ᠮᠠᠨ ᠤ ᠣᠷᠣᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠡᠯ᠎ᠡ ᠬᠢᠴᠢᠶᠡᠯ ᠲᠥᠷᠥᠯ ᠤᠨ ᠤᠷᠢᠳᠴᠢᠯᠠᠨ ᠬᠢᠴᠢᠶᠡᠯ ᠪᠡᠯᠡᠳᠬᠡᠬᠦ ᠠᠵᠢᠯᠯᠠᠭ᠎ᠠ ᠶᠢ ᠡᠬᠢᠯᠡᠭᠦᠯᠪᠡ
ᠨᠡᠶᠢᠲᠡᠯᠡᠭᠰᠡᠨ ᠴᠠᠭ᠄
2024/3/25
     ᠲᠦᠷᠦᠭᠦᠬᠡᠨ᠂ ᠭᠦᠭᠡᠬᠤᠲᠠ᠂ ᠪᠤᠭᠤᠲᠤ ᠬᠤᠲᠠ᠂ ᠤᠯᠠᠭᠠᠨᠬᠠᠳᠠ ᠬᠤᠲᠠ ᠶᠢᠨ ᠨᠠᠷᠠᠲᠤ ᠪᠠᠭᠰᠢ ᠶᠢᠨ ᠠᠵᠢᠯ ᠤᠨ ᠦᠷᠦᠭᠡ ᠶᠢᠨ ᠪᠦᠷᠢᠯᠳᠦᠭᠦᠨ ᠵᠢᠴᠢ ᠤᠤᠯ ᠤᠨ ᠦᠨᠳᠦᠰᠦᠲᠡᠨ ᠤ ᠭᠡᠯᠡ ᠪᠠᠷ ᠬᠢᠴᠢᠶᠡᠯᠯᠡᠵᠦ ᠪᠠᠶᠢᠭᠰᠠᠨ ᠬᠡᠰᠡᠭ ᠰᠤᠷᠭᠠᠭᠤᠯᠢ ᠶᠢᠨ ᠪᠠᠭᠰᠢ ᠨᠠᠷ ᠤᠨ ᠬᠠᠮᠲᠤᠷᠠᠨ ᠬᠢᠭᠰᠡᠨ ᠬᠢᠴᠢᠶᠡᠯ ᠪᠡᠯᠡᠳᠬᠡᠬᠦ ᠦᠵᠡᠭᠦᠯᠭᠡ ᠶᠢᠨ ᠠᠵᠢᠯᠯᠠᠭ᠎ᠠ ᠶᠢ ᠥᠪᠡᠷᠲᠡᠭᠡᠨ ᠵᠠᠰᠠᠬᠤ ᠣᠷᠣᠨ ᠤ ︽ᠢᠵᠢᠯ ᠹᠢᠯᠢᠮ ᠢᠶᠠᠷ ᠬᠠᠷᠢᠯᠴᠠᠨ ᠬᠤᠷᠰᠢᠯᠴᠠᠬᠤ︾ ᠰᠦᠯᠵᠢᠶᠡᠨ ᠤ ᠵᠢᠭᠠᠨ ᠰᠤᠳᠤᠯᠬᠤ ᠲᠠᠪᠴᠠᠩ ᠳᠤ ᠶᠠᠪᠤᠭᠳᠠᠭᠤᠯᠵᠤ᠂ ᠪᠡᠭᠡᠵᠢᠩ ᠬᠤᠲᠠ᠂ ᠲᠢᠶᠠᠨᠵᠢᠨ ᠬᠤᠲᠠ ᠪᠠ ᠵᠢᠶᠠᠩᠰᠤ ᠮᠤᠵᠢ ᠶᠢᠨ ᠵᠢᠭᠠᠨ ᠰᠤᠳᠤᠯᠤᠭᠴᠢ ᠪᠠ ᠰᠢᠯᠢᠳᠡᠭ ᠪᠠᠭᠰᠢ ᠨᠠᠷ ᠬᠢᠴᠢᠶᠡᠯ ᠪᠡᠯᠡᠳᠬᠡᠬᠦ ᠠᠵᠢᠯᠯᠠᠭ᠎ᠠ ᠶᠢ ᠵᠢᠭᠠᠨ ᠵᠢᠯᠣᠭᠤᠳᠪᠠ᠃     ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠡᠯ᠎ᠡ ᠬᠢᠴᠢᠶᠡᠯ ᠲᠥᠷᠥᠯ ᠤᠨ ᠬᠢᠴᠢᠶᠡᠯ ᠤᠨ ᠰᠢᠨ᠎ᠡ ᠪᠠᠷᠢᠮᠵᠢᠶ᠎ᠠ ᠶᠢ ᠤᠯᠠᠮ ᠨᠠᠶᠢᠳᠠᠪᠤᠷᠢᠵᠢᠭᠤᠯᠵᠤ᠂ ᠮᠠᠨ ᠤ ᠣᠷᠣᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ᠰᠤᠷᠭᠠᠭᠤᠯᠢ ᠶᠢᠨ ᠵᠢᠭᠠᠨ ᠰᠤᠷᠭᠠᠯᠲᠠ ᠶᠢᠨ ᠶᠠᠰᠤ ᠴᠢᠨᠠᠷ ᠢ ᠲᠠᠰᠤᠷᠠᠯᠲᠠ ᠦᠭᠡᠢ ᠳᠡᠭᠡᠭᠰᠢᠯᠡᠭᠦᠯᠭᠦ ᠶᠢᠨ ᠲᠤᠰᠠᠳᠠ᠂ 2024 ᠣᠨ ᠤ ᠬᠠᠪᠤᠷ ᠤᠨ ᠤᠯᠠᠷᠢᠯ ᠤᠨ ᠰᠤᠷᠤᠯᠭ᠎ᠠ ᠶᠢᠨ ᠬᠤᠭᠤᠴᠠᠭ᠎ᠠ ᠠᠴᠠ ᠡᠬᠢᠯᠡᠨ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠠᠴᠠ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠡᠯ᠎ᠡ ᠬᠢᠴᠢᠶᠡᠯ ᠲᠥᠷᠥᠯ ᠢ ᠨᠢᠭᠡ ᠭᠠᠷᠠᠭ ᠤᠨ ᠡᠮᠦᠨ᠎ᠡ ᠰᠦᠯᠵᠢᠶᠡᠨ ᠳᠡᠭᠡᠷ᠎ᠡ ᠬᠠᠮᠲᠤ ᠪᠠᠷ ᠬᠢᠴᠢᠶᠡᠯ ᠪᠡᠯᠡᠳᠬᠡᠬᠦ ᠠᠵᠢᠯᠯᠠᠭ᠎ᠠ ᠶᠢ ᠡᠬᠢᠯᠡᠭᠦᠯᠪᠡ᠃ ᠠᠵᠢᠯᠯᠠᠭ᠎ᠠ ᠨᠢ ᠥᠪᠡᠷᠲᠡᠭᠡᠨ ᠵᠠᠰᠠᠬᠤ ᠣᠷᠣᠨ ︱ ᠠᠶᠢᠮᠠᠭ ᠬᠤᠲᠠ ︱ ᠬᠤᠰᠢᠭᠤ ᠰᠢᠶᠠᠨ ︱ ᠰᠤᠷᠭᠠᠭᠤᠯᠢ ᠳᠥᠷᠪᠡᠨ ᠱᠠᠲᠤᠨ ᠤ ᠵᠢᠭᠠᠬᠤ ᠶᠢ ᠰᠤᠳᠤᠯᠬᠤ ᠰᠢᠰᠲ᠋ᠧᠮ ᠳᠤ ᠲᠦᠰᠢᠭᠯᠡᠨ᠂ ᠡᠯ᠎ᠡ ᠱᠠᠲᠤᠨ ᠤ ᠬᠢᠴᠢᠶᠡᠯ ᠲᠥᠷᠥᠯ ᠤᠨ ᠨᠠᠷᠠᠲᠤ ᠪᠠᠭᠰᠢ ᠶᠢᠨ ᠠᠵᠢᠯᠯᠠᠬᠤ ᠦᠷᠦᠭᠡ ᠪᠠ ᠰᠤᠷᠭᠠᠭᠤᠯᠢ ᠪᠠᠷ ᠰᠠᠭᠤᠷᠢ ᠪᠤᠯᠭᠠᠵᠤ᠂ ᠥᠪᠡᠷᠲᠡᠭᠡᠨ ᠵᠠᠰᠠᠬᠤ ᠣᠷᠣᠨ ᠤ︽ᠢᠵᠢᠯ ᠹᠢᠯᠢᠮ ᠢᠶᠠᠷ ᠬᠠᠷᠢᠯᠴᠠᠨ ᠬᠤᠷᠰᠢᠯᠴᠠᠬᠤ︾ ᠰᠦᠯᠵᠢᠶᠡᠨ ᠤ ᠵᠢᠭᠠᠨ ᠰᠤᠳᠤᠯᠬᠤ ᠲᠠᠪᠴᠠᠩ ᠢ ᠠᠰᠢᠭᠯᠠᠨ᠂ ᠲᠤᠰᠬᠠᠢ ᠮᠡᠷᠭᠡᠵᠢᠯᠲᠡᠨ ᠤ ᠳᠠᠭᠠᠭᠤᠯᠭ᠎ᠠ ᠪᠠᠷ ᠬᠠᠮᠲᠤ ᠪᠠᠷ ᠬᠢᠴᠢᠶᠡᠯ ᠪᠡᠯᠡᠳᠬᠡᠬᠦ ᠠᠵᠢᠯᠯᠠᠭ᠎ᠠ ᠶᠢ ᠥᠷᠨᠢᠭᠦᠯᠵᠦ᠂ ᠪᠦᠭᠦ ᠣᠷᠣᠨ ᠤ ᠳᠤᠮᠳᠠᠳᠤ ᠪᠠᠭ᠎ᠠ ᠰᠤᠷᠭᠠᠭᠤᠯᠢ ᠳᠤ ᠦᠢᠯᠡᠴᠢᠯᠡᠨ᠎ᠡ᠃     ᠬᠠᠮᠲᠤ ᠪᠠᠷ ᠬᠢᠴᠢᠶᠡᠯ ᠪᠡᠯᠡᠳᠬᠡᠬᠦ ᠠᠵᠢᠯᠯᠠᠭ᠎ᠠ ᠨᠢ ᠡᠯ᠎ᠡ ᠠᠶᠢᠮᠠᠭ ᠬᠤᠲᠠ ᠠᠴᠠ ᠲᠠᠨᠢᠯᠴᠠᠭᠤᠯᠤᠭᠰᠠᠨ ᠵᠢᠭᠠᠨ ᠰᠤᠷᠭᠠᠯᠲᠠ ᠶᠢᠨ ᠲᠦᠪᠰᠢᠨ ᠢᠶᠠᠷ ᠨᠡᠯᠢᠶᠡᠳ ᠥᠨᠳᠥᠷ᠂ ᠮᠡᠳᠡᠭᠡ ᠵᠠᠩᠭᠢᠵᠢᠯᠲᠠ ᠶᠢᠨ ᠬᠡᠷᠡᠭᠯᠡᠭᠡ ᠪᠠᠷ ᠨᠡᠯᠢᠶᠡᠳ ᠰᠠᠶᠢᠨ ᠤᠤᠯ ᠤᠨ ᠦᠨᠳᠦᠰᠦᠲᠡᠨ ᠤ ᠭᠡᠯᠡ ᠪᠠᠷ ᠬᠢᠴᠢᠶᠡᠯᠯᠡᠵᠦ ᠪᠠᠶᠢᠭᠰᠠᠨ ᠳᠤᠮᠳᠠᠳᠤ ᠪᠠᠭ᠎ᠠ ᠰᠤᠷᠭᠠᠭᠤᠯᠢ ᠪᠠᠷ ᠰᠦᠯᠵᠢᠶᠡᠨ ᠳᠠᠬᠢ ᠬᠢᠴᠢᠶᠡᠯ ᠪᠡᠯᠡᠳᠬᠡᠬᠦ ᠰᠠᠭᠤᠷᠢᠨ ᠰᠤᠷᠭᠠᠭᠤᠯᠢ ᠪᠤᠯᠭᠠᠬᠤ ᠶᠢᠨ ᠬᠠᠮᠲᠤ ᠨᠢᠭᠡ ᠰᠢᠯᠢᠳᠡᠭ ᠳᠤᠮᠳᠠᠳᠤ ᠪᠠᠭ᠎ᠠ ᠰᠤᠷᠭᠠᠭᠤᠯᠢ ᠶᠢ ᠵᠢᠭᠠᠨ ᠲᠣᠭᠲᠠᠭᠠᠵᠤ ᠬᠠᠮᠲᠤᠷᠠᠨ ᠬᠢᠴᠢᠶᠡᠯ ᠪᠡᠯᠡᠳᠬᠡᠬᠦ ᠴᠣᠭᠴᠠ ᠶᠢ ᠪᠦᠷᠢᠯᠳᠦᠭᠦᠯᠵᠦ᠂ ᠬᠢᠴᠢᠶᠡᠯ ᠪᠡᠯᠡᠳᠬᠡᠬᠦ ᠶᠢ ᠬᠠᠮᠲᠤ ᠪᠠᠷ ᠪᠡᠶᠡᠯᠡᠭᠦᠯᠪᠡ᠃ ᠥᠪᠡᠷᠲᠡᠭᠡᠨ ᠵᠠᠰᠠᠬᠤ ᠣᠷᠣᠨ ᠠᠴᠠ ᠣᠷᠣᠨ ᠤ ᠳᠣᠲᠣᠨ᠎ᠠ ᠭᠠᠳᠠᠨᠠᠬᠢ ᠬᠢᠴᠢᠶᠡᠯ ᠲᠦᠷᠦᠯ ᠤᠨ ᠲᠤᠰᠬᠠᠢ ᠮᠡᠷᠭᠡᠵᠢᠯᠲᠡᠨ᠂ ᠰᠢᠯᠢᠳᠡᠭ ᠪᠠᠭᠰᠢ ᠶᠢᠨ ᠪᠦᠯᠭᠦᠮ ᠢ ᠵᠣᠬᠢᠶᠠᠨ ᠪᠠᠶᠢᠭᠤᠯᠵᠤ᠂ ᠬᠠᠮᠲᠤ ᠪᠠᠷ ᠬᠢᠴᠢᠶᠡᠯ ᠪᠡᠯᠡᠳᠬᠡᠬᠦ ᠠᠵᠢᠯᠯᠠᠭ᠎ᠠ ᠶᠢ ᠰᠦᠯᠵᠢᠶᠡᠨ ᠳᠡᠭᠡᠷ᠎ᠡ ᠵᠢᠭᠠᠨ ᠵᠢᠯᠣᠭᠤᠳᠪᠠ᠃     ︽ᠬᠠᠮᠲᠤ ᠪᠠᠷ ᠬᠢᠴᠢᠶᠡᠯ ᠪᠡᠯᠡᠳᠬᠡᠬᠦ ᠠᠵᠢᠯᠯᠠᠭ᠎ᠠ ᠨᠢ ᠵᠢᠭᠠᠨ ᠰᠤᠷᠭᠠᠯᠲᠠ ᠶᠢᠨ ᠵᠤᠷᠰᠢᠯ ᠪᠠ ᠵᠢᠭᠠᠨ ᠰᠤᠷᠭᠠᠯᠲᠠ ᠶᠢᠨ ᠠᠷᠭ᠎ᠠ ᠪᠣᠳᠣᠯᠭ᠎ᠠ ᠶᠢ ᠤᠯᠠᠮ ᠰᠢᠯᠢᠳᠡᠭᠵᠢᠭᠦᠯᠵᠦ᠂ ᠨᠢᠭᠡ ᠪᠦᠯᠦᠭ ᠰᠢᠮᠳᠠᠨ ᠰᠤᠳᠤᠯᠬᠤ ᠳᠤᠷᠠᠲᠠᠢ᠂ ᠵᠢᠱᠢᠶ᠎ᠡ ᠦᠵᠡᠭᠦᠯᠵᠦ ᠴᠢᠳᠠᠬᠤ᠂ ᠬᠥᠲᠥᠯᠥᠨ ᠳᠠᠭᠠᠭᠤᠯᠬᠤ ᠳᠠᠭᠠᠨ ᠴᠢᠳᠠᠮᠠᠭᠠᠢ ᠵᠢᠭᠠᠨ ᠰᠤᠷᠭᠠᠯᠲᠠ ᠶᠢᠨ ᠭᠤᠣᠯᠯᠠᠭᠴᠢ ᠬᠦᠴᠦᠨ ᠢ ᠬᠥᠮᠥᠵᠢᠭᠦᠯᠦᠨ᠎ᠡ︾ ᠭᠡᠵᠦ ᠥᠪᠡᠷᠲᠡᠭᠡᠨ ᠵᠠᠰᠠᠬᠤ ᠣᠷᠣᠨ ᠤ ᠵᠢᠭᠠᠬᠤ ᠶᠢ ᠰᠤᠳᠤᠯᠬᠤ ᠲᠠᠰᠤᠭ ᠤᠨ ᠳᠡᠳ᠋ ᠡᠷᠭᠢᠯᠡᠭᠴᠢ ᠵᠣᠣ ᠪᠢᠨ ᠲᠠᠨᠢᠯᠴᠠᠭᠤᠯᠤᠯ᠎ᠠ᠃ ᠡᠭᠦᠨ ᠤ ᠬᠠᠮᠲᠤ᠂ ᠬᠠᠮᠲᠤ ᠶᠢᠨ ᠬᠢᠴᠢᠶᠡᠯ ᠪᠡᠯᠡᠳᠬᠡᠬᠦ ᠠᠵᠢᠯᠯᠠᠭ᠎ᠠ ᠳᠤ ᠡᠯ᠎ᠡ ᠬᠢᠴᠢᠶᠡᠯ ᠲᠥᠷᠥᠯ ᠤᠨ ᠨᠢᠭᠡᠴᠢ ᠶᠢᠨ ᠵᠢᠭᠠᠬᠤ ᠮᠠᠲ᠋ᠧᠷᠢᠶᠠᠯ ᠤᠨ ᠵᠠᠳᠠᠯᠤᠯᠲᠠ᠂ ᠨᠢᠭᠡᠴᠢ ᠶᠢᠨ ᠵᠢᠭᠠᠨ ᠰᠤᠷᠭᠠᠯᠲᠠ ᠶᠢᠨ ᠵᠢᠷᠤᠭ ᠲᠥᠯᠥᠪᠯᠡᠭᠡ ᠶᠢᠨ ᠬᠡᠷᠡᠭ ᠤᠨ ᠵᠢᠱᠢᠶ᠎ᠡ᠂ ᠨᠢᠭᠡᠴᠢ ᠶᠢᠨ ᠵᠢᠭᠠᠨ ᠰᠤᠷᠭᠠᠯᠲᠠ ᠶᠢᠨ ᠬᠢᠴᠢᠶᠡᠯ ᠤᠨ ᠵᠢᠱᠢᠶ᠎ᠡ ᠵᠡᠷᠭᠡ ᠵᠢᠱᠢᠶ᠎ᠡ ᠦᠵᠡᠭᠦᠯᠭᠦ ᠴᠢᠨᠠᠷᠲᠠᠢ ᠬᠢᠴᠢᠶᠡᠯ ᠪᠡᠯᠡᠳᠬᠡᠬᠦ ᠵᠢᠭᠠᠨ ᠰᠤᠷᠭᠠᠯᠲᠠ ᠶᠢᠨ ᠡᠬᠢ ᠪᠠᠶᠠᠯᠢᠭ ᠢ ᠡᠭᠦᠳᠴᠦ᠂ ᠲᠤᠰᠬᠠᠢ ᠮᠡᠷᠭᠡᠵᠢᠯᠲᠡᠨ ᠢᠶᠠᠷ ᠬᠢᠨᠠᠨ ᠲᠣᠭᠲᠠᠭᠠᠯᠭᠠᠵᠤ ᠲᠡᠭᠦᠯᠳᠡᠷᠵᠢᠭᠦᠯᠦᠭᠰᠡᠨ ᠤ ᠳᠠᠷᠠᠭ᠎ᠠ ᠥᠪᠡᠷᠲᠡᠭᠡᠨ ᠵᠠᠰᠠᠬᠤ ᠣᠷᠣᠨ ᠤ ᠣᠶᠤᠨᠴᠢ ᠰᠤᠷᠭᠠᠨ ᠬᠥᠮᠦᠵᠢᠯ ᠤᠨ ᠲᠠᠪᠴᠠᠩ ᠳᠤ ᠳᠠᠮᠵᠢᠭᠤᠯᠵᠤ᠂ ᠪᠦᠭᠦ ᠣᠷᠣᠨ ᠤ ᠪᠠᠭᠰᠢ ᠨᠠᠷ ᠲᠤ ᠯᠠᠪᠯᠠᠯᠲᠠ ᠪᠣᠯᠭᠠᠨ ᠬᠡᠷᠡᠭᠯᠡᠭᠦᠯᠦᠨ᠎ᠡ᠃     ᠣᠶᠢᠯᠠᠭᠠᠭᠰᠠᠨ ᠢᠶᠠᠷ᠂ ᠲᠣᠰ ᠰᠤᠷᠤᠯᠭ᠎ᠠ ᠶᠢᠨ ᠬᠤᠭᠤᠴᠠᠭᠠᠨ ᠳᠤ ᠪᠦᠭᠦ ᠣᠷᠣᠨ ᠳᠤ ᠨᠡᠶᠢᠲᠡ 108 ᠤᠳᠠᠭ᠎ᠠ ᠬᠠᠮᠲᠤ ᠪᠠᠷ ᠬᠢᠴᠢᠶᠡᠯ ᠪᠡᠯᠡᠳᠬᠡᠬᠦ ᠠᠵᠢᠯᠯᠠᠭ᠎ᠠ ᠥᠷᠨᠢᠭᠦᠯᠦᠨ᠎ᠡ᠂ ᠲᠠᠷᠠᠭᠠᠴᠢ ᠪᠠᠷ ᠥᠪᠡᠷᠲᠡᠭᠡᠨ ᠵᠠᠰᠠᠬᠤ ᠣᠷᠣᠨ ᠪᠠᠰᠠ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠦᠯᠵᠢᠶᠡᠨ ᠳᠡᠭᠡᠷ᠎ᠡ ᠬᠠᠮᠲᠤ ᠪᠠᠷ ᠬᠢᠴᠢᠶᠡᠯ ᠪᠡᠯᠡᠳᠬᠡᠬᠦ ᠠᠵᠢᠯᠯᠠᠭ᠎ᠠ ᠶᠢ ᠡᠬᠢᠯᠡᠭᠦᠯᠵᠦ᠂ ᠪᠦᠭᠦ ᠣᠷᠣᠨ ᠤ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠢᠨ᠎ᠡ ᠬᠢᠴᠢᠶᠡᠯ ᠢ ᠬᠡᠷᠡᠭᠵᠢᠭᠦᠯᠬᠦ ᠶᠠᠰᠤ ᠴᠢᠨᠠᠷ ᠢ ᠲᠠᠰᠤᠷᠠᠯᠲᠠ ᠦᠭᠡᠢ ᠳᠡᠭᠡᠭᠰᠢᠯᠡᠭᠦᠯᠭᠦ ᠪᠣᠯᠣᠨ᠎ᠠ᠃
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ