ᠬᠠᠤᠯᠢ ᠲᠦᠷᠢᠮ ᠤᠨ ᠪᠠᠳᠤᠯᠠᠭ᠎ᠠ ᠲᠠᠢ ᠲᠡᠤᠭᠡ ᠶᠢᠨ ᠲᠤᠷᠠᠰᠬᠠᠯᠳᠤ ᠵᠦᠢᠯᠡᠰ ᠤᠨ ᠬᠠᠮᠠᠭᠠᠯᠠᠯᠳᠡ
ᠨᠡᠶᠢᠲᠡᠯᠡᠭᠰᠡᠨ ᠴᠠᠭ᠄
2024/3/21
     ᠲᠦᠷᠦᠭᠦᠬᠡᠨ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠠᠴᠠ ᠣᠷᠳᠣᠰ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠮᠡᠳᠡᠭᠦᠯᠦᠭᠰᠡᠨ ︽ᠣᠷᠳᠣᠰ ᠬᠤᠲᠠ ᠶᠢᠨ ᠰᠢᠯᠵᠢᠭᠦᠯᠵᠦ ᠦᠯᠦ ᠪᠤᠯᠬᠤ ᠲᠡᠤᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠲᠦᠷᠢᠮ︾᠎ ᠢ ᠵᠥᠪᠰᠢᠶᠡᠷᠡᠪᠡ᠂ ᠲᠣᠰ ︽ᠲᠦᠷᠢᠮ︾᠎ ᠢ 2023 ᠣᠨ ᠤ 3 ᠰᠠᠷ᠎ᠠ ᠶᠢᠨ 1᠎ ᠤ ᠡᠳᠦᠷ ᠠᠴᠠ ᠡᠬᠢᠯᠡᠵᠦ ᠬᠡᠷᠡᠭᠵᠢᠭᠦᠯᠬᠦ ᠪᠤᠯᠤᠨ᠎ᠠ᠃ ᠲᠤᠰ ︽ᠲᠦᠷᠢᠮ︾᠎ ᠢ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠬᠠᠤᠯᠢ ᠶᠢ ᠬᠡᠷᠡᠭᠵᠢᠭᠦᠯᠬᠦ ᠲᠦᠷᠢᠮ︾ ᠵᠡᠷᠭᠡ ᠬᠠᠤᠯᠢ ᠲᠦᠷᠢᠮ ᠢ ᠦᠨᠳᠦᠰᠦᠯᠡᠨ ᠤᠷᠳᠤᠰ ᠬᠤᠳᠠ ᠶᠢᠨ ᠪᠣᠳᠠᠲᠤ ᠪᠠᠶᠢᠳᠠᠯ ᠲᠠᠢ ᠤᠶᠠᠯᠳᠤᠭᠤᠯᠤᠨ ᠲᠣᠭᠲᠠᠭᠠᠵᠠᠶ᠃ ᠲᠣᠰ ︽ᠲᠦᠷᠢᠮ︾᠎ ᠨᠢ ᠣᠷᠳᠣᠰ ᠬᠤᠲᠠ ᠶᠢᠨ ᠰᠣᠶᠣᠯ ᠵᠤᠭᠠᠴᠠᠯ ᠵᠢᠴᠢ ᠰᠣᠶᠣᠯ ᠤᠨ ᠥᠪ ᠤᠨ ᠬᠠᠮᠠᠭᠠᠯᠠᠯᠲᠠ ᠶᠢᠨ ᠬᠠᠤᠯᠢ ᠲᠦᠷᠢᠮ ᠤᠨ ᠬᠤᠭᠤᠰᠣᠨ ᠢ ᠨᠥᠬᠦᠪᠥᠷᠢᠯᠡᠭᠰᠡᠨ ᠪᠠᠶᠢᠨ᠎ᠠ᠃     ᠪᠥᠬᠦ ᠤᠯᠤᠰ ᠤᠨ ᠭᠤᠷᠪᠠᠳᠤᠭᠠᠷ ᠤᠳᠠᠭᠠᠨ ᠤ ᠲᠡᠤᠬᠡ ᠶᠢᠨ ᠳᠤᠷᠠᠰᠬᠠᠯᠲᠤ ᠵᠦᠢᠯᠡᠰ ᠤᠨ ᠨᠡᠶᠢᠳᠡᠮ ᠤᠨ ᠪᠠᠶᠢᠴᠠᠭᠠᠯᠲᠠ ᠶᠢ ᠦᠨᠳᠦᠰᠦᠯᠡᠪᠡᠯ᠂ ᠣᠷᠳᠣᠰ ᠬᠤᠲᠠ ᠳᠤ ᠰᠢᠯᠵᠢᠭᠦᠯᠵᠦ ᠦᠯᠦ ᠪᠤᠯᠬᠤ ᠲᠡᠤᠬᠡ ᠶᠢᠨ ᠳᠤᠷᠠᠰᠬᠠᠯᠲᠤ ᠵᠦᠢᠯᠡᠰ ᠤᠨ ᠪᠠᠭᠤᠷᠢ ᠶᠢ ᠨᠡᠶᠢᠲᠡ 959 ᠢᠯᠡᠷᠡᠭᠦᠯᠵᠦ᠂ ᠬᠤᠲᠠ ᠶᠢᠨ ᠲᠠᠰ ᠠᠴᠠ ᠳᠡᠭᠡᠭᠰᠢᠬᠢ ᠭᠤᠤᠯᠳᠠᠯᠭ᠎ᠠ ᠲᠠᠢ ᠲᠡᠤᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠨᠢᠭᠡᠴᠢ 140 ᠭᠠᠷᠤᠶ ᠪᠠᠶᠢᠵᠤ᠂ ᠪᠠᠶᠢᠯᠳᠤᠭᠠᠨᠲᠤ ᠤᠯᠤᠰ᠂ ᠴᠢᠨ ᠤᠯᠤᠰ᠂ ᠰᠦᠶ ᠤᠯᠤᠰ᠂ ᠰᠥᠩ ᠤᠯᠤᠰ᠂ ᠮᠢᠩ ᠤᠯᠤᠰ ᠵᠡᠷᠭᠡ ᠲᠠᠪᠤᠨ ᠴᠠᠭ ᠲᠦᠷᠦ ᠶᠢᠨ ᠣᠷᠳᠣ ᠴᠠᠭᠠᠨ ᠬᠡᠷᠡᠮ ᠪᠠᠷᠤᠭ 247 ᠺᠢᠯᠣᠮᠧᠲᠷ ᠪᠣᠶ︔ ᠴᠢᠨ ᠤ ᠠᠰᠬᠠᠨ ᠵᠠᠮ ᠤᠨ ᠦᠯᠡᠳᠡᠭᠳᠡᠯ 67 ᠺᠢᠯᠣᠮᠧᠲᠷ ᠪᠤᠢ᠃ ᠰᠢᠷᠬᠤᠰᠤ ᠶᠢᠨ ᠪᠠᠭᠤᠷᠢ ᠨᠢ ᠬᠤᠶᠠᠳᠤᠭᠠᠷ ᠪᠦᠯᠦᠭ ᠤᠨ ᠤᠯᠤᠰ ᠤᠨ ᠬᠠᠭᠤᠴᠢ ᠰᠤᠳᠤᠯᠤᠯ ᠤᠨ ᠪᠠᠭᠤᠷᠢ ᠶᠢᠨ ᠴᠡᠴᠡᠷᠯᠢᠭ ᠤᠨ ᠲᠦᠷᠦᠯ ᠵᠦᠢᠯ ᠤᠨ ᠨᠡᠷᠡᠰ ᠲᠤ ᠵᠢᠭᠰᠠᠭᠠᠬᠳᠠᠪᠠ︔ ᠤᠯᠠᠭᠠᠨᠮᠥ᠋ᠷᠡᠨ ᠤ ᠪᠠᠭᠤᠷᠢ ᠨᠢ 2011 ᠣᠨ ᠤ ᠪᠦᠬᠦ ᠤᠯᠤᠰ ᠤᠨ ᠵᠢᠷᠭᠤᠭᠠᠨ ᠶᠡᠭᠡ ᠬᠠᠭᠤᠴᠢ ᠰᠤᠳᠤᠯᠤᠯ ᠤᠨ ᠰᠢᠨ᠎ᠡ ᠢᠯᠡᠷᠡᠭᠦᠯᠦᠯᠲᠡ ᠶᠢᠨ ᠨᠢᠭᠡ ᠪᠠᠷ ᠦᠨᠡᠯᠡᠭᠳᠡᠪᠡ᠃ ᠪᠥᠬᠦ ᠬᠤᠲᠠ ᠶᠢᠨ ᠤᠯᠤᠰ ᠤᠨ ᠥᠮᠴᠢᠯᠡᠯᠲᠦ ᠮᠦᠽᠧᠶ ᠳᠤ 5.04 ᠲᠦᠮᠡ ᠭᠠᠷᠤᠶ ᠲᠡᠤᠬᠡ ᠶᠢᠨ ᠳᠤᠷᠠᠰᠬᠠᠯᠲᠤ ᠵᠦᠢᠯᠡᠰ ᠢ ᠬᠠᠳᠠᠭᠠᠯᠠᠵᠤ᠂ ᠡᠭᠦᠨ ᠳᠤ ᠬᠤᠪᠣᠷ ᠨᠠᠨᠳᠢᠨ ᠲᠡᠤᠬᠡ ᠶᠢᠨ ᠳᠤᠷᠠᠰᠬᠠᠯᠲᠤ ᠵᠦᠢᠯ 1870 ᠪᠣᠶ᠃     ᠤᠷᠳᠤᠰ ᠬᠤᠳᠠ ᠳᠤ ᠬᠤᠳᠠ᠂ ᠬᠤᠰᠢᠭᠤ ᠲᠣᠭᠤᠷᠢᠭ ᠬᠤᠶᠠᠷ ᠱᠠᠲᠤᠨ ᠤ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠢᠶᠠᠷᠤᠯᠲᠠ ᠶᠢᠨ ᠪᠠᠶᠢᠭᠤᠯᠤᠮᠵᠢ ᠨᠡᠶᠢᠳᠡ 10᠂ ᠰᠤᠳᠤᠯᠭᠠᠨ ᠤ ᠪᠠᠶᠢᠭᠤᠯᠤᠮᠵᠢ 1 ᠪᠠᠶᠢᠵᠤ᠂ ᠬᠤᠳᠠ᠂ ᠬᠤᠰᠢᠭᠤ ᠲᠣᠭᠤᠷᠢᠭ ᠬᠤᠶᠠᠷ ᠱᠠᠲᠤᠨ ᠤ ᠬᠠᠮᠢᠶᠠᠷᠤᠯᠲᠠ ᠶᠢᠨ ᠲᠤᠭᠳᠠᠯᠴᠠᠭ᠎ᠠ ᠶᠢ ᠪᠤᠢ ᠪᠣᠯᠭᠠᠵᠤ᠂ ᠬᠤᠳᠠ᠂ ᠬᠤᠰᠢᠭᠤ ᠲᠣᠭᠤᠷᠢᠭ᠂ ᠰᠤᠮᠤ ᠰᠢᠶᠠᠩ ᠪᠠᠯᠭᠠᠰᠤ᠂ ᠭᠠᠴᠠᠭ᠎ᠠ ᠲᠣᠰᠬᠤᠨ ᠲᠦᠷᠪᠡᠨ ᠱᠠᠲᠤᠨ ᠤ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠲᠣᠣᠷ ᠰᠦᠯᠵᠢᠶ᠎ᠡ ᠶᠢ ᠠᠩᠬ᠎ᠠ ᠠᠯᠬᠤᠮ ᠪᠠᠶᠢᠭᠤᠯᠵᠤ᠂ ᠪᠥᠬᠦᠨ ᠢ ᠬᠠᠮᠤᠷᠬᠤ ᠶᠢ ᠪᠡᠶᠡᠯᠡᠭᠦᠯᠪᠡ᠃     ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠤᠷᠳᠤᠰ ᠬᠤᠳᠠ ᠶᠡᠷᠥᠩᠬᠡᠢ ᠱᠦᠵᠢ ᠰᠢ ᠶᠢᠨ ᠫᠢᠩ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠠᠵᠢᠯ ᠤᠨ ᠲᠤᠬᠠᠢ ᠴᠢᠬᠤᠯᠠ ᠥᠭᠦᠯᠡᠯᠲᠡ ᠪᠣᠯᠤᠨ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠬᠠᠮᠠᠭᠠᠯᠠᠬᠤ ᠪᠠᠷ ᠭᠤᠣᠯ ᠪᠣᠯᠭᠠᠬᠤ᠂ ᠠᠪᠤᠷᠠᠬᠤ ᠶᠢ ᠲᠡᠷᠢᠭᠦᠨ ᠳᠤ ᠲᠠᠯᠪᠢᠬᠤ᠂ ᠵᠦᠢ ᠵᠣᠬᠢᠰᠲᠠᠶ ᠪᠠᠷ ᠠᠰᠢᠭᠯᠠᠬᠤ᠂ ᠬᠠᠮᠢᠶᠠᠷᠤᠯᠲᠠ ᠶᠢ ᠴᠢᠩᠭᠠᠳᠬᠠᠬᠤ︾ ᠴᠢᠭᠯᠡᠯᠲᠡ ᠶᠢ ᠢᠮᠠᠭᠲᠠ ᠪᠠᠷᠢᠮᠲᠠᠯᠠᠵᠤ᠂ ᠠᠵᠢᠯ ᠤᠨ ᠲᠣᠭᠲᠠᠴᠠ ᠶᠢ ᠲᠠᠰᠤᠷᠠᠯᠳᠠ ᠦᠭᠡᠢ ᠪᠦᠷᠢᠨᠰᠢᠬᠦᠯᠦᠨ ᠲᠡᠭᠦᠯᠳᠡᠷᠵᠢᠭᠦᠯᠵᠦ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠠᠶᠤᠯ ᠦᠭᠡᠢ ᠶᠢᠨ ᠬᠠᠷᠢᠭᠤᠴᠠᠯᠭ᠎ᠠ ᠶᠢᠨ ᠲᠦᠷᠢᠮ ᠢ ᠨᠠᠶᠢᠳᠠᠪᠤᠷᠢᠵᠢᠭᠤᠯᠬᠤ ᠶᠢ ᠴᠢᠩᠭᠠᠳᠬᠠᠵᠤ᠂ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠰᠠᠭᠤᠷᠢ ᠶᠢ ᠪᠠᠲᠤᠳᠬᠠᠨ᠂ ᠲᠤᠰᠬᠠᠶ ᠲᠦᠷᠦᠯ ᠤᠨ ᠴᠡᠭᠴᠡᠯᠡᠨ ᠵᠠᠰᠠᠬᠤ ᠠᠵᠢᠯ ᠢ ᠪᠠᠶᠢᠩᠭᠤᠵᠢᠭᠤᠯᠤᠨ ᠥᠷᠨᠢᠭᠦᠯᠵᠦ᠂ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠪᠠ ᠬᠠᠮᠢᠶᠠᠷᠬᠤ ᠠᠵᠢᠯ ᠢ ᠦᠨᠡᠨ ᠬᠦ ᠴᠢᠩᠭᠠᠳᠬᠠᠪᠠ᠃     ᠣᠷᠳᠣᠰ ᠬᠤᠲᠠ ᠶᠢᠨ ᠵᠠᠰᠠᠭ ᠤᠨ ᠣᠷᠳᠣᠨ ᠵᠢᠯ ᠪᠦᠷᠢ ᠲᠡᠤᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠬᠢᠭᠡᠳ ᠬᠠᠮᠢᠶᠠᠷᠤᠯᠲᠠ ᠶᠢᠨ ᠠᠵᠢᠯ ᠢ ᠵᠠᠰᠠᠭ ᠤᠨ ᠣᠷᠳᠣᠨ ᠤ ᠠᠵᠢᠯ ᠤᠨ ᠢᠯᠡᠳᠭᠡᠯ ᠤᠨ ᠪᠥᠬᠦ ᠲᠠᠯ᠎ᠠ ᠶᠢᠨ ᠲᠣᠬᠢᠷᠠᠭᠤᠯᠤᠯᠲᠠ ᠪᠠᠶᠢᠷᠢᠯᠠᠭᠤᠯᠤᠯᠲᠠ ᠳᠤ ᠣᠷᠣᠭᠤᠯᠵᠤ᠂ ᠲᠡᠤᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠬᠢᠭᠡᠳ ᠬᠠᠮᠢᠶᠠᠷᠤᠯᠲᠠ ᠶᠢᠨ ᠠᠵᠢᠯ ᠢ ᠬᠤᠲᠠ᠂ ᠬᠤᠰᠢᠭᠤ ᠲᠣᠭᠤᠷᠢᠭ ᠤᠨ ᠪᠣᠳᠠᠲᠤ ᠠᠮᠵᠢᠯᠲᠠ ᠶᠢ ᠰᠢᠯᠭᠠᠨ ᠬᠢᠨᠠᠬᠤ ᠡᠭᠦᠷᠭᠡ ᠳᠤ ᠣᠷᠣᠭᠤᠯᠵᠤ᠂ ᠡᠯ᠎ᠡ ᠱᠠᠲᠤᠨ ᠤ ᠵᠠᠰᠠᠭ ᠤᠨ ᠣᠷᠳᠣᠨ ᠤ ᠲᠡᠤᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠯᠠᠪᠳᠠᠭᠤᠨ ᠪᠠᠲᠤᠲᠠᠶ ᠠᠬᠢᠭᠤᠯᠤᠭᠰᠠᠨ ᠪᠠᠶᠢᠨ᠎ᠠ᠃     2015 ᠣᠨ ᠠᠴᠠ ᠨᠠᠭᠠᠰᠢ᠂ ᠤᠷᠢᠳ ᠬᠤᠵᠢᠳ 39 ᠵᠦᠢᠯ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠢᠨᠵᠧᠨᠧᠷᠢᠩ ᠤᠨ ᠲᠦᠷᠦᠯ ᠵᠦᠢᠯ ᠤᠨ ᠲᠥᠯᠥᠪᠯᠡᠭᠡ ᠶᠢᠨ ᠪᠢᠴᠢᠭ ᠢ ᠳᠡᠭᠡᠭᠰᠢ ᠮᠡᠳᠡᠭᠦᠯᠵᠦ᠂ ᠨᠡᠶᠢᠲᠡ 6000 ᠭᠠᠷᠤᠢ ᠲᠦᠮᠡᠨ ᠲᠥᠭᠦᠷᠢᠭ ᠤᠨ ᠬᠠᠮᠠᠭᠠᠯᠠᠯᠲᠠ ᠶᠢᠨ ᠪᠡᠯᠡ ᠮᠦᠡᠭᠬᠦ ᠵᠠᠷᠤᠴᠠᠭᠤᠯᠵᠤ᠂ ᠠᠷᠵᠠᠢ ᠠᠭᠤᠢ ᠶᠢᠨ ᠬᠠᠨ᠎ᠠ ᠶᠢᠨ ᠵᠢᠷᠤᠭ ᠢ ᠰᠡᠯᠪᠢᠨ ᠵᠠᠰᠠᠬᠤ ᠪᠠ ᠠᠶᠤᠯ ᠦᠭᠡᠢ ᠶᠢᠨ ᠰᠡᠷᠭᠡᠶᠢᠯᠡᠯᠲᠡ ᠶᠢ ᠳᠡᠭᠡᠭᠰᠢᠯᠡᠭᠦᠯᠬᠦ᠂ ᠦᠦᠰᠢᠨᠵᠤᠤ ᠶᠢᠨ ᠴᠠᠭᠠᠨ ᠰᠤᠪᠤᠷᠭ᠎ᠠ ᠶᠢ ᠰᠡᠯᠪᠢᠨ ᠵᠠᠰᠠᠬᠤ ᠵᠡᠷᠭᠡ 20 ᠭᠠᠷᠤᠢ ᠵᠦᠢᠯ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠢᠨᠵᠧᠨᠧᠷᠢᠩ ᠢ ᠵᠣᠬᠢᠶᠠᠨ ᠪᠠᠶᠢᠭᠤᠯᠵᠤ ᠬᠡᠷᠡᠭᠵᠢᠭᠦᠯᠪᠡ᠃ ︽ᠮᠣᠷᠢᠨ ᠨᠢᠷᠤᠭᠤᠨ ᠳᠡᠭᠡᠷᠡᠬᠢ ᠬᠦᠷᠡᠯ ᠪᠠᠭᠠᠵᠢ ᠶᠢᠨ ᠬᠠᠭᠠᠨᠲᠤ ᠤᠯᠤᠰ — ᠣᠷᠳᠣᠰ ᠵᠢᠴᠢ ᠤᠮᠠᠷᠠᠲᠤ ᠤᠷᠤᠨ ᠤ ᠬᠦᠷᠡᠯ ᠪᠠᠭᠠᠵᠢ ᠶᠢᠨ ᠰᠣᠶᠣᠯ︾ ᠵᠡᠷᠭᠡ ᠭᠤᠤᠯ ᠰᠡᠳᠦᠪᠲᠦ ᠦᠵᠡᠰᠭᠦᠯᠡᠩ ᠢ 125 ᠤᠳᠠᠭ᠎ᠠ ᠭᠠᠷᠭᠠᠵᠤ᠂ 200 ᠭᠠᠷᠤᠶ ᠵᠦᠢᠯ ᠤᠨ ᠰᠣᠶᠣᠯ ᠤᠨ ᠪᠦᠳᠦᠭᠡᠯᠴᠢ ᠦᠢᠯᠡᠳᠬᠦᠨ ᠢ 6 ᠲᠦᠮᠡ ᠭᠠᠷᠤᠶ ᠨᠡᠭᠡᠭᠡᠨ ᠬᠥᠭᠵᠢᠭᠦᠯᠪᠡ᠃ ︽ᠲᠠᠯ᠎ᠠ ᠨᠤᠲᠤᠭ ᠤᠨ ᠲᠣᠷᠭᠠᠨ ᠵᠠᠮ ᠤᠨ ᠲᠡᠤᠬᠡ ᠶᠢᠨ ᠵᠢᠷᠤᠭ︾ ᠵᠡᠷᠭᠡ 30 ᠭᠠᠷᠤᠶ ᠲᠤᠰᠬᠠᠶ ᠪᠦᠲᠦᠭᠡᠯ ᠢ ᠰᠤᠳᠤᠯᠤᠨ ᠡᠮᠬᠢᠳᠭᠡᠵᠦ ᠬᠡᠪᠯᠡᠭᠦᠯᠪᠡ᠃ ᠪᠤᠷᠤᠪᠠᠯᠭᠠᠰᠤᠨ ᠤ ︽1+6︾ ᠬᠤᠪᠢᠰᠬᠠᠯ ᠤᠨ ᠬᠥᠮᠦᠵᠢᠯ ᠪᠣᠯᠪᠠᠰᠤᠷᠠᠯ ᠤᠨ ᠰᠠᠭᠤᠷᠢᠨ ᠭᠠᠵᠠᠷ ᠪᠠ ᠲᠤᠭᠤᠷᠢᠮ ᠤᠨ ᠤᠯᠤᠰ ᠢᠶᠠᠨ ᠬᠠᠶᠢᠷᠠᠯᠠᠬᠤ ᠦᠵᠡᠯ ᠤᠨ ᠬᠥᠮᠦᠵᠢᠯ ᠪᠣᠯᠪᠠᠰᠤᠷᠠᠯ ᠤᠨ ᠲᠥᠪ ᠢ ᠪᠠᠶᠢᠭᠤᠯᠪᠠ᠃ ᠰᠢᠷᠬᠤᠰᠤ ᠶᠢᠨ ᠪᠠᠭᠤᠷᠢ ᠵᠡᠷᠭᠡ ᠭᠤᠣᠯᠳᠠᠯᠭ᠎ᠠ ᠲᠠᠢ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠨᠢᠭᠡᠴᠢ ᠳᠤ ᠲᠦᠰᠢᠭᠯᠡᠨ ︽A︾ ᠳᠡᠰ ᠤᠨ ᠵᠤᠭᠠᠴᠠᠯ ᠤᠨ ᠦᠵᠡᠮᠵᠢ ᠶᠢᠨ ᠣᠷᠣᠨ ᠢ 8 ᠪᠠᠶᠢᠭᠤᠯᠤᠭᠰᠠᠨ ᠪᠥᠭᠡᠳ ᠵᠢᠶᠦ᠋ᠨ ᠸᠠᠩ ᠤᠨ ᠣᠷᠳᠣᠨ᠂ ᠪᠤᠷᠤᠪᠠᠯᠭᠠᠰᠤᠨ ᠤ ︽1+6︾ ᠬᠤᠪᠢᠰᠬᠠᠯ ᠤᠨ ᠬᠥᠮᠦᠵᠢᠯ ᠪᠣᠯᠪᠠᠰᠤᠷᠠᠯ ᠤᠨ ᠰᠠᠭᠤᠷᠢᠨ ᠵᠡᠷᠭᠡ ᠲᠠᠢ ᠬᠠᠮᠲᠤ ᠵᠤᠭᠠᠴᠠᠯ ᠤᠨ ᠰᠣᠳᠣᠨ ᠱᠤᠭᠤᠮ ᠳᠤ ᠣᠷᠣᠭᠤᠯᠵᠤ᠂ ᠪᠦᠬᠦ ᠬᠤᠳᠠ ᠶᠢᠨ ᠰᠣᠶᠣᠯ ᠵᠤᠭᠠᠴᠠᠯ ᠤᠨ ᠠᠭᠤᠰᠤᠯᠴᠠᠨ ᠬᠥᠭᠵᠢᠬᠦ ᠶᠢ ᠬᠦᠴᠦᠲᠡᠢ ᠠᠬᠢᠭᠤᠯᠤᠭᠰᠠᠨ ᠪᠠᠶᠢᠨ᠎ᠠ᠃
ᠢᠷᠡᠯᠲᠡ᠄ ᠤᠳᠤᠭ ᠤᠨ ᠡᠮᠦᠨᠡᠳᠦ ᠬᠤᠰᠢᠭᠤᠨ ᠤ ᠰᠤᠶᠤᠯ ᠵᠤᠭᠠᠴᠠᠯ ᠤᠨ ᠲᠤᠪᠴᠢᠶ᠎ᠠ ᠶᠢᠨ ᠵᠢᠷᠬᠢᠶ᠎ᠠ ᠲᠠᠪᠴᠠᠩ