ᠪᠠᠶᠢᠭᠠᠯᠢ ᠣᠷᠴᠢᠨ ᠢᠶᠠᠨ ᠤᠶᠠᠩᠭᠠᠯᠠᠭᠰᠠᠨ ︽ᠳᠥᠷᠪᠡᠨ ᠤᠯᠠᠷᠢᠯ︾
ᠨᠡᠶᠢᠲᠡᠯᠡᠭᠰᠡᠨ ᠴᠠᠭ᠄
2024/3/25
     ᠰᠠᠷᠠᠨ ᠲᠡᠷᠭᠡᠯᠰᠢᠵᠦ ᠭᠡᠷ ᠬᠤᠲᠠᠯᠠᠭᠠᠷ ᠨᠠᠶᠢᠷᠯᠠᠯᠳᠤᠨ ᠵᠢᠷᠭᠠᠵᠤ ᠪᠠᠶᠢᠭ᠎ᠠ ᠵᠢᠷᠤᠭ ᠳᠦᠷᠢ ︽ᠳᠠᠭᠢᠨᠢ ᠶᠢᠨ ᠴᠠᠭᠠᠨ ᠰᠠᠷᠠ︾ ᠳᠠᠭᠤᠨ ᠤ ᠤᠶᠠᠩᠭ᠎ᠠ ᠡᠭᠡᠰᠢᠭ ᠪᠣᠯᠣᠨ ᠬᠠᠩᠭᠢᠨᠠᠵᠤ᠂ ᠥᠪᠥᠷ ᠮᠣᠩᠭᠤᠯ ᠤᠨ ᠤᠷᠠᠯᠢᠭ ᠵᠦᠴᠦᠭᠡ ᠶᠢᠨ ᠬᠦᠷᠢᠶᠡᠯᠡᠩ ᠤᠨ ᠨᠠᠶᠢᠷᠠᠯ ᠳᠠᠭᠤᠤ ᠶᠢᠨ ᠪᠦᠯᠭᠦᠮ ᠤᠨ ᠡᠷᠭᠢᠯᠡᠭᠰᠡᠨ ᠳᠠᠭᠤᠤ ᠬᠥᠭᠵᠢᠮ ᠤᠨ ᠴᠤᠭᠯᠠᠭᠠᠨ︽ᠳᠥᠷᠪᠡᠨ ᠤᠯᠠᠷᠢᠯ︾ ᠦᠵᠡᠭᠴᠢᠳ ᠤᠨ ᠨᠢᠵᠢᠭᠢᠨᠡᠭᠰᠡᠨ ᠠᠯᠠᠭ᠎ᠠ ᠲᠡᠰᠢᠯᠲᠡ ᠶᠢᠨ ᠳᠤᠮᠳᠠ ᠨᠢᠵᠢᠭᠢᠷ ᠰᠠᠶᠢᠬᠠᠨ ᠦᠷᠭᠦᠯᠵᠢᠯᠡᠨ᠎ᠡ᠃     ᠣᠷᠴᠢᠮᠬᠠᠨ ᠶᠠᠪᠤᠭᠳᠠᠭᠰᠠᠨ ᠡᠨᠡ ᠬᠦ ᠳᠠᠭᠤᠤ ᠬᠥᠭᠵᠢᠮ ᠤᠨ ᠴᠤᠭᠯᠠᠭᠠᠨ ᠨᠢ ᠳᠥᠷᠪᠡᠨ ᠤᠯᠠᠷᠢᠯ ᠢᠶᠠᠷ ᠭᠤᠣᠯ ᠰᠡᠳᠦᠪ ᠪᠣᠯᠭᠠᠨ᠂ ᠢᠷᠠᠭᠤ ᠰᠠᠶᠢᠬᠠᠨ ᠳᠠᠭᠤᠤ ᠬᠥᠭᠵᠢᠮ ᠢᠶᠠᠷ ᠣᠯᠠᠨ ᠵᠦᠢᠯ ᠤᠨ ᠬᠡᠪ ᠨᠠᠮᠪᠠ ᠪᠦᠬᠦᠢ ᠪᠠᠶᠢᠭᠠᠯᠢ ᠶᠢᠨ ᠦᠵᠡᠮᠵᠢ ᠶᠢ ᠵᠢᠷᠤᠭᠯᠠᠵᠤ᠂ ᠠᠮᠢ ᠠᠬᠤᠢ ᠣᠷᠴᠢᠨ ᠲᠣᠭᠤᠷᠢᠨ ᠢ ᠬᠠᠮᠠᠭᠠᠯᠠᠬᠤ ᠣᠶᠢᠯᠠᠭᠠᠭᠳᠠᠬᠤᠨ ᠢ ᠰᠠᠨᠠᠭᠠᠴᠢᠯᠠᠭᠰᠠᠨ 14 ᠪᠦᠲᠦᠭᠡᠯ ᠢ ︽ᠰᠢᠪᠠᠭᠤᠳ ᠵᠢᠷᠭᠢᠵᠦ ᠴᠢᠭᠢᠭ ᠦᠨᠦᠰᠳᠡᠭᠰᠡᠨ ᠨᠢ︾᠂ ︽ᠬᠤᠷ᠎ᠠ ᠵᠦᠰᠡᠷᠡᠵᠦ ᠴᠡᠴᠡᠭ ᠮᠢᠷᠠᠯᠵᠠᠭᠰᠠᠨ ᠎ ᠨᠢ︾᠂ ︽ᠲᠡᠭᠷᠢ ᠴᠡᠯᠮᠡᠵᠦ ᠡᠭᠦᠯᠡᠰ ᠭᠦᠪᠦᠯᠵᠡᠭᠰᠡᠨ ᠨᠢ︾᠂ ︽ᠴᠠᠰᠤ ᠯᠠᠪᠰᠠᠯᠠᠵᠤ ᠠᠭᠤᠯᠠᠰ ᠨᠥᠮᠥᠷᠢᠳᠡᠭᠰᠡᠨ ᠨᠢ︾ ᠭᠡᠬᠦ ᠳᠥᠷᠪᠡᠨ ᠪᠦᠯᠦᠭ ᠬᠤᠪᠢᠶᠠᠨ ᠳᠠᠭᠤᠤ ᠬᠥᠭᠵᠢᠮ ᠬᠢᠭᠡᠳ ᠠᠮᠢ ᠠᠬᠤᠢ ᠶᠢᠨ ᠲᠡᠭᠦᠰ ᠰᠠᠶᠢᠬᠠᠨ ᠠᠭᠤᠰᠤᠯᠴᠠᠯ ᠢ ᠳᠡᠯᠭᠡᠨ ᠦᠵᠡᠭᠦᠯᠵᠦ᠂ ᠬᠥᠮᠥᠰ ᠲᠤ ᠠᠮᠢ ᠠᠬᠤᠢ ᠣᠷᠴᠢᠨ ᠲᠣᠭᠤᠷᠢᠨ ᠢ ᠵᠠᠪᠠᠯ ᠰᠠᠶᠢᠲᠤᠷ ᠬᠠᠮᠠᠭᠠᠯᠠᠬᠤ ᠲᠤᠬᠠᠢ ᠰᠡᠩᠬᠡᠷᠡᠭᠦᠯᠦᠯ ᠥᠭᠴᠡᠢ᠃     ᠦᠳᠡᠰᠢᠯᠡᠭᠡ ᠳᠤ ᠤᠷᠢᠬᠠᠨ ᠬᠠᠪᠤᠷ ᠢᠶᠠᠷ ᠮᠠᠯᠴᠢᠳ ᠲᠥᠯ ᠲᠤᠰᠴᠦ ᠪᠠᠶᠠᠰᠤᠯᠳᠤᠨ ᠶᠠᠭᠠᠷᠠᠯᠳᠤᠭᠰᠠᠨ ᠠᠮᠢᠳᠤᠷᠠᠯ ᠢ ᠵᠢᠷᠤᠭᠯᠠᠭᠰᠠᠨ ᠳᠠᠭᠤᠤ︽ᠲᠣᠶᠢᠭ︾᠂ ᠥᠪᠥᠷ ᠮᠣᠩᠭᠤᠯ ᠤᠨ ᠰᠣᠩᠭᠤᠳᠠᠭ ᠳᠠᠭᠤᠤ ︽ᠦᠬᠡᠷᠲᠦ ᠬᠦᠢᠲᠡᠨ︾᠂ ︽ᠤᠭᠠᠯᠵᠠᠨ ᠬᠡ ᠲᠠᠢ ᠡᠮᠡᠭᠡᠯ︾᠂ ︽ᠨᠤᠲᠤᠭ ᠤᠨ ᠳᠠᠭᠤᠤ ᠪᠠᠨ ᠨᠠᠮ ᠳᠠᠭᠠᠨ ᠳᠠᠭᠤᠯᠠᠶ᠎ᠠ︾ ᠵᠡᠷᠭᠡ ᠳᠠᠭᠤᠤ ᠶᠢ ᠳᠠᠭᠤᠯᠠᠵᠤ᠂ ᠥᠪᠥᠷ ᠮᠣᠩᠭᠤᠯ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠨᠠᠮ ᠤᠨ ᠳᠠᠭᠠᠭᠤᠯᠭ᠎ᠠ ᠳᠣᠣᠷ᠎ᠠ ᠠᠮᠢ ᠠᠬᠤᠢ ᠶᠢ ᠤᠷᠢᠳ ᠎ ᠢᠶᠠᠷ ᠪᠣᠳᠣᠯᠬᠢᠯᠠᠬᠤ ᠪᠣᠬᠢᠷᠳᠤᠯ ᠦᠭᠡᠢ ᠬᠥᠭᠵᠢᠭᠦᠯᠬᠦ ᠶᠢᠨ ᠵᠠᠮ ᠢᠶᠠᠷ ᠵᠠᠮᠨᠠᠵᠤ ᠪᠠᠶᠢᠭ᠎ᠠ ᠪᠠᠶᠢᠳᠠᠯ ᠢ ᠬᠠᠷᠠᠭᠤᠯᠵᠠᠢ᠃ ᠨᠠᠶᠢᠷᠠᠯ ᠳᠠᠭᠤᠤ ᠶᠢᠨ ᠪᠦᠯᠭᠦᠮ ᠤᠨ ᠳᠠᠭᠤᠴᠢᠳ ᠎ ᠤᠨ ᠬᠡᠦᠬᠡᠳ ᠤᠳ ᠤᠯᠠᠭᠠᠨ ᠳ᠋ᠧᠩᠯᠦ ᠪᠠᠷᠢᠵᠤ᠂ ᠴᠡᠭᠡᠯᠬᠡᠨ ᠲᠤᠩᠭᠠᠯᠠᠭ ᠬᠡᠦᠬᠡᠳ ᠤᠨ ᠳᠠᠭᠤᠨ ᠢᠶᠠᠷ ︽ᠡᠭᠦᠷᠢᠳᠡ ᠠᠮᠤᠭᠤᠯᠠᠩ ᠪᠠᠶᠢᠭᠠᠰᠠᠢ︾ ᠭᠡᠬᠦ ᠳᠠᠭᠤᠤ ᠶᠢᠨ ᠤᠳᠤᠷᠢᠳᠬᠠᠯ ᠤᠨ ᠬᠡᠰᠡᠭ ᠢ ᠳᠠᠭᠤᠯᠠᠵᠤ᠂ ᠦᠳᠡᠰᠢᠯᠡᠭᠡ ᠶᠢ ᠤᠯᠠᠮ ᠤᠳᠬ᠎ᠠ ᠭᠦᠨ ᠭᠡᠯᠪᠡᠷᠢ ᠰᠢᠨ᠎ᠡ ᠪᠤᠯᠭᠠᠬᠰᠠᠨ ᠢᠶᠠᠷ ᠪᠠᠷᠠᠬᠤ ᠦᠭᠡᠢ᠂ ᠦᠵᠡᠭᠴᠢᠳ ᠲᠤ ᠪᠠᠶᠠᠷ ᠎ ᠤᠨ ᠡᠳᠦᠷ ᠤᠨ ᠵᠥᠩᠨᠡᠯ ᠳᠡᠪᠰᠢᠭᠦᠯᠦᠨ᠂ ᠨᠠᠶᠢᠷᠠᠯ ᠳᠠᠭᠤᠤ ᠶᠢᠨ ᠳᠤᠮᠳᠠ ᠤᠮᠠᠷᠠᠲᠤ ᠬᠢᠯᠢ ᠶᠢᠨ ᠰᠣᠶᠣᠯ ᠢ ᠤᠯᠠᠮᠵᠢᠯᠠᠵᠠᠢ᠃ ᠳᠠᠭᠤᠤ ᠬᠥᠭᠵᠢᠮ ᠤᠨ ᠦᠳᠡᠰᠢᠯᠡᠭᠡ ᠎ ᠨᠢ ︽ᠬᠥᠳᠡᠭᠡ ᠲᠠᠯ᠎ᠠ ᠳᠤ ᠮᠥᠩᠬᠡ ᠶᠢᠨ ᠨᠠᠷᠡᠠ ᠮᠠᠨᠳᠤᠯ᠎ᠠ︾ ᠭᠡᠬᠦ ᠳᠠᠭᠤᠤ ᠪᠠᠷ ᠥᠨᠳᠥᠷᠯᠡᠵᠦ᠂ ᠥᠪᠥᠷ ᠮᠣᠩᠭᠤᠯ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠳᠤᠮᠳᠠᠳᠤ ᠤᠯᠤᠰ ᠤᠨ ᠡᠪ ᠬᠠᠮᠲᠤ ᠨᠠᠮ ᠢᠶᠠᠨ ᠮᠠᠭᠲᠠᠨ ᠳᠠᠭᠤᠯᠠᠵᠤ᠂ ᠨᠤᠲᠤᠭ ᠤᠰᠤ ᠪᠠᠨ ᠬᠠᠶᠢᠷᠠᠯᠠᠵᠤ᠂ ᠰᠢᠨ᠎ᠡ ᠠᠮᠢᠳᠤᠷᠠᠯ ᠢᠶᠠᠨ ᠮᠠᠭᠲᠠᠨ ᠳᠠᠭᠤᠯᠠᠭᠰᠠᠨ ᠰᠡᠳᠬᠢᠯ ᠤᠨ ᠳᠠᠭᠤᠨ ᠢ ᠤᠶᠠᠩᠭᠠᠯᠠᠪᠠ᠃     ᠦᠵᠡᠭᠴᠢᠳ ᠤᠨ ᠬᠦᠰᠡᠯ ᠱᠠᠭᠠᠷᠳᠠᠯᠭ᠎ᠠ ᠪᠠᠷ ᠨᠠᠶᠢᠷᠠᠯ ᠳᠠᠭᠤᠤ ᠶᠢᠨ ᠪᠦᠯᠭᠦᠮ ᠪᠠᠰᠠ︽ᠦᠵᠡᠰᠬᠦᠯᠡᠩᠲᠦ ᠰᠠᠶᠢᠬᠠᠨ ᠮᠢᠨᠤ ᠨᠤᠲᠤᠭ︾ ᠪᠣᠯᠣᠨ ︽ᠳᠦᠷᠪᠡᠨ ᠳᠠᠯᠠᠢ︾ ᠭᠡᠬᠦ ᠬᠤᠶᠠᠷ ᠳᠠᠭᠤᠤ ᠶᠢ ᠳᠠᠭᠤᠯᠠᠵᠤ᠂ ᠠᠬᠤᠢ ᠲᠠᠯᠠᠪᠠᠢ ᠶᠢᠨ ᠦᠵᠡᠭᠴᠢᠳ ᠨᠢᠵᠢᠭᠢᠨᠡᠲᠡᠯ᠎ᠡ ᠠᠯᠠᠭ᠎ᠠ ᠲᠠᠰᠢᠵᠤ᠂ ᠰᠠᠯᠵᠤ ᠶᠠᠳᠠᠨ ᠪᠠᠶᠢᠯ᠎ᠠ᠃ ᠦᠵᠡᠭᠴᠢᠳ︽ᠨᠠᠶᠢᠷᠠᠯ ᠳᠠᠭᠤᠤ ᠶᠢᠨ ᠪᠦᠯᠭᠦᠮ ᠤᠨ ᠳᠠᠭᠤᠯᠠᠬᠤᠢ ᠶᠢᠨ ᠤᠷ᠎ᠠ ᠮᠡᠷᠭᠡᠵᠢᠯ ᠦᠨᠡᠬᠡᠷ ᠰᠠᠶᠢᠨ᠂ ᠮᠠᠨᠤᠰ ᠲᠤ ᠳᠠᠭᠤᠤ ᠬᠥᠭᠵᠢᠮ ᠤᠨ ᠷᠢᠳᠢ ᠰᠢᠳᠢ ᠶᠢ ᠮᠡᠳᠡᠷᠡᠭᠦᠯᠦᠭᠰᠡᠨ ᠢᠶᠠᠷ ᠪᠠᠷᠠᠬᠤ ᠦᠭᠡᠢ ᠥᠪᠥᠷ ᠮᠣᠩᠭᠤᠯ ᠤᠨ ᠳᠥᠷᠪᠡᠨ ᠤᠯᠠᠷᠢᠯ ᠤᠨ ᠭᠤᠸ᠎ᠠ ᠰᠠᠶᠢᠬᠠᠨ ᠢ ᠤᠷᠠᠯᠢᠭ ᠢᠶᠠᠷ ᠮᠡᠳᠡᠷᠡᠭᠦᠯᠦᠯ᠎ᠡ︾ ᠭᠡᠵᠦ ᠮᠠᠭᠲᠠᠨ᠎ᠠ᠃ ︽ᠪᠢᠳᠡ ᠦᠷᠭᠦᠯᠵᠢᠯᠡᠨ ᠳᠠᠭᠤᠤ ᠬᠥᠭᠵᠢᠮ ᠢᠶᠠᠷ ᠠᠴᠢᠶᠠᠯᠠᠪᠤᠷᠢ ᠪᠣᠯᠭᠠᠨ ᠪᠣᠬᠢᠷᠳᠤᠯ ᠦᠭᠡᠢ ᠠᠮᠢ ᠠᠬᠤᠢ ᠶᠢᠨ ᠣᠶᠢᠯᠠᠭᠠᠭᠳᠠᠬᠤᠨ ᠢ ᠨᠡᠩ ᠤᠯᠠᠨ ᠬᠥᠮᠥᠨ᠂ ᠨᠡᠩ ᠤᠯᠠᠨ ᠭᠠᠵᠠᠷ ᠲᠤ ᠳᠠᠮᠵᠢᠭᠤᠯᠵᠤ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ ᠴᠣᠭᠴᠠᠯᠠᠬᠤ ᠎ ᠳᠤ ᠨᠡᠩ ᠶᠡᠭᠡ ᠬᠤᠪᠢ ᠨᠡᠮᠡᠷᠢ ᠦᠵᠡᠭᠦᠯᠦᠨ᠎ᠡ︾ ᠭᠡᠵᠦ ᠨᠠᠶᠢᠷᠠᠯ ᠳᠠᠭᠤᠤ ᠶᠢᠨ ᠪᠦᠯᠭᠦᠮ ᠤᠨ ᠲᠣᠭᠯᠠᠭᠴᠢᠳ ᠶᠠᠷᠢᠵᠠᠭᠠᠵᠤ ᠪᠠᠶᠢᠯ᠎ᠠ᠃
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ