ᠮᠡᠬᠡᠯᠡᠯ ᠳᠤ ᠬᠤᠯᠪᠤᠭᠳᠠᠭᠰᠠᠨAPP ᠶᠢ ᠨᠡᠶᠢᠲᠡᠯᠡᠪᠡ
ᠨᠡᠶᠢᠲᠡᠯᠡᠭᠰᠡᠨ ᠴᠠᠭ᠄
2024/3/21
      ᠣᠶᠢᠷ᠎ᠠ ᠳᠤ᠂ ᠠᠵᠤ ᠦᠢᠯᠡᠳᠪᠦᠷᠢ ᠪᠠ ᠮᠡᠳᠡᠭᠡ ᠵᠠᠩᠬᠢᠵᠢᠯᠲᠠ ᠶᠢᠨ ᠶᠠᠮᠤᠨ ᠤ ᠮᠡᠬᠡᠯᠡᠯ ᠢ ᠡᠰᠡᠷᠭᠦᠴᠡᠬᠦ ᠲᠤᠰᠬᠠᠢ ᠠᠩᠬᠢ ᠶᠢᠨ ᠬᠢᠨ ᠮᠡᠬᠡᠯᠡᠯ ᠳᠤ ᠬᠤᠯᠪᠤᠭᠳᠠᠭᠰᠠᠨAPP ᠶᠢ ᠨᠡᠶᠢᠲᠡᠯᠡᠪᠡ᠃ ᠬᠠᠤᠯᠢ ᠪᠤᠰᠤ ᠡᠲᠡᠭᠡᠳ ᠡᠯ᠎ᠡ ᠲᠥᠷᠥᠯ ᠤᠨ ᠠᠯᠪᠠᠨ ᠤ ᠲᠠᠯ᠎ᠠ ᠶᠢᠨ ᠢᠯᠡ ᠮᠡᠳᠡᠭᠡ ᠵᠠᠩᠬᠢ ᠶᠢ ᠤᠬᠠᠭᠠᠯᠠᠨ ᠬᠡᠷᠡᠭᠯᠡᠵᠤ᠂ ︽ᠤᠯᠤᠰ ᠠᠴᠠ ᠳᠡᠮᠵᠢᠬᠦ ᠲᠥᠷᠥᠯ ᠵᠦᠢᠯ︾᠂ ︽ᠠᠷᠠᠳ ᠲᠤ ᠠᠰᠢᠭ ᠬᠦᠷᠲᠡᠭᠡᠬᠦ ᠤᠯᠤᠰ ᠤᠨ ᠲᠥᠷᠥ ᠶᠢᠨ ᠪᠤᠳᠤᠯᠭ᠎ᠠ︾ ᠭᠡᠬᠦ ᠨᠡᠷ᠎ᠡ ᠪᠠᠷ ᠬᠦᠮᠦᠨ ᠮᠡᠬᠡᠯᠡᠳᠡᠭ ᠡᠳᠡᠭᠡᠷ APP ᠶᠢ ᠵᠤᠬᠢᠶᠠᠨ ᠭᠠᠷᠭᠠᠵᠠᠢ᠃ ᠡᠭᠦᠨ ᠤ ᠳᠤᠲᠤᠷ᠎ᠠ ᠬᠤᠳᠠᠯ ᠬᠠᠭᠤᠷᠮᠠᠭ ᠪᠡᠯᠡ ᠤᠷᠤᠭᠤᠯᠵᠤ ᠵᠤᠭᠤᠰ ᠡᠷᠬᠢᠯᠳᠦᠭᠦᠯᠬᠦ ᠲᠥᠷᠥᠯ ᠵᠦᠢᠯ ᠪᠠᠶᠢᠵᠤ᠂ ᠥᠨᠳᠥᠷ ᠠᠰᠢᠭ ᠤᠷᠤᠯᠭ᠎ᠠ ᠪᠠᠷ ᠥᠭᠶᠦᠭᠡ ᠪᠤᠯᠭᠠᠨ᠂ ᠦᠨᠡᠨ ᠪᠠᠶᠢᠳᠠᠯ ᠢ ᠮᠡᠳᠡᠬᠦ ᠦᠭᠡᠢ ᠤᠯᠠᠨ ᠲᠦᠮᠡᠨ ᠢ ᠮᠡᠭᠡᠯᠡᠨ APP ᠳᠤ ᠳᠠᠲᠠᠨ ᠣᠷᠣᠭᠤᠯᠵᠣ᠂ ᠡᠭᠦᠨ  ᠤ ᠤᠯᠠᠮ ᠢᠶᠠᠷ ᠮᠡᠬᠡᠯᠡᠯ ᠤᠨ ᠠᠵᠢᠯᠯᠠᠭ᠎ᠠ ᠬᠢᠵᠤ ᠪᠠᠶᠢᠨ᠎ᠠ᠃ ᠰᠠᠨᠠᠭᠤᠯᠭ᠎ᠠ     1. ᠮᠡᠬᠡᠯᠡᠯ ᠳᠤ ᠬᠤᠯᠪᠤᠭᠳᠠᠭᠰᠠᠨAPP ᠶᠢᠨ ᠠᠷᠭ᠎ᠠ ᠮᠡᠭᠡ ᠣᠯᠠᠨ ᠪᠠᠶᠢᠳᠠᠭ ᠪᠤᠯᠬᠤᠷ ᠢᠷᠡᠯᠲᠡ ᠨᠢ ᠲᠤᠳᠤᠷᠬᠠᠢ ᠪᠤᠰᠤ ᠬᠤᠯᠪᠤᠭᠠᠰᠤ ᠶᠢ ᠲᠣᠪᠴᠢᠳᠠᠬᠤ ᠦᠭᠡᠢ᠂ ᠥᠯᠥ ᠮᠡᠳᠡᠬᠦ ᠮᠡᠷᠭᠡᠨ ᠴᠣᠬᠤᠷ ᠢ ᠰᠢᠷᠪᠢᠬᠦ ᠦᠭᠡᠢ᠂ ᠲᠠᠨᠢᠯ ᠪᠤᠰᠤ ᠰᠦᠯᠵᠢᠶᠠᠨ ᠤ ᠥᠷᠲᠡᠭᠡ ᠶᠢ ᠦᠵᠡᠬᠦ ᠦᠭᠡᠢ ᠪᠠᠶᠢᠵᠤ᠂ ᠵᠢᠩᠬᠢᠨᠢ ᠠᠷᠭ᠎ᠠ ᠵᠠᠮ  ᠢᠶᠠᠷAPP ᠶᠢ ᠪᠠᠭᠤᠯᠭᠠᠨ ᠠᠪᠤᠭᠠᠷᠠᠢ᠃     2. ᠪᠡᠯᠡ ᠤᠷᠤᠭᠤᠯᠵᠤ ᠵᠤᠭᠤᠰ ᠡᠷᠬᠢᠯᠳᠤᠭᠦᠯᠬᠦ ᠳᠤ ᠵᠥᠪ ᠠᠷᠭ᠎ᠠ ᠵᠠᠮ ᠢ ᠣᠨᠣᠪᠴᠢᠲᠠᠢ ᠣᠯᠵᠣ᠂ ᠡᠬᠢ ᠡᠭᠦᠰᠦᠯ ᠨᠢ ᠲᠤᠳᠤ ᠦᠭᠡᠢ ︽ᠲᠤᠳᠤᠭᠠᠳᠤ ᠶᠢᠨ ᠴᠢᠮᠡᠭᠡ︾᠂ ︽ᠶᠡᠭᠡ ᠬᠡᠮᠵᠢᠶᠡᠨ ᠤ ᠬᠠᠷᠢᠭᠤ ᠬᠠᠷᠠᠮᠵᠢ ᠲᠠᠢ︾᠂ ︽ᠯᠠᠪᠲᠠᠢ ᠬᠤᠨᠵᠢᠵᠤ ᠥᠯᠥ ᠠᠯᠳᠠᠬᠤ︾ ᠪᠡᠯᠡ ᠣᠷᠣᠭᠤᠯᠣᠯᠲᠠ ᠶᠢᠨ ᠵᠠᠷ ᠲᠠᠨᠢᠯᠴᠠᠭᠤᠯᠭ᠎ᠠ ᠶᠢ ᠰᠡᠷᠡᠮᠵᠢᠯᠡᠬᠦ ᠬᠡᠷᠡᠭᠲᠡᠢ᠃ ᠠᠯᠪᠠᠨ ᠤ ᠲᠠᠯ᠎ᠠ ᠶᠢᠨ ᠠᠷᠭ᠎ᠠ ᠵᠠᠮ ᠢᠶᠠᠷ ᠳᠠᠮᠵᠢᠭᠤᠯᠤᠨ ᠠᠷᠠᠳ ᠲᠤ ᠠᠰᠢᠭ ᠬᠦᠷᠲᠡᠭᠡᠬᠦ ᠤᠯᠤᠰ ᠤᠨ ᠲᠥᠷᠥ ᠶᠢᠨ ᠪᠤᠳᠤᠯᠭ᠎ᠠ ᠶᠢᠨ ᠦᠨᠡᠨ ᠪᠤᠳᠠᠲᠠᠢ ᠴᠢᠨᠠᠷ ᠢ ᠨᠤᠲᠠᠯᠠᠬᠤ ᠬᠡᠷᠡᠭᠲᠡᠢ᠃     3. ᠠᠵᠤ ᠦᠢᠯᠡᠳᠪᠦᠷᠢ ᠪᠠ ᠮᠡᠳᠡᠭᠡ ᠵᠠᠩᠬᠢᠵᠢᠯᠲᠠ ᠶᠢᠨ ᠶᠠᠮᠤᠨ ᠤ ᠮᠡᠬᠡᠯᠡᠯ ᠢ ᠡᠰᠡᠷᠭᠦᠴᠡᠬᠦ ᠲᠤᠰᠬᠠᠢ ᠠᠩᠬᠢ ᠨᠢ ᠲᠤᠰᠬᠠᠢ ᠮᠡᠷᠭᠡᠵᠢᠯ ᠤᠨ ᠠᠷᠭ᠎ᠠ ᠪᠠᠷᠢᠯ  ᠢᠶᠠᠷ ᠮᠡᠬᠡᠯᠡᠯ ᠳᠤ ᠬᠤᠯᠪᠤᠭᠳᠠᠭᠰᠠᠨAPP ᠶᠢ ᠢᠯᠭᠠᠷᠠᠭᠤᠯᠵᠤ᠂ ᠲᠤᠭᠲᠠᠮᠠᠯ ᠬᠤᠭᠤᠴᠠᠭ᠎ᠠ ᠲᠠᠢ ᠪᠠᠷ ᠨᠡᠶᠢᠲᠡᠯᠡᠨ᠎ᠡ᠂ ᠠᠵᠤ ᠦᠢᠯᠡᠳᠪᠦᠷᠢ ᠪᠠ ᠮᠡᠳᠡᠭᠡ ᠵᠠᠩᠬᠢᠵᠢᠯᠲᠠ ᠶᠢᠨ ᠶᠠᠮᠤᠨ ᠤ ᠮᠡᠬᠡᠯᠡᠯ ᠢ ᠡᠰᠡᠷᠭᠦᠴᠡᠭᠦ ᠲᠤᠰᠬᠠᠢ ᠠᠩᠬᠢ ᠶᠢᠨ ᠵᠢᠷᠬᠢᠶ᠎ᠡ ᠶᠢᠨ ᠳᠠᠪᠴᠠᠩ ᠳᠠᠬᠢ ᠮᠡᠬᠡᠯᠡᠯ ᠳᠤ ᠬᠤᠯᠪᠤᠭᠳᠠᠭᠰᠠᠨAPP ᠶᠢ ᠢᠯᠡᠴᠢᠯᠡᠬᠦ ᠳᠠᠪᠴᠠᠩ ᠤᠨ ᠲᠤᠰᠬᠠᠢ ᠪᠤᠯᠤᠩ ᠢ ᠢᠯᠡᠭᠦᠬᠡᠨ ᠠᠩᠬᠠᠷᠴᠦ ᠪᠠᠶᠢᠭᠠᠷᠠᠢ︕
5.jpg
6.jpg
7.jpg
8.jpg
ᠢᠷᠡᠯᠲᠡ᠄ ᠠᠷᠠᠳ ᠤᠨ ᠰᠦᠯᠵᠢᠶ᠎ᠡ ᠶᠢᠨ ᠮᠤᠩᠭᠤᠯ ᠸᠢᠴᠠᠲ ᠳᠠᠪᠴᠠᠩ