ᠣᠷᠳᠣᠰ ᠬᠤᠲᠠ ᠶᠢᠨ 5338 ᠲᠦᠮᠡᠨ ᠮᠤ᠋ ᠪᠡᠯᠴᠢᠭᠡᠷ ᠪᠡᠯᠴᠢᠭᠡᠷᠯᠡᠬᠦᠯᠬᠦ ᠶᠢ ᠵᠤᠭᠰᠤᠭᠠᠬᠤ ᠬᠤᠭᠤᠴᠠᠭᠠᠨ ᠳᠤ ᠤᠷᠤᠵᠠᠢ
ᠨᠡᠶᠢᠲᠡᠯᠡᠭᠰᠡᠨ ᠴᠠᠭ᠄
2024/3/26
      ᠭᠤᠷᠪᠠᠳᠤᠭᠠᠷ ᠰᠠᠷ᠎ᠠ ᠶᠢᠨ ᠰᠡᠭᠦᠯᠴᠢ ᠪᠤᠯᠬᠤ ᠳᠤ᠂ ᠣᠷᠳᠣᠰ ᠬᠤᠲᠠ ᠶᠢᠨ 5338.2 ᠲᠦᠮᠡᠨ ᠮᠤ᠋ ᠨᠤᠲᠤᠭ ᠪᠡᠯᠴᠢᠭᠡᠷ ᠪᠡᠯᠴᠢᠭᠡᠷᠯᠡᠭᠦᠯᠬᠦ ᠶᠢ ᠵᠤᠭᠰᠤᠭᠠᠬᠤ ᠬᠤᠭᠤᠴᠠᠭᠠᠨ ᠳᠤ ᠤᠷᠤᠵᠠᠢ᠃
微信图片_20240326104208.png     
      ᠤᠷᠳᠤᠰ ᠬᠤᠲᠠ ᠶᠢᠨ ᠭᠤᠷᠪᠠᠳᠤᠭᠠᠷ ᠡᠭᠡᠯᠵᠢ ᠶᠢᠨ ᠨᠤᠲᠤᠭ ᠪᠡᠯᠴᠢᠭᠡᠷ ᠢ ᠨᠥᠬᠦᠪᠦᠷᠢᠯᠡᠨ ᠱᠠᠩᠨᠠᠬᠤ ᠲᠠᠯᠠᠪᠠᠢ 9272.2 ᠲᠦᠮᠡᠨ ᠮᠤ᠋ ᠳᠤ ᠬᠦᠷᠴᠦ᠂ ᠡᠭᠦᠨ ᠳᠤ ᠪᠦᠬᠦ ᠵᠢᠯ ᠤᠨ ᠪᠡᠯᠴᠢᠭᠡᠷᠯᠡᠭᠦᠯᠬᠦ ᠶᠢ ᠵᠤᠭᠰᠤᠭᠠᠬᠤ ᠲᠠᠯᠠᠪᠠᠢ 3934 ᠲᠦᠮᠡᠨ ᠮᠤ᠋᠂ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠲᠠᠯᠠᠪᠠᠢ 5338.2 ᠲᠦᠮᠡᠨ ᠮᠤ᠋ ᠪᠤᠢ᠃      ᠪᠡᠯᠴᠢᠭᠡᠷᠯᠡᠭᠦᠯᠬᠦ ᠶᠢ ᠵᠤᠭᠰᠤᠭᠠᠬᠤ ᠬᠤᠭᠤᠴᠠᠭᠠᠨ ᠳᠠᠬᠢ ᠮᠠᠯᠴᠢᠨ ᠲᠠᠷᠢᠶᠠᠴᠢᠨ ᠤ ᠦᠢᠯᠡᠳᠪᠦᠷᠢᠯᠡᠯ ᠠᠮᠢᠳᠤᠷᠠᠯ ᠤᠨ ᠬᠡᠷᠡᠭᠴᠡᠭᠡ ᠶᠢ ᠪᠠᠲᠤᠯᠠᠬᠤ ᠶᠢᠨ ᠲᠥᠯᠥᠭᠡ ᠪᠡᠯᠴᠢᠭᠡᠷᠯᠡᠭᠦᠯᠬᠦ ᠶᠢ ᠬᠤᠷᠢᠭᠯᠠᠬᠤ ᠤᠷᠤᠨ ᠳᠤ ᠵᠢᠯ ᠪᠦᠷᠢ ᠮᠤ᠋ ᠪᠦᠷᠢ ᠳᠤ 7.45 ᠲᠦᠭᠦᠷᠢᠭ ᠤᠨ ᠪᠠᠷᠢᠮᠵᠢᠶ᠎ᠠ ᠪᠠᠷ ᠨᠥᠬᠦᠪᠦᠷᠢ ᠤᠯᠭᠤᠨ᠎ᠠ︔ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠤᠷᠤᠨ ᠳᠤ ᠵᠢᠯ ᠪᠦᠷᠢ ᠮᠤ᠋ ᠪᠦᠷᠢ ᠳᠤ 2.45 ᠲᠦᠭᠦᠷᠢᠭ ᠤᠨ ᠪᠠᠷᠢᠮᠢᠵᠢᠶ᠎ᠠ ᠪᠠᠷ ᠨᠥᠭᠦᠪᠦᠷᠢ ᠤᠯᠭᠤᠨ᠎ᠠ᠃ 
ᠢᠷᠡᠯᠲᠡ᠄ ᠤᠷᠳᠤᠰ ᠬᠤᠲᠠ ᠶᠢᠨ ᠬᠠᠮ ᠵᠠᠭᠤᠴᠢᠯᠠᠭᠤᠷ ᠤᠨ ᠲᠥᠪ