ᠣᠲᠤᠭ ᠤᠨ ᠡᠮᠦᠨᠡᠲᠦ ᠬᠤᠰᠢᠭᠤ ᠡᠯᠡᠰᠦᠷᠬᠡᠭᠵᠢᠯ ᠢ ᠰᠡᠷᠭᠡᠶᠢᠯᠡᠨ ᠵᠠᠰᠠᠬᠤ ᠠᠵᠢᠯᠯᠠᠭ᠎ᠠ ᠪᠠᠨ ᠡᠬᠢᠯᠡᠭᠦᠯᠪᠡ
ᠨᠡᠶᠢᠲᠡᠯᠡᠭᠰᠡᠨ ᠴᠠᠭ᠄
2024/3/27
    ᠣᠶᠢᠷ᠎ᠠ ᠶᠢᠨ ᠡᠳᠦᠷ᠂ ᠣᠲᠤᠭ ᠤᠨ ᠡᠮᠦᠨᠡᠲᠦ ᠬᠤᠰᠢᠭᠤ ᠪᠦᠬᠦ ᠠᠷᠠᠳ ᠢᠶᠠᠷ ᠢᠶᠠᠨ ᠬᠥᠲᠡᠯᠦᠯᠴᠡᠨ᠂ ︽2024 ᠣᠨ ᠤ ᠮᠣᠣᠠᠣᠰᠣ ᠶᠢᠨ ᠡᠯᠡᠰᠦᠷᠬᠡᠭ ᠭᠠᠵᠠᠷ ᠢ ᠲᠥᠪᠯᠡᠷᠡᠭᠦᠯᠦᠨ ᠵᠠᠰᠠᠬᠤ ᠪᠤᠭᠤᠮᠲᠠ ᠰᠢᠪᠲᠤᠯᠠᠬᠤ ᠠᠵᠢᠯᠯᠠᠭ᠎ᠠ︾᠎ ᠪᠠᠨ ᠪᠦᠬᠦ ᠲᠠᠯ᠎ᠠ ᠪᠠᠷ ᠡᠬᠢᠯᠡᠭᠦᠯᠦᠯ᠎ᠡ᠃    ᠲᠤᠰ ᠤᠳᠠᠭᠠᠨ ᠤ ᠠᠵᠢᠯᠯᠠᠭ᠎ᠠ ᠶᠢ 3 ᠰᠠᠷ᠎ᠠ ᠶᠢᠨ 25 ~29᠎ ᠤ ᠡᠳᠦᠷ ᠪᠤᠯᠲᠠᠯ᠎ᠠ ᠶᠠᠪᠤᠭᠳᠠᠭᠤᠯᠬᠤ ᠪᠠᠷ ᠪᠠᠶᠢᠵᠤ᠂ ᠬᠤᠰᠢᠭᠤᠨ ᠤ ᠨᠠᠮ ᠵᠠᠰᠠᠭ ᠤᠨ ᠪᠠᠶᠢᠭᠤᠯᠭ᠎ᠠ᠂ ᠠᠵᠤ ᠠᠬᠤᠶᠢᠯᠠᠯ᠂ ᠮᠠᠯᠴᠢᠨ ᠲᠠᠷᠢᠶᠠᠴᠢᠨ ᠵᠡᠷᠭᠡ ᠡᠯ᠎ᠡ ᠲᠠᠯ᠎ᠠ ᠶᠢᠨ ᠬᠦᠴᠦᠨ ᠢ ᠵᠤᠬᠢᠶᠠᠨ ᠪᠠᠶᠢᠭᠤᠯᠤᠨ ᠨᠡᠶᠢᠲᠡ 5000 ᠭᠠᠷᠤᠢ ᠬᠦᠮᠦᠨ ᠢ ᠤᠷᠤᠯᠴᠠᠭᠤᠯᠤᠨ᠂ 11 ᠲᠦᠮᠡᠨ ᠮᠤ᠋ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠡᠭᠦᠷᠭᠡ ᠶᠢ ᠪᠡᠶᠡᠯᠡᠭᠦᠯᠬᠦ ᠪᠠᠷ ᠪᠠᠶᠢᠨ᠎ᠠ᠃
  
ᠢᠷᠡᠯᠲᠡ᠄ ᠣᠷᠳᠣᠰ ᠬᠤᠲᠠ ᠶᠢᠨ ᠬᠠᠮ ᠵᠠᠭᠤᠴᠢᠯᠠᠭᠤᠷ ᠤᠨ ᠲᠥᠪ