ᠬᠢᠶ᠎ᠠ ᠪᠠᠭᠰᠢ ᠲᠤᠭᠤᠷᠢᠭ ᠵᠢᠯᠥᠭᠤᠴᠢ ᠦᠭᠡᠢ ᠪᠠᠷᠠᠭ᠎ᠠ ᠬᠤᠳᠠᠯᠳᠤᠬᠤ ᠮᠠᠰᠢᠨ ᠲᠡᠷᠭᠡ ᠲᠠᠢ ᠪᠤᠯᠤᠯ᠎ᠠ
ᠨᠡᠶᠢᠲᠡᠯᠡᠭᠰᠡᠨ ᠴᠠᠭ᠄
2024/3/27
      ᠣᠶᠢᠷ᠎ᠠ ᠳᠤ᠂ ᠵᠢᠯᠤᠭᠤᠴᠢ ᠦᠭᠡᠢ ᠤᠶᠤᠨᠴᠢ ᠮᠠᠰᠢᠨ ᠲᠡᠷᠭᠡ ᠬᠢᠶ᠎ᠠ ᠪᠠᠭᠰᠢ ᠲᠤᠭᠤᠷᠢᠭ ᠲᠤ ᠢᠯᠡᠷᠡᠵᠤ᠂ ᠭᠠᠷ ᠳᠠᠯᠠᠯᠬᠤ ᠪᠤᠶᠤ ᠣᠶᠢᠷᠠᠲᠤᠮᠠᠭᠴᠠ ᠵᠤᠭᠰᠤᠵᠤ᠂ ᠤᠴᠠᠷᠠᠭᠰᠠᠨ ᠪᠦᠬᠦᠨ ᠤ ᠠᠩᠬᠠᠷᠤᠯ ᠳᠤ ᠬᠦᠷᠴᠦ ᠪᠠᠶᠢᠨ᠎ᠠ᠃ ᠡᠨᠡ ᠨᠢ ᠳᠠᠷᠤᠢ ᠵᠢᠯᠤᠭᠤᠴᠢ ᠦᠭᠡᠢ ᠪᠠᠷᠠᠭ᠎ᠠ ᠬᠤᠳᠠᠯᠳᠤᠬᠤ ᠮᠠᠰᠢᠨ ᠲᠡᠷᠭᠡ ᠪᠤᠯᠤᠨ᠎ᠠ᠃ ᠪᠠᠷᠠᠭ᠎ᠠ ᠬᠤᠳᠠᠯᠳᠤᠬᠤ ᠮᠠᠰᠢᠨ ᠨᠢ ᠵᠢᠯᠥᠭᠤᠴᠢ ᠦᠭᠡᠢ ᠨᠡᠶᠢᠲᠡ ᠶᠢᠨ ᠮᠠᠰᠢᠨ ᠲᠡᠷᠭᠡ᠂ ᠲᠦᠷᠢᠶᠡᠰᠦᠨ ᠮᠠᠰᠢᠨ ᠲᠡᠷᠭᠡ ᠪᠤᠯᠤᠨ ᠴᠡᠪᠡᠷᠯᠡᠭᠡ ᠬᠢᠬᠦ ᠠᠦ᠋ᠲ᠋ᠤ᠋ ᠮᠠᠰᠢᠨ ᠲᠡᠷᠭᠡ ᠵᠡᠷᠭᠡ ᠤᠶᠤᠨᠴᠢ ᠮᠠᠰᠢᠨ ᠲᠡᠷᠭᠡᠨ ᠤ ᠳᠠᠷᠠᠭ᠎ᠠ ᠤᠷᠳᠤᠰ ᠬᠤᠲᠠ ᠶᠢᠨ ᠤᠶᠤᠨᠴᠢ ᠰᠦᠯᠵᠢᠶ᠎ᠡ ᠬᠤᠯᠪᠤᠭᠠᠨ ᠤ ᠲᠥᠪ ᠠᠴᠠ ᠵᠤᠬᠢᠶᠠᠨ ᠪᠦᠲᠦᠭᠡᠭᠰᠡᠨ ᠰᠢᠨ᠎ᠡ ᠬᠡᠯᠪᠡᠷᠢ ᠶᠢᠨ ᠤᠶᠤᠨᠴᠢᠯᠠᠭᠰᠠᠨ ᠪᠦᠲᠦᠭᠡᠭᠳᠡᠬᠦᠨ ᠪᠤᠯᠬᠤ ᠶᠤᠮ᠃      ᠤᠶᠢᠷ᠎ᠠ ᠶᠢᠨ ᠵᠢᠯ ᠳᠤ᠂ ᠬᠢᠶ᠎ᠠ ᠪᠠᠭᠰᠠᠢ ᠲᠤᠭᠤᠷᠢᠭ ᠠᠦ᠋ᠲ᠋ᠤᠴᠢᠯᠠᠭᠰᠠᠨ ᠮᠡᠷᠭᠡᠵᠢᠯ ᠤᠨ ᠰᠢᠨᠡᠴᠢᠯᠡᠯᠲᠡ ᠶᠢ ᠠᠷᠠᠳ ᠤᠨ ᠠᠮᠢᠳᠤᠷᠠᠯ ᠲᠠᠢ ᠤᠶᠠᠯᠳᠤᠭᠤᠯᠬᠤ ᠎ ᠪᠠᠨ ᠳᠠᠰᠤᠷᠠᠯᠲᠠ ᠦᠭᠡᠢ ᠴᠢᠩᠭᠠᠳᠬᠠᠵᠤ᠂ ᠰᠢᠨ᠎ᠡ ᠡᠨᠧᠷᠬᠢ ᠶᠢᠨ ᠮᠠᠰᠢᠨ ᠲᠡᠷᠭᠡ᠂ ᠰᠢᠨ᠎ᠡ ᠡᠨᠧᠷᠬᠢ ᠶᠢᠨ ᠠᠵᠤ ᠦᠢᠯᠡᠰ᠂ ᠤᠶᠤᠨᠴᠢ ᠵᠠᠮ ᠬᠠᠷᠢᠯᠴᠠᠭᠠᠨ ᠤ ᠪᠦᠲᠦᠭᠡᠨ ᠪᠠᠶᠢᠭᠤᠯᠤᠯᠲᠠ ᠪᠤᠯᠤᠨ ᠬᠤᠷᠠᠮᠠᠯ ᠡᠯᠧᠺᠲᠷᠤᠨ ᠮᠡᠷᠭᠡᠵᠢᠯ ᠢ ᠨᠢᠭᠡ ᠴᠤᠭᠴᠠᠵᠢᠭᠤᠯᠤᠨ ᠲᠤᠷᠰᠢᠨ ᠠᠰᠢᠭᠯᠠᠵᠤ ᠪᠠᠶᠢᠨ᠎ᠠ᠃ 
 
ᠢᠷᠡᠯᠲᠡ᠄ ᠤᠷᠳᠤᠰ ᠬᠤᠲᠠ ᠶᠢᠨ ᠬᠠᠮ ᠵᠠᠭᠤᠴᠢᠯᠠᠭᠤᠷ ᠤᠨ ᠲᠥᠪ