ᠨᠠᠰᠤᠨ ᠳᠤ ᠥᠯᠥ ᠭᠦᠷᠦᠭᠰᠡᠳ ᠤᠨ ᠬᠦᠨᠳᠦ ᠨᠤᠴᠢᠲᠠᠢ ᠶᠠᠯᠠᠲᠤ ᠠᠵᠢᠯᠯᠠᠭ᠎ᠠ ᠠᠴᠠ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ
ᠨᠡᠶᠢᠲᠡᠯᠡᠭᠰᠡᠨ ᠴᠠᠭ᠄
2024/3/26
      ᠠᠷᠠᠳ ᠤᠨ ᠳᠡᠭᠡᠳᠦ ᠪᠠᠶᠢᠴᠠᠭᠠᠬᠤ ᠬᠤᠷᠢᠶᠠᠨ ᠤ ᠪᠠᠶᠢᠴᠠᠭᠠᠬᠤ ᠳᠠᠷᠤᠭ᠎ᠠ ᠶᠢᠩ ᠶᠦᠩ ᠲᠦᠷᠦᠭᠦᠬᠡᠨ ᠦᠨᠳᠦᠰᠦᠨ ᠱᠠᠲᠤᠨ ᠳᠤ ᠪᠠᠶᠢᠴᠠᠭᠠᠨ ᠰᠤᠳᠤᠯᠤᠯᠲᠠ ᠬᠢᠬᠦ ᠳᠡᠭᠡᠨ᠂ ᠨᠠᠰᠤᠨ ᠳᠤ ᠥᠯᠥ ᠬᠦᠷᠦᠭᠰᠡᠳ ᠤᠨ ᠶᠠᠯ᠎ᠠ ᠬᠢᠬᠦ ᠶᠢ ᠤᠷᠢᠳᠴᠢᠯᠠᠨ ᠰᠡᠷᠭᠡᠶᠢᠯᠡᠬᠦ ᠪᠠ ᠵᠠᠰᠠᠬᠤ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠨᠠᠰᠤᠨ ᠎ ᠳᠤ ᠥᠯᠥ ᠬᠦᠷᠦᠭᠰᠡᠳ ᠤᠨ ᠬᠢᠭᠰᠡᠨ ᠵᠤᠷᠢᠭᠤᠳᠠ ᠬᠦᠮᠦᠨ ᠠᠯᠠᠭᠰᠠᠨ᠂ ᠵᠤᠷᠢᠭᠤᠳᠠ ᠬᠡᠮᠳᠦᠭᠡᠭᠰᠡᠨ᠂ ᠬᠦᠮᠦᠨ ᠢ ᠦᠭᠦᠭᠦᠯᠦᠭᠰᠡᠨ ᠵᠡᠷᠭᠡ ᠬᠦᠨᠳᠦ ᠨᠤᠴᠢᠲᠠᠢ ᠶᠠᠯᠠᠲᠤ ᠠᠵᠢᠯᠯᠠᠭ᠎ᠠ ᠨᠢ ᠬᠢᠨᠠᠨ ᠵᠥᠪᠰᠢᠶᠡᠷᠡᠭᠰᠡᠨ ᠨᠡᠬᠡᠮᠵᠢᠯᠡᠨ ᠵᠠᠭᠠᠯᠳᠤᠬᠤ ᠨᠥᠭᠦᠴᠡᠯ ᠳᠤ ᠨᠡᠶᠢᠴᠡᠭᠰᠡᠨ ᠪᠠᠶᠢᠪᠠᠯ ᠬᠠᠤᠯᠢ ᠶᠤᠰᠤᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ᠃ ᠲᠤᠰᠬᠠᠢ ᠰᠤᠷᠭᠠᠭᠤᠯᠢ ᠶᠢᠨ ᠪᠠᠶᠢᠭᠤᠯᠤᠯᠲᠠ ᠶᠢ ᠢᠳᠡᠪᠬᠢᠲᠡᠢ ᠪᠠᠷ ᠵᠤᠬᠢᠴᠠᠭᠤᠯᠤᠨ ᠠᠬᠢᠭᠤᠯᠵᠤ᠂ ᠶᠠᠯ᠎ᠠ ᠪᠤᠷᠤᠭᠤ ᠲᠠᠢ ᠨᠠᠰᠤᠨ ᠳᠤ ᠥᠯᠥ ᠬᠦᠷᠦᠭᠰᠡᠳ ᠲᠤ ᠱᠠᠳᠤ ᠬᠤᠪᠢᠶᠠᠨ ᠭᠠᠷ ᠳᠦᠷᠦᠬᠦ ᠲᠤᠭᠲᠠᠴᠠ ᠶᠢ ᠲᠡᠭᠦᠯᠳᠡᠷᠵᠢᠭᠦᠯᠦᠨ᠂ ᠰᠤᠷᠭᠠᠨ ᠬᠦᠮᠦᠵᠢᠭᠦᠯᠵᠤ ᠵᠠᠯᠠᠷᠠᠭᠤᠯᠬᠤ ᠡᠷᠴᠢᠮ ᠢᠶᠠᠨ ᠴᠢᠩᠭᠠᠷᠠᠭᠤᠯᠵᠤ᠂ ᠡᠯ᠎ᠡ ᠲᠠᠯ᠎ᠠ ᠶᠢᠨ ᠬᠢᠨ ᠲᠠᠢ ᠭᠠᠷ ᠬᠤᠯᠪᠤᠨ ᠨᠠᠰᠤᠨ ᠳᠤ ᠥᠯᠥ ᠬᠦᠷᠦᠭᠰᠡᠳ ᠤᠨ ᠶᠠᠯᠠᠲᠤ ᠠᠵᠢᠯᠯᠠᠭ᠎ᠠ ᠤᠯᠠᠨ ᠡᠭᠦᠰᠬᠦ ᠬᠠᠨᠳᠤᠰᠢ ᠶᠢ ᠡᠷᠡᠰ ᠬᠤᠷᠢᠭᠯᠠᠨ᠎ᠠ ᠭᠡᠵᠤ ᠢᠯᠡᠳᠬᠡᠪᠡ᠃  
ᠢᠷᠡᠯᠲᠡ᠄ ᠥᠪᠥᠷ ᠮᠤᠩᠭᠤᠯ ᠤᠨ ᠡᠳᠦᠷ ᠤᠨ ᠰᠤᠨᠢᠨ ᠤ ᠸᠢᠴᠠᠲ ᠳᠠᠪᠴᠠᠩ