ᠤᠲᠤᠭ ᠬᠤᠰᠢᠭᠤ ᠡᠪᠡᠳᠴᠢᠨ ᠢᠶᠠᠷ ᠦᠭᠦᠭᠰᠡᠨ ᠮᠠᠯ ᠵᠢᠭᠦᠷᠲᠡᠨ ᠢ ᠬᠤᠣᠷ ᠬᠥᠨᠥᠭᠡᠯ ᠦᠭᠡᠢ ᠪᠠᠷ ᠰᠢᠢᠳᠪᠦᠷᠢᠯᠡᠵᠤ ᠪᠠᠶᠢᠨ᠎ᠠ
ᠨᠡᠶᠢᠲᠡᠯᠡᠭᠰᠡᠨ ᠴᠠᠭ᠄
2024/3/27
      ᠤᠲᠤᠭ ᠬᠤᠰᠢᠭᠤ᠂ ᠡᠪᠡᠳᠴᠢᠨ ᠢᠶᠠᠷ ᠦᠬᠦᠭᠰᠡᠨ ᠮᠠᠯ ᠵᠢᠭᠦᠷᠲᠡᠨ ᠢ ᠲᠥᠪᠯᠡᠷᠡᠭᠦᠯᠦᠨ ᠬᠤᠣᠷ ᠬᠥᠨᠥᠭᠡᠯ ᠦᠭᠡᠢ ᠪᠠᠷ ᠰᠢᠢᠳᠪᠦᠷᠢᠯᠡᠵᠤ᠂ ᠬᠥᠳᠡᠭᠡ ᠲᠤᠰᠬᠤᠨ ᠮᠠᠯᠵᠢᠬᠤ ᠤᠷᠤᠨ ᠤ ᠮᠠᠯ ᠵᠢᠭᠦᠷᠲᠡᠨ ᠤ ᠬᠢᠵᠢᠭ ᠡᠪᠡᠳᠴᠢᠨ ᠢ ᠤᠷᠢᠳᠴᠢᠯᠠᠨ ᠰᠡᠷᠭᠡᠶᠢᠯᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠦᠭᠰᠡᠨ ᠤ ᠬᠠᠮᠲᠤ ᠤᠷᠴᠢᠨ ᠲᠤᠭᠤᠷᠢᠨ ᠤ ᠪᠤᠬᠢᠷᠳᠤᠯ ᠢ ᠪᠠᠭᠠᠰᠬᠠᠵᠤ᠂ ᠬᠠᠶᠠᠭᠳᠠᠮᠠᠯ ᠪᠤᠳᠠᠰ ᠢ ᠳᠠᠬᠢᠨ ᠠᠰᠢᠭᠯᠠᠵᠤ ᠪᠠᠶᠢᠨ᠎ᠠ᠃      2023 ᠣᠨ ᠤ 7 ᠰᠠᠷ᠎ᠠ ᠳᠤ ᠠᠰᠢᠭᠯᠠᠯᠲᠠ ᠳᠤ ᠤᠷᠤᠭᠰᠠᠨ ᠤᠲᠤᠭ ᠬᠤᠰᠢᠭᠤᠨ ᠤ ᠡᠪᠡᠳᠴᠢᠨ ᠢᠶᠠᠷ ᠦᠬᠦᠭᠰᠡᠨ ᠮᠠᠯ ᠵᠢᠭᠦᠷᠲᠡᠨ ᠢ ᠬᠤᠤᠷ ᠬᠥᠨᠥᠭᠡᠯ ᠦᠭᠡᠢ ᠰᠢᠢᠳᠪᠦᠷᠢᠯᠡᠬᠦ ᠦᠢᠯᠡᠳᠪᠦᠷᠢ ᠶᠢᠨ ᠬᠢᠨ ᠣᠶᠢᠷ᠎ᠠ ᠶᠢᠨ ᠬᠤᠭᠤᠴᠠᠭᠠᠨ ᠳᠤ ᠡᠳᠦᠷ ᠪᠦᠷᠢ ᠳᠡᠭᠰᠢᠳᠬᠡᠭᠡᠳ ᠠᠷᠪᠠ ᠭᠠᠷᠤᠢ ᠲᠣᠨ ᠡᠪᠡᠳᠴᠢᠨ ᠢᠶᠠᠷ ᠦᠬᠦᠭᠰᠡᠨ ᠮᠠᠯ ᠵᠢᠭᠦᠷᠲᠡᠨ ᠢ ᠬᠤᠣᠷ ᠬᠥᠨᠥᠭᠡᠯ ᠦᠭᠡᠢ ᠪᠠᠷ ᠰᠢᠢᠳᠪᠦᠷᠢᠯᠡᠵᠤ ᠪᠠᠶᠢᠨ᠎ᠠ᠃      ᠡᠭᠦᠨ ᠠᠴᠠ ᠭᠠᠳᠠᠨ᠎ᠠ ᠤᠲᠤᠭ ᠬᠤᠰᠢᠭᠤᠨ ᠤ ᠬᠢᠨ ᠭᠠᠴᠠᠭ᠎ᠠ ᠲᠤᠰᠬᠤᠨ ᠢᠶᠠᠷ ᠨᠢᠭᠡᠴᠢᠯᠡᠨ᠂ ᠨᠢᠭᠡᠨᠲᠡ 77 ᠡᠪᠡᠳᠴᠢᠨ ᠢᠶᠠᠷ ᠦᠭᠦᠭᠰᠡᠨ ᠮᠠᠯ ᠵᠢᠭᠦᠷᠲᠡᠨ  ᠢ ᠬᠤᠷᠢᠶᠠᠨ ᠴᠤᠭᠯᠠᠭᠤᠯᠬᠤ ᠲᠤᠰᠬᠠᠢ ᠴᠡᠭ ᠢ ᠪᠠᠶᠢᠭᠤᠯᠤᠨ᠂ ᠲᠤᠰᠬᠠᠢ ᠬᠠᠮᠢᠶᠠᠷᠤᠭᠴᠢ ᠪᠠ ᠲᠡᠭᠡᠭᠡᠪᠦᠷᠢ ᠶᠢᠨ ᠲᠡᠷᠭᠡ ᠶᠢ ᠲᠤᠬᠢᠷᠠᠭᠤᠯᠤᠨ᠂ ᠴᠠᠭ ᠢᠮᠠᠭᠲᠠ ᠡᠪᠡᠳᠴᠢᠨ ᠢᠶᠠᠷ ᠦᠭᠦᠭᠰᠡᠨ ᠮᠠᠯ ᠵᠢᠭᠦᠷᠲᠡᠨ ᠤ ᠦᠭᠦᠳᠡᠯ ᠢ ᠲᠥᠪᠯᠡᠷᠡᠭᠦᠯᠦᠨ ᠰᠢᠢᠳᠪᠦᠷᠢᠯᠡᠬᠦ ᠶᠢ ᠪᠡᠶᠡᠯᠡᠭᠦᠯᠦᠭᠰᠡᠨ ᠢᠶᠠᠷ ᠮᠠᠯ ᠵᠢᠭᠦᠷᠲᠡᠨ ᠤ ᠡᠪᠡᠳᠴᠢᠨ ᠬᠢᠵᠢᠭ ᠤᠨ ᠳᠠᠷᠬᠠᠨ ᠳᠡᠯᠭᠡᠷᠡᠬᠦ ᠨᠤᠷᠮ᠎ᠠ ᠶᠢ ᠪᠦᠲᠦᠮᠵᠢᠲᠡᠢ ᠪᠠᠭᠠᠰᠬᠠᠵᠤ ᠴᠢᠳᠠᠭᠰᠠᠨ ᠢᠶᠠᠷ ᠪᠠᠷᠠᠬᠤ ᠦᠭᠡᠢ ᠤᠷᠴᠢᠨ ᠲᠤᠭᠤᠷᠢᠨ ᠤ ᠪᠤᠬᠢᠷᠳᠤᠯ ᠢ ᠰᠡᠷᠭᠡᠶᠢᠯᠡᠬᠦ ᠪᠠ ᠬᠢᠨᠠᠨ ᠬᠠᠮᠢᠶᠠᠷᠤᠯᠲᠠ ᠬᠢᠬᠦ ᠶᠠᠪᠤᠴᠠ ᠶᠢ ᠴᠢᠩᠭᠠᠳᠬᠠᠵᠤ᠂ ᠬᠥᠳᠡᠭᠡ ᠠᠵᠤ ᠠᠬᠤᠢ ᠶᠢᠨ ᠡᠷᠡᠭᠦᠯ ᠬᠥᠭᠵᠢᠯᠲᠡ ᠳᠤ ᠢᠳᠡᠪᠬᠢᠲᠡᠢ ᠦᠢᠯᠡᠳᠦᠯ ᠦᠵᠡᠭᠦᠯᠵᠡᠢ᠃ 
ᠢᠷᠡᠯᠲᠡ᠄ ᠤᠷᠳᠤᠰ ᠬᠤᠲᠠ ᠶᠢᠨ ᠬᠠᠮ ᠵᠠᠭᠤᠴᠢᠯᠠᠭᠤᠷ ᠤᠨ ᠲᠥᠪ