ᠮᠠᠨ ᠤ ᠣᠷᠣᠨ ᠤ 6 ᠰᠤᠷᠭᠠᠭᠤᠯᠢ ᠵᠣᠬᠢᠶᠠᠮᠠᠯ ᠤᠶᠤᠨ ᠴᠢᠳᠠᠪᠤᠷᠢ ᠶᠢᠨ ᠵᠢᠭᠠᠨ ᠰᠤᠷᠭᠠᠯᠲᠠ ᠶᠢᠨ ᠰᠠᠭᠤᠷᠢᠨ ᠢᠶᠠᠷ ᠰᠣᠩᠭᠤᠭᠳᠠᠪᠠ
ᠨᠡᠶᠢᠲᠡᠯᠡᠭᠰᠡᠨ ᠴᠠᠭ᠄
2024/3/21
     ᠰᠤᠷᠭᠠᠨ ᠬᠥᠮᠦᠵᠢᠯ ᠤᠨ ᠶᠠᠮᠤᠨ ᠣᠶᠢᠷ᠎ᠠ ᠳᠤ ᠳᠤᠮᠳᠠᠳᠤ ᠪᠠᠭ᠎ᠠ ᠰᠤᠷᠭᠠᠭᠤᠯᠢ ᠶᠢᠨ ᠵᠣᠬᠢᠶᠠᠮᠠᠯ ᠤᠶᠤᠨ ᠴᠢᠳᠠᠪᠤᠷᠢ ᠶᠢᠨ ᠵᠢᠭᠠᠨ ᠰᠤᠷᠭᠠᠯᠲᠠ ᠶᠢᠨ ᠰᠠᠭᠤᠷᠢᠨ ᠎ ᠢᠶᠠᠷ ᠰᠣᠩᠭᠤᠭᠳᠠᠭᠰᠠᠨ 184 ᠰᠤᠷᠭᠠᠭᠤᠯᠢ ᠶᠢᠨ ᠨᠡᠷᠡᠰ ᠢ ᠨᠡᠶᠢᠲᠡᠯᠡᠭᠰᠡᠨ ᠪᠠᠶᠢᠨ᠎ᠠ᠃ ᠡᠭᠦᠨ ᠳᠤ ᠮᠠᠨ ᠤ ᠣᠷᠣᠨ ᠤ ᠬᠥᠯᠥᠨ ᠪᠤᠶᠢᠷ ᠬᠤᠳᠠ ᠶᠢᠨ ᠬᠠᠶᠢᠯᠠᠷ ᠲᠣᠭᠤᠷᠢᠭ ᠤᠨ ᠨᠠᠨ ᠺᠠᠢ ᠵᠠᠮ ᠤᠨ ᠳᠤᠮᠳᠠᠳᠤ ᠰᠤᠷᠭᠠᠭᠤᠯᠢ᠂ ᠤᠯᠠᠭᠠᠨᠬᠠᠳᠠ ᠶᠢᠨ ᠤᠯᠠᠭᠠᠨ ᠳᠤᠭ ᠳᠤᠮᠳᠠᠳᠤ ᠰᠤᠷᠭᠠᠭᠤᠯᠢ᠂ ᠣᠷᠳᠣᠰ ᠬᠤᠳᠠ ᠶᠢᠨ ᠭᠢᠶ᠎ᠠ ᠪᠠᠭᠰᠢ ᠲᠣᠭᠤᠷᠢᠭ ᠤᠨ ᠲᠤᠷᠰᠢᠯᠲᠠ ᠶᠢᠨ ᠪᠠᠭ᠎ᠠ ᠰᠤᠷᠭᠠᠭᠤᠯᠢ᠂ ᠪᠡᠭᠡᠵᠢᠩ ᠤᠨ ᠨᠠᠢᠮᠠᠳᠤᠭᠠᠷ ᠳᠤᠮᠳᠠᠳᠤ ᠰᠤᠷᠭᠠᠭᠤᠯᠢ ᠶᠢᠨ ᠤᠯᠠᠭᠠᠨᠴᠠᠪ ᠲᠠᠬᠢ ᠬᠤᠪᠢᠶᠠᠷᠢ ᠰᠤᠷᠭᠠᠭᠤᠯᠢ᠂ ᠤᠯᠠᠭᠠᠨᠬᠤᠲᠠ ᠶᠢᠨ ᠨᠢᠭᠡᠳᠦᠭᠡᠷ ᠳᠤᠮᠳᠠᠳᠤ ᠰᠤᠷᠭᠠᠭᠤᠯᠢ᠂ ᠰᠢᠯᠢ ᠶᠢᠨ ᠭᠤᠣᠯ ᠠᠶᠢᠮᠠᠭ ᠤᠨ ᠮᠣᠩᠭᠤᠯ ᠳᠤᠮᠳᠠᠳᠤ ᠰᠤᠷᠭᠠᠭᠤᠯᠢ ᠰᠣᠩᠭᠤᠭᠳᠠᠪᠠ᠃     ᠳᠤᠮᠳᠠᠳᠤ ᠪᠠᠭ᠎ᠠ ᠰᠤᠷᠭᠠᠭᠤᠯᠢ ᠶᠢᠨ ᠵᠣᠬᠢᠶᠠᠮᠠᠯ ᠤᠶᠤᠨ ᠴᠢᠳᠠᠪᠤᠷᠢ ᠶᠢᠨ ᠵᠢᠭᠠᠨ ᠰᠤᠷᠭᠠᠯᠲᠠ ᠶᠢᠨ ᠰᠠᠭᠤᠷᠢᠨ ᠢ ᠰᠣᠩᠭᠤᠭᠰᠠᠨ ᠨᠢ ᠰᠠᠭᠤᠷᠢᠨ ᠤ ᠵᠢᠭᠠᠨ ᠰᠤᠷᠭᠠᠯᠲᠠ ᠶᠢᠨ ᠲᠤᠷᠰᠢᠯᠲᠠ ᠪᠠᠷ ᠳᠠᠮᠵᠢᠭᠤᠯᠤᠨ᠂ ᠵᠣᠬᠢᠶᠠᠮᠠᠯ ᠤᠶᠤᠨ ᠴᠢᠳᠠᠪᠤᠷᠢ ᠶᠢᠨ ᠵᠢᠭᠠᠨ ᠰᠤᠷᠭᠠᠯᠲᠠ ᠶᠢᠨ ᠰᠢᠨ᠎ᠡ ᠣᠶᠢᠯᠠᠭᠠᠭᠳᠠᠬᠤᠨ᠂ ᠰᠢᠨ᠎ᠡ ᠵᠠᠭᠪᠤᠷ ᠪᠠ ᠰᠢᠨ᠎ᠡ ᠲᠥᠰᠥᠯ ᠢ ᠤᠯᠠᠮ ᠨᠢᠭᠡ ᠠᠯᠬᠤᠮ ᠰᠦᠪᠡᠭᠴᠢᠯᠡᠵᠦ᠂ ᠳᠡᠯᠭᠡᠷᠡᠭᠦᠯᠵᠦ ᠪᠤᠯᠬᠤ ᠬᠡᠷᠡᠭ ᠤᠨ ᠵᠢᠱᠢᠶ᠎ᠡ ᠪᠠ ᠲᠡᠷᠢᠭᠦᠨ ᠤ ᠲᠤᠷᠰᠢᠯᠭ᠎ᠠ ᠶᠢ ᠪᠤᠢ ᠪᠤᠯᠭᠠᠬᠤ ᠶᠢ ᠵᠣᠷᠢᠭᠰᠠᠨ ᠪᠠᠶᠢᠨ᠎ᠠ᠃ ᠰᠤᠷᠭᠠᠨ ᠬᠥᠮᠦᠵᠢᠯ ᠤᠨ ᠶᠠᠮᠤᠨ ᠠᠴᠠ᠂ ᠡᠯ᠎ᠡ ᠰᠠᠭᠤᠷᠢᠨ ᠤ ᠵᠣᠬᠢᠶᠠᠮᠠᠯ ᠤᠶᠤᠨ ᠴᠢᠳᠠᠪᠤᠷᠢ ᠶᠢᠨ ᠵᠢᠭᠠᠨ ᠰᠤᠷᠭᠠᠯᠲᠠ ᠶᠢ ᠨᠡᠩ ᠴᠢᠬᠤᠯᠠᠴᠢᠯᠠᠬᠤ ᠶᠢ ᠠᠬᠢᠭᠤᠯᠵᠤ᠂ ᠵᠣᠬᠢᠶᠠᠮᠠᠯ ᠤᠶᠤᠨ ᠴᠢᠳᠠᠪᠤᠷᠢ ᠶᠢᠨ ᠵᠢᠭᠠᠨ ᠰᠤᠷᠭᠠᠯᠲᠠ ᠶᠢᠨ ᠬᠡᠷᠡᠭᠵᠢᠭᠦᠯᠬᠦ ᠠᠷᠭ᠎ᠠ ᠮᠠᠶ᠋ᠢᠭ ᠢ ᠰᠦᠪᠡᠭᠴᠢᠯᠡᠵᠦ᠂ ᠳᠤᠮᠳᠠᠳᠤ ᠪᠠᠭ᠎ᠠ ᠰᠤᠷᠭᠠᠭᠤᠯᠢ ᠶᠢᠨ ᠮᠡᠳᠡᠭᠡ ᠵᠠᠩᠭᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠨᠡᠶᠢᠳᠡᠮ ᠬᠡᠷᠡᠭᠯᠡᠬᠦ ᠮᠡᠷᠭᠡᠵᠢᠯ ᠵᠡᠷᠭᠡ ᠬᠢᠴᠢᠶᠡᠯ ᠢᠶᠠᠷ ᠭᠤᠣᠯ ᠲᠦᠰᠢᠭ ᠪᠣᠯᠭᠠᠨ᠂ ᠰᠤᠷᠭᠠᠨ ᠬᠥᠮᠦᠵᠢᠯ ᠤᠨ ᠡᠬᠢ ᠪᠠᠶᠠᠯᠢᠭ ᠢ ᠤᠯᠠᠮ ᠴᠢᠨᠠᠭᠰᠢᠳᠠ ᠪᠠᠶᠠᠯᠢᠭᠵᠢᠭᠤᠯᠤᠨ᠎ᠠ᠃ ᠵᠢᠭᠠᠨ ᠰᠤᠷᠭᠠᠬᠤ ᠪᠠ ᠰᠤᠷᠤᠯᠴᠠᠬᠤ ᠶᠢ ᠳᠡᠮᠵᠢᠬᠦ ᠦᠢᠯᠡᠴᠢᠯᠡᠭᠡᠨ ᠤ ᠠᠷᠭ᠎ᠠ ᠮᠠᠶ᠋ᠢᠭ ᠤᠨ ᠰᠢᠨ᠎ᠡ ᠶᠢ ᠡᠭᠦᠳᠴᠦ᠂ ᠪᠠᠭᠰᠢ ᠶᠢ ᠳᠠᠪᠲᠠᠨ ᠪᠤᠯᠪᠠᠰᠤᠷᠠᠭᠤᠯᠵᠤ᠂ ᠵᠣᠬᠢᠶᠠᠮᠠᠯ ᠤᠶᠤᠨ ᠴᠢᠳᠠᠪᠤᠷᠢ ᠶᠢᠨ ᠵᠢᠭᠠᠨ ᠰᠤᠷᠭᠠᠯᠲᠠ ᠶᠢᠨ ᠬᠠᠮᠤᠷᠬᠤ ᠬᠡᠪᠴᠢᠶ᠎ᠡ ᠪᠠ ᠠᠰᠢᠭ ᠭᠦᠷᠳᠡᠭᠦ ᠬᠡᠪᠴᠢᠶ᠎ᠡ ᠶᠢ ᠥᠷᠭᠡᠳᠬᠡᠨ᠂ ᠵᠣᠬᠢᠶᠠᠮᠠᠯ ᠤᠶᠤᠨ ᠴᠢᠳᠠᠪᠤᠷᠢ ᠶᠢᠨ ᠵᠢᠭᠠᠨ ᠰᠤᠷᠭᠠᠯᠲᠠ ᠥᠷᠨᠢᠭᠦᠯᠬᠦ ᠰᠤᠷᠭᠠᠭᠤᠯᠢ ᠨᠤᠭᠤᠳ ᠤᠨ ᠬᠢᠴᠢᠶᠡᠯ ᠤᠨ ᠪᠠᠶᠢᠭᠤᠯᠤᠯᠲᠠ᠂ ᠰᠢᠨᠵᠢᠯᠡᠭᠡᠨ ᠤ ᠰᠠᠯᠠᠭ᠎ᠠ ᠶᠢᠨ ᠠᠭᠤᠰᠤᠯᠴᠠᠯ᠂ ᠵᠢᠭᠠᠨ ᠰᠤᠷᠭᠠᠬᠤ ᠠᠷᠭ᠎ᠠ ᠮᠠᠶ᠋ᠢᠭ ᠤᠨ ᠬᠤᠪᠢᠰᠤᠯᠲᠠ᠂ ᠲᠣᠭᠠᠴᠢᠯᠠᠭᠰᠠᠨ ᠰᠤᠷᠭᠠᠨ ᠬᠥᠮᠦᠵᠢᠯ ᠤᠨ ᠡᠬᠢ ᠪᠠᠶᠠᠯᠢᠭ ᠢ ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠬᠦ᠂ ᠪᠠᠭᠰᠢ ᠶᠢᠨ ᠲᠣᠭᠠᠴᠢᠯᠠᠭᠰᠠᠨ ᠬᠡᠪ ᠪᠣᠯᠪᠠᠰᠤᠷᠠᠯ ᠤᠨ ᠬᠥᠮᠦᠵᠢᠯ᠂ ᠰᠤᠷᠤᠬᠴᠢᠳ ᠤᠨ ᠪᠦᠭᠦ ᠲᠠᠯ᠎ᠠ ᠎ ᠶᠢᠨ ᠬᠥᠭᠵᠢᠯᠲᠡ ᠵᠡᠷᠭᠡ ᠲᠠᠯ᠎ᠠ ᠪᠠᠷ ᠵᠢᠱᠢᠶ᠎ᠡ ᠦᠵᠡᠭᠦᠯᠦᠨ ᠬᠥᠲᠥᠯᠥᠨ ᠳᠠᠭᠠᠭᠤᠯᠬᠤ ᠦᠢᠯᠡᠳᠦᠯ ᠢ ᠪᠠᠳᠠᠷᠠᠭᠤᠯᠵᠤ᠂ ᠪᠠᠭᠰᠢ ᠶᠢᠨ ᠵᠣᠬᠢᠶᠠᠮᠠᠯ ᠤᠶᠤᠨ ᠴᠢᠳᠠᠪᠤᠷᠢ ᠎ ᠶᠢᠨ ᠮᠡᠷᠭᠡᠵᠢᠯ ᠤᠨ ᠬᠢᠷᠢ ᠲᠦᠪᠰᠢᠨ ᠢ ᠳᠠᠰᠤᠷᠠᠯᠳᠠ ᠦᠭᠡᠢ ᠳᠡᠭᠡᠭᠰᠢᠯᠡᠭᠦᠯᠭᠦ ᠶᠢ ᠲᠠᠶᠢᠴᠢᠯᠠᠨ᠎ᠠ᠃ ᠪᠠᠰᠠ ᠨᠡᠶᠢᠲᠡᠯᠢᠭ ᠲᠤᠷᠰᠢᠯᠭ᠎ᠠ᠂ ᠰᠢᠯᠢᠳᠡᠭ ᠬᠢᠴᠢᠶᠡᠯ ᠤᠨ ᠵᠢᠱᠢᠶ᠎ᠡ᠂ ᠰᠢᠯᠢᠳᠡᠭ ᠡᠬᠢ ᠪᠠᠶᠠᠯᠢᠭ ᠢ ᠰᠣᠩᠭᠤᠨ ᠤᠯᠤᠰ ᠤᠨ ᠳᠤᠮᠳᠠᠳᠤ ᠪᠠᠭ᠎ᠠ ᠰᠤᠷᠭᠠᠭᠤᠯᠢ ᠶᠢᠨ ᠣᠶᠤᠨᠴᠢ ᠰᠤᠷᠭᠠᠨ ᠬᠥᠮᠦᠵᠢᠯ ᠤᠨ ᠲᠠᠪᠴᠠᠩ ᠳᠤ ᠣᠷᠣᠭᠤᠯᠵᠤ ᠨᠡᠩ ᠤᠯᠠᠨ ᠳᠤᠮᠳᠠᠳᠤ ᠪᠠᠭ᠎ᠠ ᠰᠤᠷᠭᠠᠭᠤᠯᠢ ᠶᠢᠨ ᠵᠣᠬᠢᠶᠠᠮᠠᠯ ᠤᠶᠤᠨ ᠴᠢᠳᠠᠪᠤᠷᠢ ᠶᠢᠨ ᠵᠢᠭᠠᠨ ᠰᠤᠷᠭᠠᠯᠲᠠ ᠶᠢ ᠰᠦᠪᠡᠭᠴᠢᠯᠡᠨ ᠥᠷᠨᠢᠭᠦᠯᠬᠦ ᠶᠢ ᠠᠬᠢᠭᠤᠯᠤᠨ᠎ᠠ ᠭᠡᠵᠦ ᠢᠯᠡᠳᠬᠡᠪᠡ᠃
ᠢᠷᠡᠯᠲᠡ᠄ ᠳᠤᠮᠳᠠᠲᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ