᠡᠭᠡ ᠬᠤᠯᠪᠤᠭᠠᠨ ᠤ ᠲᠤᠭ᠎ᠠ ᠪᠠᠷᠢᠮᠳᠠ ᠶᠢᠨ ᠠᠮᠤᠷ ᠳᠥᠪᠰᠢᠨ ᠢ ᠪᠡᠶᠡᠯᠡᠭᠦᠯᠵᠤ᠂ ᠲᠤᠰᠤ ᠨᠡᠮᠡᠭᠦ ᠮᠠᠰᠢᠨ ᠤ ᠬᠡᠮ ᠦᠢᠯᠡᠳᠬᠦ ᠶᠢ ᠰᠡᠷᠭᠡᠶᠢᠯᠡᠬᠦ᠂ ᠥᠭᠡᠷᠡᠲᠦᠭᠦᠯᠦᠨ ᠬᠤᠪᠢᠷᠠᠭᠤᠯᠬᠤ ᠶᠢ ᠰᠡᠷᠭᠡᠶᠢᠯᠡᠬᠦ ᠴᠢᠳᠠᠪᠤᠷᠢ ᠶᠢ ᠪᠦᠲᠦᠮᠵᠢ ᠲᠠᠢ ᠳᠡᠭᠡᠭᠰᠢᠯᠡᠭᠦᠯᠵᠤ᠂ ᠵᠠᠩᠭᠢᠯᠠᠭ᠎ᠠ ᠶᠢᠨ ᠲᠤᠨᠤᠭ ᠤᠨ ᠪᠦᠬᠦ ᠠᠮᠢ ᠨᠠᠰᠤᠨ ᠤ ᠦᠶᠡᠯᠡᠯ ᠤᠨ ᠬᠤᠭᠤᠴᠠᠭᠠᠨ ᠳᠠᠬᠢ ᠪᠡᠶ᠎ᠡ ᠶᠢᠨ ᠭᠠᠷᠤᠯ ᠢ ᠢᠯᠭᠠᠨ ᠲᠠᠨᠢᠬᠤ ᠶᠢ ᠪᠡᠶᠡᠯᠡᠭᠦᠯᠪᠡ᠃ ᠲᠤᠰᠤ ᠨᠡᠮᠡᠬᠦ ᠮᠠᠰᠢᠨ ᠤ ᠭᠠᠭᠴᠠ ᠤᠳᠠᠭ᠎ᠠ ᠶᠢᠨ ᠲᠤᠰᠤ ᠨᠡᠮᠡᠭᠦ ᠬᠡᠮᠵᠢᠯᠲᠡ ᠶᠢᠨ ᠲᠤᠭ᠎ᠠ ᠪᠠᠷᠢᠮᠲᠠ ᠶᠢ ᠴᠠᠭ ᠲᠤᠬᠠᠢ ᠳᠤᠨᠢ ᠬᠠᠷᠢᠴᠠᠭᠤᠯᠵᠤ᠂ ᠴᠠᠬᠢᠮ ᠲᠠᠭᠠᠷᠠᠭᠤᠯᠬᠤ᠂ ᠲᠤᠭ᠎ᠠ ᠪᠠᠷᠢᠮᠲᠠ ᠶᠢ ᠨᠢᠭᠤᠴᠠ ᠦᠰᠦᠭ ᠎ ᠢᠶᠠᠷ ᠳᠠᠮᠵᠢᠭᠤᠯᠬᠤ ᠵᠡᠷᠭᠡ ᠮᠡᠷᠭᠡᠵᠢᠯ ᠢ ᠬᠡᠷᠡᠭᠯᠡᠨ᠂ ᠲᠤᠰᠤ ᠨᠡᠮᠡᠬᠦ ᠬᠡᠮᠵᠢᠶ᠎ᠡ ᠬᠡᠪ ᠤᠨ ᠪᠤᠰᠤ ᠪᠤᠯᠪᠠᠯ ᠲᠤᠰᠤ ᠨᠡᠮᠡᠬᠦ ᠮᠠᠰᠢᠨ ᠢ ᠣᠨᠢᠰᠤᠯᠠᠵᠤ᠂ ᠲᠤᠰᠤ ᠨᠡᠮᠡᠬᠦ ᠮᠠᠰᠢᠨ ᠎ ᠤ ᠬᠡᠮᠵᠢᠯᠲᠡ ᠪᠠᠷ ᠬᠡᠮ ᠬᠢᠬᠦ ᠶᠢ ᠰᠡᠷᠭᠡᠶᠢᠯᠡᠬᠦ ᠶᠢ ᠪᠡᠶᠡᠯᠡᠭᠦᠯᠪᠡ᠃ 
ᠢᠷᠡᠯᠲᠡ᠄ ᠠᠷᠠᠳ ᠤᠨ ᠰᠦᠯᠵᠢᠶ᠎ᠡ ᠶᠢᠨ ᠮᠤᠩᠭᠤᠯ ᠸᠢᠴᠠᠲ ᠳᠠᠪᠴᠠᠩ