ᠬᠠᠪᠤᠷ ᠤᠨ ᠤᠷᠢᠨ ᠳᠤ ᠬᠠᠮᠤᠭ ᠪᠤᠳᠠᠰ ᠠᠮᠢᠯᠠᠵᠤ᠂ ᠮᠦᠷᠡᠨ ᠭᠤᠤᠯ ᠤᠨ ᠳᠡᠨᠵᠢᠨ ᠠᠴᠠ ᠲᠠᠪᠤᠨ ᠬᠤᠰᠢᠭᠤ ᠮᠠᠯ ᠤᠨ ᠳᠠᠯᠠᠯᠭ᠎ᠠ ᠬᠤᠷᠤᠶᠢᠯᠠᠨ᠂ ᠥᠩᠰᠢᠭ | ᠵᠢᠯ ᠤᠨ ᠰᠠᠶᠢᠨ ᠰᠠᠶᠢᠬᠠᠨ ᠢ ᠪᠡᠯᠭᠡᠳᠡᠨᠡᠮ︕ | ᠴᠢᠨᠳᠠᠮᠤᠨᠢ ᠡᠷᠳᠡᠨᠢ ᠳᠡᠯᠭᠡᠷᠡᠭᠰᠡᠨ ᠡᠳᠦᠷ ᠬᠡᠮᠡᠭᠳᠡᠭᠰᠡᠨ ᠤᠷᠳᠤᠰ ᠲᠤᠭᠠᠯᠠᠯ ᠤᠨ ᠲᠠᠪᠤᠨ ᠰᠠᠷ᠎ᠠ ᠶᠢᠨ ᠠᠷᠪᠠᠨ ᠨᠢᠭᠡᠨ ᠳᠤ᠂ ︽ᠪᠤᠳᠠᠰ ᠤᠨ ᠪᠤᠰᠤ ᠰᠤᠶᠤᠯ | ᠤᠨ ᠥᠪ ᠲᠠᠯ᠎ᠠ ᠨᠤᠲᠤᠭ ᠤᠨ ᠲᠠᠪᠤᠨ ᠬᠤᠰᠢᠭᠤ ᠮᠠᠯ ᠤᠨ ᠬᠡᠰᠢᠭ ᠪᠤᠶᠠᠨ ᠤ ᠳᠠᠯᠠᠯᠭ᠎ᠠ ᠵᠢᠴᠢ ᠦᠨᠳᠦᠰᠦᠲᠡᠨ ᠤ ᠤᠯᠠᠮᠵᠢᠯᠠᠯᠲᠤ ᠪᠡᠶ᠎ᠡ ᠶᠢᠨ ᠲᠠᠮᠢᠷ ᠤᠨ | ᠤᠷᠤᠯᠳᠤᠭᠠᠨ︾ ᠬᠠᠩᠬᠢᠨ ᠬᠤᠰᠢᠭᠤᠨ ᠤ ᠶᠡᠬᠡᠨ᠋ᠤᠰᠤ ᠰᠤᠮᠤᠨ ᠤ ᠰᠢᠷᠠᠮᠦ᠋ᠷᠡᠨ ᠤ ᠲᠠᠯ᠎ᠠ ᠳᠤ ᠨᠢᠵᠢᠭᠢᠷ ᠰᠠᠶᠢᠬᠠᠨ ᠶᠠᠪᠤᠭᠳᠠᠯ᠎ᠠ᠃ | 3 ᠰᠠᠷ᠎ᠠ ᠶᠢᠨ 20 ᠤ ᠡᠳᠦᠷ ᠤᠨ ᠥᠷᠯᠥᠭᠡ ᠶᠢᠨ 9 ᠴᠠᠭ ᠠᠴᠠ ᠵᠢᠭᠰᠠᠭᠠᠯ ᠤᠨ ᠠᠩᠬᠢ ᠲᠠᠯᠠᠪᠠᠢ ᠳᠤ ᠤᠷᠤᠬᠤ ᠪᠠᠷ ᠲᠠᠪᠤᠨ ᠬᠤᠰᠢᠭᠤ ᠮᠠᠯ ᠤᠨ ᠬᠡᠰᠢᠭ | ᠪᠤᠶᠠᠨ ᠤ ᠳᠠᠯᠠᠯᠭ᠎ᠠ ᠶᠢᠨ ᠶᠤᠰᠤᠯᠠᠯ ᠶᠠᠪᠤᠭᠳᠠᠵᠤ᠂ ᠪᠤᠳᠠᠰ ᠤᠨ ᠪᠤᠰᠤ ᠰᠤᠶᠦᠯ ᠤᠨ ᠥᠪ ᠤᠨ ᠵᠠᠯᠭᠠᠮᠵᠢᠯᠠᠭᠴᠢ ᠶᠢᠨ ᠳᠠᠭᠠᠭᠤᠯᠤᠯ ᠳᠤᠤᠷ᠎ᠠ ᠳᠠᠶᠠᠭᠠᠷ ᠲᠤᠯᠭ᠎ᠠ ᠶᠢᠨ | ᠭᠠᠯ ᠢᠶᠠᠨ ᠨᠤᠴᠤᠭᠠᠨ᠂ ᠲᠠᠪᠤᠨ ᠬᠤᠰᠢᠭᠤ ᠮᠠᠯ ᠤᠨ ᠬᠡᠰᠢᠭ ᠪᠤᠶᠠᠨ ᠢ ᠳᠠᠯᠠᠯᠵᠤ᠂ ᠬᠥᠭᠡ ᠯᠤᠤ ᠵᠢᠯ ᠳᠡᠭᠡᠨ ᠬᠤᠷ᠎ᠠ ᠪᠤᠷᠤᠭᠠᠨ ᠳᠡᠭᠰᠢ᠂ ᠲᠠᠪᠤᠨ ᠬᠤᠰᠢᠭᠤ ᠮᠠᠯ | ᠥᠨᠢᠷ ᠥᠰᠥᠯᠲᠡ ᠲᠠᠢ᠂ ᠠᠷᠠᠳ ᠢᠷᠭᠡᠳ ᠠᠵᠠ ᠵᠢᠷᠭᠠᠯ ᠲᠠᠢ ᠠᠮᠤᠭᠤᠯᠠᠩ ᠲᠠᠶᠢᠪᠤᠩ ᠪᠠᠶᠢᠬᠤ ᠪᠠᠨ ᠬᠦᠰᠡᠨ ᠳᠠᠭᠠᠳᠬᠠᠯ᠎ᠠ᠃ | ᠶᠤᠰᠤᠯᠠᠯ ᠳᠤ ᠪᠠᠰᠠ ᠠᠳᠤᠭᠤ ᠳᠡᠯᠯᠡᠬᠦ᠂ ᠳᠠᠭ᠎ᠠ ᠲᠠᠮᠠᠭᠠᠯᠠᠬᠤ᠂ ᠲᠡᠮᠡᠭᠡ ᠵᠤᠭᠳᠤᠷᠯᠠᠬᠤ᠂ ᠢᠩᠭᠡᠨ ᠭᠠᠯ ᠤᠨ ᠳᠠᠬᠢᠯᠭ᠎ᠠ᠂ ᠲᠠᠶᠢᠯᠤᠭ ᠪᠤᠭᠤᠬᠤ᠂ ᠪᠢᠷᠠᠭᠤ | ᠪᠦᠭᠡᠰᠦᠯᠡᠬᠦ᠂ ᠬᠤᠷᠠᠭ᠎ᠠ ᠢᠰᠢᠭᠡ ᠬᠥᠩᠭᠡᠯᠡᠬᠦ ᠵᠡᠷᠭᠡ ᠵᠠᠩ ᠦᠢᠯᠡ ᠶᠢ ᠭᠦᠢᠴᠡᠳᠬᠡᠬᠦ ᠠᠴᠠ ᠭᠠᠳᠠᠨ᠎ᠠ ᠤᠯᠠᠭᠠᠨᠮᠦ᠋ᠴᠢᠷ ᠤᠨ ᠤᠷᠠᠨ ᠰᠠᠶᠢᠬᠠᠨ ᠤ ᠲᠤᠭᠯᠠᠯᠲᠠ᠂ | ᠵᠠᠩᠭᠠᠷ ᠤᠨ ᠲᠤᠤᠯᠢ ᠬᠠᠶᠢᠯᠠᠬᠤ ᠨᠢ ᠶᠤᠰᠤᠯᠠᠯ ᠳᠤ ᠨᠠᠷᠬᠢᠶᠠᠨ ᠨᠡᠮᠡᠷᠢᠯᠡᠵᠤ᠂ ᠮᠤᠷᠢᠨ ᠤᠷᠤᠯᠳᠤᠭᠠᠨ᠂ ᠲᠡᠮᠡᠭᠡᠨ ᠤᠷᠤᠯᠳᠤᠭᠠᠨ ᠵᠢᠴᠢ ᠮᠣᠩᠭᠤᠯ ᠪᠦᠭᠡ᠂ ᠰᠤᠷ | ᠬᠠᠷᠪᠤᠬᠤ ᠵᠡᠷᠭᠡ ᠠᠭᠤᠯᠭ᠎ᠠ ᠪᠠᠶᠠᠯᠢᠭ ᠠᠵᠢᠯᠯᠠᠭ᠎ᠠ ᠶᠠᠪᠤᠭᠳᠠᠵᠤ᠂ ᠬᠤᠷᠠᠭᠰᠠᠨ ᠤᠯᠠᠨ ᠤ ᠰᠡᠳᠬᠢᠯ ᠢ ᠪᠠᠶᠠᠰᠬᠠᠭᠰᠠᠨ ᠰᠠᠶᠢᠬᠠᠨ ᠨᠠᠶᠢᠷ ᠪᠤᠯᠤᠭᠰᠠᠨ ᠪᠠᠶᠢᠨ᠎ᠠ᠃ | | | | | | | | | |