ᠬᠤᠲᠠ ᠶᠢᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ
ᠨᠡᠶᠢᠲᠡᠯᠡᠭᠰᠡᠨ ᠴᠠᠭ᠄
2024/3/29

       ᠨᠢᠭᠡ᠂ ᠣᠷᠳᠣᠰ ᠬᠤᠲᠠ ᠶᠢᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠶᠢᠨ ᠴᠢᠳᠠᠪᠬᠢ ᠶᠢᠨ ᠲᠣᠬᠢᠷᠠᠭᠤᠯᠤᠯᠲᠠ᠂ ᠳᠣᠲᠣᠭᠠᠳᠤ

ᠪᠠᠶᠢᠭᠤᠯᠤᠮᠵᠢ ᠪᠣᠯᠤᠨ ᠠᠵᠢᠯᠲᠠᠨ ᠤ ᠣᠷᠣᠨ ᠲᠤᠭ᠎ᠠ ᠶᠢᠨ ᠲᠣᠭᠲᠠᠭᠠᠯ

       ᠨᠢᠭᠡᠳᠦᠭᠡᠷ ᠵᠦᠢᠯ   ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ

᠎ ᠤᠨ ᠣᠷᠳᠣᠨ ᠠᠴᠠ ᠵᠥᠪᠰᠢᠶᠡᠷᠡᠭᠰᠡᠨ ︽ᠣᠷᠳᠣᠰ ᠬᠤᠲᠠ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠲᠥᠰᠦᠯ︾ ᠪᠣᠯᠤᠨ ᠣᠷᠳᠣᠰ ᠬᠤᠲᠠ ᠶᠢᠨ

ᠳᠠᠷᠤᠮᠠᠯᠯᠠᠨ ᠲᠠᠷᠬᠠᠭᠠᠭᠰᠠᠨ ︽ᠣᠷᠳᠣᠰ ᠬᠤᠲᠠ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠬᠡᠷᠡᠭᠵᠢᠭᠦᠯᠬᠦ ᠰᠠᠨᠠᠯ︾᠎ ᠢ ᠦᠨᠳᠦᠰᠦᠯᠡᠨ᠂ ᠲᠤᠰ ᠲᠣᠭᠲᠠᠭᠠᠯ ᠢ

ᠲᠣᠭᠲᠠᠭᠠᠪᠠ᠃

       ᠬᠤᠶᠠᠳᠤᠭᠠᠷ ᠵᠦᠢᠯ  ᠣᠷᠳᠣᠰ ᠬᠤᠲᠠ ᠶᠢᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠪᠣᠯ ᠣᠷᠳᠣᠰ ᠬᠤᠲᠠ ᠶᠢᠨ ᠠᠷᠠᠳ ᠤᠨ

ᠵᠠᠰᠠᠭ ᠤᠨ ᠣᠷᠳᠣᠨ ᠤ ᠠᠵᠢᠯᠯᠠᠬᠤ ᠰᠠᠯᠠᠭ᠎ᠠ ᠮᠥᠴᠢᠷ ᠪᠣᠯᠬᠤ ᠪᠥᠭᠡᠳ  ᠵᠢᠩᠬᠢᠨᠢ ᠰᠢᠶᠠᠨ ᠤ ᠳᠡᠰ ᠤᠨ ᠪᠠᠶᠢᠭᠤᠯᠭ᠎ᠠ ᠪᠣᠯᠤᠨ᠎ᠠ᠃ ᠣᠷᠳᠣᠰ ᠬᠤᠲᠠ ᠶᠢᠨ

ᠠᠶᠤᠯᠭᠦᠶ ᠦᠶᠯᠡᠳᠪᠦᠷᠢᠯᠡᠯ ᠤᠨ ᠵᠥᠪᠯᠡᠯ ᠤᠨ ᠠᠯᠪᠠᠨ ᠬᠡᠷ ᠢ ᠬᠤᠲᠠ ᠶᠢᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠳᠤ ᠪᠠᠶᠢᠷᠢᠯᠠᠭᠤᠯᠤᠨ᠎ᠠ

       ᠭᠤᠷᠪᠠᠳᠤᠭᠠᠷ ᠵᠦᠢᠯ  ᠣᠷᠳᠣᠰ ᠬᠤᠲᠠ ᠶᠢᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠂ ᠪᠠᠴᠢᠮ ᠪᠠᠶᠢᠳᠠᠯ ᠢ ᠠᠷᠭᠠᠴᠠᠬᠤ ᠠᠵᠢᠯ

᠎ ᠤᠨ ᠲᠤᠬᠠᠶ ᠨᠠᠮ ᠤᠨ ᠲᠥᠪ ᠬᠤᠷᠢᠶᠠᠨ ᠤ ᠴᠢᠭᠯᠡᠯᠲᠡ ᠲᠥᠷᠥ ᠶᠢᠨ ᠪᠣᠳᠣᠯᠭ᠎ᠠ ᠶᠢ ᠲᠤᠭᠤᠰᠢᠯᠠᠭᠤᠯᠤᠨ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂

ᠬᠤᠲᠠ ᠶᠢᠨ ᠨᠠᠮ ᠤᠨ ᠬᠤᠷᠢᠶᠠᠨ ᠤ ᠬᠠᠮᠢᠶ᠎ᠠ ᠪᠦᠬᠦᠢ ᠰᠢᠶᠳᠪᠦᠷᠢᠲᠦ ᠪᠣᠳᠣᠯᠭ᠎ᠠ  ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠵᠤ᠂ ᠲᠤᠰᠢᠶᠠᠯ ᠬᠠᠷᠢᠭᠤᠴᠠᠯᠭ᠎ᠠ ᠪᠠᠨ

ᠭᠦᠢᠴᠡᠳᠬᠡᠬᠦ ᠶᠠᠪᠤᠴᠠ ᠳᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠠᠵᠢᠯ ᠳᠠᠬᠢ ᠨᠠᠮ ᠤᠨ ᠲᠥᠪᠯᠡᠷᠡᠩᠭᠦᠶ ᠨᠢᠭᠡᠳᠦᠯᠲᠡᠶ ᠤᠳᠤᠷᠢᠳᠤᠯᠭ᠎ᠠ ᠶᠢ

ᠪᠠᠷᠢᠮᠲᠠᠯᠠᠨ ᠴᠢᠩᠭᠠᠳᠬᠠᠨ᠎ᠠ᠃

       ᠭᠤᠣᠯ ᠲᠤᠰᠢᠶᠠᠯ ᠬᠠᠷᠢᠭᠤᠴᠠᠯᠭ᠎ᠠ ᠄

       ︵ᠨᠢᠭᠡ ︶ ᠤᠯᠤᠰ ᠤᠨ ᠬᠠᠤᠯᠢ ᠴᠠᠭᠠᠵᠠ ᠬᠠᠤᠯᠢ ᠲᠣᠭᠲᠠᠭᠠᠯ ᠢ ᠲᠤᠤᠱᠯᠠᠭᠤᠯᠤᠨ ᠬᠡᠷᠡᠭᠵᠢᠭᠦᠯᠵᠦ᠂ ᠥᠪᠡᠷᠲᠡᠭᠡᠨ ᠵᠠᠰᠠᠬᠤ ᠣᠷᠣᠨ ᠤ ᠪᠠᠴᠢᠮ ᠪᠠᠶᠢᠳᠠᠯ

᠎ ᠢ ᠠᠷᠭᠠᠴᠠᠭᠠᠬᠤ ᠬᠠᠮᠢᠶᠠᠷᠤᠯᠲᠠ᠂ ᠠᠶᠦᠯᠭᠦᠢ ᠦᠶᠯᠡᠳᠪᠦᠷᠢᠯᠡᠯ ᠵᠡᠷᠭᠡ ᠲᠠᠯ᠎ᠠ ᠶᠢᠨ ᠬᠠᠤᠯᠢ ᠲᠣᠭᠲᠠᠭᠠᠯ ᠢ ᠨᠠᠶᠢᠳᠠᠪᠤᠷᠢᠵᠢᠭᠤᠯᠵᠤ᠂ ᠪᠥᠬᠦ ᠬᠤᠲᠠ ᠶᠢᠨ ᠪᠠᠴᠢᠮ

ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠬᠥᠭᠵᠢᠯᠲᠡ ᠶᠢᠨ ᠲᠥᠯᠥᠪᠵᠢᠭᠦᠯᠭᠡ᠂ ᠠᠵᠢᠯ ᠤᠨ ᠲᠥᠰᠦᠯ ᠵᠡᠷᠭᠡ ᠶᠢ ᠰᠤᠳᠤᠯᠤᠨ ᠲᠤᠭᠤᠷᠪᠢᠨ ᠲᠤᠭᠳᠠᠭᠠᠬᠤ ᠶᠢᠨ

ᠬᠠᠮᠲᠤ ᠵᠣᠬᠢᠶᠠᠨ ᠪᠠᠶᠢᠭᠤᠯᠵᠤ ᠬᠡᠷᠡᠭᠵᠢᠭᠦᠯᠬᠦ ᠪᠠ ᠤᠬᠠᠭᠤᠯᠬᠤ ᠠᠵᠢᠯ ᠢ ᠬᠠᠷᠢᠭᠤᠴᠠᠨ᠎ᠠ᠃

       ︵ᠬᠤᠶᠠᠷ︶ ᠪᠥᠬᠦ ᠬᠤᠲᠠ ᠶᠢᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠠᠵᠢᠯ ᠢ ᠬᠠᠷᠢᠭᠤᠴᠠᠵᠤ᠂ ᠡᠯ᠎ᠡ ᠬᠤᠰᠢᠭᠤ ᠲᠣᠭᠤᠷᠢᠭ ᠡᠯ᠎ᠡ

ᠰᠠᠯᠠᠭ᠎ᠠ ᠮᠥᠴᠢᠷ ᠤᠨ ᠠᠶᠦᠯᠭᠦᠢ ᠦᠶᠯᠡᠳᠪᠦᠷᠢᠯᠡᠯ ᠤᠨ ᠲᠥᠷᠥᠯ᠂ ᠪᠠᠶᠢᠭᠠᠯᠢ ᠶᠢᠨ ᠭᠠᠮᠰᠢᠭ ᠤᠨ ᠲᠥᠷᠥᠯ ᠵᠡᠷᠭᠡ ᠭᠡᠨᠡᠳᠲᠡ ᠶᠢᠨ ᠬᠡᠷᠡᠭ ᠢ ᠠᠷᠭᠠᠴᠠᠬᠤ ᠪᠠ

ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠬᠠᠤ ᠶᠡᠷᠦᠩᠬᠡᠶᠢᠯᠡᠭᠰᠡᠨ ᠠᠵᠢᠯ ᠢ ᠵᠢᠯᠣᠭᠤᠳᠤᠨ᠎ᠠ᠃ ᠠᠶᠦᠯᠭᠦᠢ ᠦᠢᠯᠡᠳᠪᠦᠷᠢᠯᠡᠯ ᠤᠨ

ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢᠨ ᠠᠵᠢᠯ ᠢ ᠬᠠᠷᠢᠭᠤᠴᠠᠵᠤ᠂ ᠬᠤᠯᠪᠣᠭᠳᠠᠯ ᠪᠦᠬᠦᠢ ᠦᠢᠯᠡᠳᠪᠦᠷᠢ ᠠᠭᠤᠷᠬᠠᠶ ᠶᠢᠨ ᠠᠵᠢᠯ ᠲᠥᠷᠥᠯ ᠤᠨ ᠠᠶᠦᠯᠭᠦᠢ

ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃

       ︵ᠭᠤᠷᠪᠠ︶ ᠪᠠᠴᠢᠮ ᠪᠠᠶᠢᠳᠠᠯ ᠢ ᠠᠷᠭᠠᠴᠠᠬᠤ ᠲᠣᠭᠲᠠᠯᠴᠠᠭ᠎ᠠ ᠶᠢᠨ ᠪᠠᠶᠢᠭᠤᠯᠤᠯᠲᠠ᠂ ᠠᠶᠦᠯᠭᠦᠢ ᠦᠢᠯᠡᠳᠪᠦᠷᠢᠯᠡᠯ ᠪᠣᠯᠤᠨ ᠭᠠᠮᠰᠢᠭ ᠢ ᠰᠡᠷᠭᠡᠶᠢᠯᠡᠨ

ᠭᠠᠮᠰᠢᠭ ᠢ ᠪᠠᠭᠠᠰᠬᠠᠬᠤ  ᠶᠡᠷᠦᠩᠬᠡᠶᠢᠯᠡᠭᠰᠡᠨ ᠲᠥᠯᠥᠪᠵᠢᠭᠦᠯᠭᠡ ᠶᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠵᠤ᠂ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ᠂

ᠠᠷᠭ᠎ᠠ ᠬᠡᠮᠵᠢᠶ᠎ᠡ ᠶᠢ  ᠲᠤᠭᠤᠷᠪᠢᠨ ᠲᠤᠭᠳᠠᠭᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ᠃

       ︵ᠳᠥᠷᠪᠡ︶ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠤᠨ ᠲᠣᠭᠲᠠᠯᠴᠠᠭ᠎ᠠ ᠶᠢᠨ  ᠪᠠᠶᠢᠭᠤᠯᠤᠯᠲᠠ ᠶᠢ ᠵᠢᠯᠣᠭᠤᠳᠤᠨ᠂ ᠤᠯᠤᠰ ᠤᠨ ᠠᠳᠡᠯ

᠎ ᠤᠨ ᠭᠠᠶ ᠭᠠᠮᠰᠢᠭ ᠪᠣᠯᠤᠨ ᠪᠠᠶᠢᠭᠠᠯᠢ ᠶᠢᠨ ᠭᠠᠮᠰᠢᠭ ᠢ ᠱᠠᠲᠤ ᠬᠤᠪᠢᠶᠠᠨ  ᠠᠷᠭᠠᠴᠠᠬᠤ ᠳᠦᠷᠢᠮ ᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠠᠴᠢᠮ ᠪᠠᠶᠢᠳᠠᠯ ᠢ

ᠠᠷᠭᠠᠴᠠᠬᠤ ᠶᠡᠷᠦᠩᠬᠡᠶ ᠲᠥᠰᠦᠯ ᠪᠣᠯᠤᠨ ᠠᠶᠦᠯᠭᠦᠢ ᠦᠢᠯᠡᠳᠪᠦᠷᠢᠯᠡᠯ ᠤᠨ ᠲᠥᠷᠥᠯ᠂ ᠪᠠᠶᠢᠭᠠᠯᠢ ᠶᠢᠨ ᠭᠠᠮᠰᠢᠭ ᠤᠨ ᠲᠥᠷᠥᠯ ᠤᠨ ᠲᠤᠰᠬᠠᠶ ᠵᠦᠢᠯ ᠤᠨ ᠪᠡᠯᠡᠳᠬᠡᠯ

ᠲᠦᠰᠦᠪ ᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠵᠤ᠂ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠪ ᠢ ᠵᠣᠯᠭᠠᠭᠤᠯᠬᠤ ᠠᠵᠢᠯ ᠢ ᠶᠡᠷᠦᠩᠬᠡᠶᠢᠯᠡᠨ

ᠵᠣᠬᠢᠴᠠᠭᠤᠯᠵᠤ᠂ ᠬᠠᠮᠢᠶ᠎ᠠ ᠪᠦᠬᠦᠢ ᠪᠡᠯᠡᠳᠬᠡᠯ ᠲᠥᠰᠥᠪ ᠤᠨ ᠰᠣᠷᠢᠯᠲᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠪᠠᠴᠢᠮ ᠪᠠᠶᠢᠳᠠᠯ ᠢ ᠠᠷᠭᠠᠴᠠᠵᠤ ᠠᠶᠤᠯ ᠠᠴᠠ

ᠵᠠᠶᠢᠯᠠᠬᠤ ᠪᠡᠯᠡᠳᠭᠡᠮᠵᠢ ᠶᠢᠨ   ᠪᠠᠶᠢᠭᠤᠯᠤᠯᠲᠠ ᠶᠢ ᠠᠬᠢᠭᠤᠯᠤᠨ᠎ᠠ᠃

       ︵ᠲᠠᠪᠤ︶ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠮᠡᠳᠡᠭᠡ ᠵᠠᠩᠭᠢ ᠶᠢᠨ ᠰᠢᠰᠲ᠋ᠧᠮ ᠢ ᠲᠦᠷᠦᠭᠦᠯᠡᠨ ᠪᠠᠶᠢᠭᠤᠯᠵᠤ᠂ ᠮᠡᠳᠡᠭᠡ ᠵᠠᠩᠭᠢ

ᠳᠠᠮᠵᠢᠭᠤᠯᠬᠤ ᠠᠷᠭ᠎ᠠ ᠵᠠᠮ ᠢ ᠲᠥᠯᠥᠪᠵᠢᠭᠦᠯᠬᠦ ᠪᠠ ᠪᠠᠶᠢᠷᠢᠯᠠᠭᠤᠯᠬᠤ ᠠᠵᠢᠯ ᠢ ᠠᠬᠢᠭᠤᠯᠵᠤ᠂ ᠬᠢᠨᠠᠨ ᠬᠡᠮᠵᠢᠵᠦ ᠰᠡᠷᠡᠮᠵᠢᠯᠡᠭᠦᠯᠬᠦ ᠪᠠ ᠭᠠᠮᠰᠢᠭ ᠤᠨ ᠪᠠᠶᠢᠳᠠᠯ ᠢ

ᠮᠡᠳᠡᠭᠦᠯᠬᠦ ᠳᠦᠷᠢᠮ ᠢ ᠪᠠᠶᠢᠭᠤᠯᠤᠨ᠂ ᠪᠠᠶᠢᠭᠠᠯᠢ ᠶᠢᠨ ᠭᠠᠮᠰᠢᠭ ᠤᠨ ᠮᠡᠳᠡᠭᠡ ᠵᠠᠩᠭᠢ ᠶᠢᠨ ᠡᠬᠢ ᠪᠠᠶᠠᠯᠢᠭ ᠢ ᠣᠯᠬᠤ ᠪᠠ ᠬᠠᠮᠲᠤᠪᠠᠷ  ᠡᠳ᠋ᠯᠡᠬᠦ ᠲᠣᠭᠲᠠᠴᠠ ᠶᠢ

ᠪᠦᠷᠢᠨᠰᠢᠭᠦᠯᠵᠦ᠂ ᠭᠠᠮᠰᠢᠭ ᠤᠨ ᠪᠠᠶᠢᠳᠠᠯ ᠬᠢᠭᠡᠳ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠭᠰᠠᠨ ᠪᠠᠶᠢᠳᠠᠯ ᠢ ᠬᠠᠤᠯᠢ ᠶᠣᠰᠣᠭᠠᠷ  ᠨᠡᠶᠢᠳᠡᠯᠡᠨ᠎ᠡ᠃

       ︵ᠵᠢᠷᠭᠤᠭ᠎ᠠ︶ ᠲᠤᠰᠢᠶᠠᠯ ᠬᠠᠷᠢᠭᠤᠴᠠᠯᠭ᠎ᠠ ᠶᠢᠨ ᠬᠡᠪᠴᠢᠶᠡᠨ ᠳᠠᠬᠢ ᠪᠠᠴᠢᠮ ᠪᠠᠶᠢᠳᠠᠯ ᠢ ᠠᠷᠭᠠᠴᠠᠬᠤ ᠵᠢᠵᠢᠭᠦᠷᠯᠡᠨ ᠰᠠᠬᠢᠬᠤ ᠠᠵᠢᠯ ᠢ ᠡᠭᠦᠷᠭᠡᠯᠡᠨ᠎ᠡ᠃

ᠠᠶᠦᠯᠭᠦᠢ ᠦᠢᠯᠡᠳᠪᠦᠷᠢᠯᠡᠯ ᠤᠨ ᠲᠥᠷᠥᠯ᠂ ᠪᠠᠶᠢᠭᠠᠯᠢ ᠶᠢᠨ ᠭᠠᠮᠰᠢᠭ ᠤᠨ ᠲᠥᠷᠥᠯ ᠵᠡᠷᠭᠡ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠠᠪᠤᠷᠠᠨ

ᠲᠤᠰᠠᠯᠠᠯᠲᠠ ᠶᠢ ᠵᠣᠬᠢᠶᠠᠨ ᠪᠠᠶᠢᠭᠤᠯᠤᠨ ᠵᠢᠯᠣᠭᠤᠳᠴᠤ᠂ ᠬᠤᠲᠠ ᠶᠢᠨ ᠬᠦᠨᠳᠦ ᠶᠡᠭᠡ ᠭᠠᠮᠰᠢᠭ ᠢ ᠠᠷᠭᠠᠴᠠᠬᠤ ᠵᠢᠯᠣᠭᠤᠳᠬᠤ ᠭᠠᠵᠠᠷ ᠤᠨ ᠠᠵᠢᠯ ᠢ ᠡᠭᠦᠷᠭᠡᠯᠡᠨ᠂

ᠭᠡᠨᠡᠳᠲᠡ ᠶᠢᠨ ᠬᠡᠷᠡᠭ ᠤᠨ ᠬᠥᠭᠵᠢᠯᠲᠡ ᠶᠢᠨ ᠪᠠᠶᠢᠳᠠᠯ ᠢ ᠶᠡᠷᠦᠩᠬᠡᠶᠢᠯᠡᠨ ᠰᠤᠳᠤᠯᠤᠨ ᠮᠠᠭᠠᠳᠯᠠᠬᠤ ᠶᠢᠨ ᠬᠠᠮᠲᠤ ᠠᠷᠭᠠᠴᠠᠬᠤ ᠰᠠᠨᠠᠭᠤᠯᠭ᠎ᠠ ᠳᠤᠷᠠᠳᠴᠤ᠂ ᠬᠤᠲᠠ

᠎ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ ᠵᠢᠭᠠᠨ ᠲᠣᠭᠲᠠᠭᠠᠭᠰᠠᠨ ᠬᠠᠷᠢᠭᠤᠴᠠᠬᠤ ᠨᠥᠬᠦᠷ ᠢ ᠬᠠᠪᠰᠤᠷᠤᠨ ᠬᠦᠨᠳᠦ ᠶᠡᠭᠡ ᠭᠠᠮᠰᠢᠭ ᠤᠨ

ᠪᠠᠴᠢᠮ ᠪᠠᠶᠢᠳᠠᠯ ᠢ ᠠᠷᠭᠠᠴᠠᠵᠤ ᠰᠢᠶᠳᠪᠦᠷᠢᠯᠡᠬᠦ ᠠᠵᠢᠯ ᠢ ᠵᠣᠬᠢᠶᠠᠨ ᠪᠠᠶᠢᠭᠤᠯᠤᠨ᠎ᠠ᠃

       ︵ᠳᠣᠯᠤᠭ᠎ᠠ︶ ᠡᠯ᠎ᠡ ᠲᠥᠷᠥᠯ ᠤᠨ ᠪᠠᠴᠢᠮ ᠪᠠᠶᠢᠳᠠᠯ ᠢ ᠠᠷᠭᠠᠴᠠᠬᠤ ᠲᠤᠰᠬᠠᠶ ᠡᠩᠨᠡᠭᠡ ᠶᠢ ᠡᠷᠬᠡ ᠮᠡᠳᠡᠯ ᠤᠨ ᠬᠡᠪᠴᠢᠶᠡᠨ ᠳᠤ ᠵᠣᠬᠢᠴᠠᠭᠤᠯᠤᠨ

ᠵᠢᠯᠣᠭᠤᠳᠴᠤ᠂ ᠪᠠᠴᠢᠮ ᠪᠠᠶᠢᠳᠠᠯ ᠢ ᠠᠷᠭᠠᠴᠠᠬᠤ  ᠬᠠᠮᠲᠤᠷᠠᠨ ᠬᠥᠳᠡᠯᠦᠯᠴᠡᠬᠦ ᠲᠣᠭᠲᠠᠴᠠ ᠶᠢ ᠪᠠᠶᠢᠭᠤᠯᠤᠨ᠂ ᠵᠢᠯᠣᠭᠤᠳᠬᠤ ᠲᠠᠪᠴᠠᠩ ᠢ ᠵᠣᠯᠭᠠᠭᠤᠯᠬᠤ ᠶᠢ

ᠠᠬᠢᠭᠤᠯᠵᠤ᠂ ᠭᠠᠯ ᠤᠨᠲᠠᠷᠠᠭᠠᠬᠤ᠂ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠡᠩᠨᠡᠭᠡ᠂ ᠴᠢᠯᠥᠭᠡᠯᠡᠬᠦ ᠴᠡᠷᠢᠭ ᠪᠣᠯᠤᠨ ᠵᠡᠪᠰᠡᠭᠲᠦ ᠴᠠᠭᠳᠠᠭ᠎ᠠ ᠶᠢᠨ

ᠴᠡᠷᠢᠭ ᠠᠩᠭᠢ ᠨᠤᠭᠤᠳ ᠢ ᠵᠣᠯᠭᠠᠯᠴᠠᠭᠤᠯᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠠᠵᠢᠯ ᠳᠤ ᠤᠷᠤᠯᠴᠠᠭᠤᠯᠤᠨ᠎ᠠ᠃ ᠪᠠᠴᠢᠮ ᠪᠠᠶᠢᠳᠠᠯ ᠢ

ᠠᠷᠭᠠᠴᠠᠵᠤ ᠠᠪᠤᠷᠠᠨ ᠲᠤᠰᠠᠯᠠᠬᠤ ᠬᠦᠴᠦᠨ ᠤ ᠪᠠᠶᠢᠭᠤᠯᠤᠯᠲᠠ ᠶᠢ ᠨᠢᠭᠡᠳᠦᠯᠲᠡᠶ ᠲᠥᠯᠥᠪᠯᠡᠨ ᠵᠢᠯᠣᠭᠤᠳᠴᠤ᠂ ᠭᠠᠯ ᠤᠨᠲᠠᠷᠠᠭᠠᠬᠤ᠂ ᠣᠶ ᠰᠢᠭᠤᠶ ᠪᠠ ᠨᠤᠲᠤᠭ

ᠪᠡᠯᠴᠢᠭᠡᠷ ᠤᠨ ᠭᠠᠯ ᠤᠨ ᠠᠶᠤᠯ ᠠᠴᠠ ᠠᠪᠤᠷᠠᠬᠤ᠂ ᠦᠶᠡᠷ ᠲᠠᠢ ᠲᠡᠮᠡᠴᠡᠨ ᠠᠶᠤᠯ ᠠᠴᠠ ᠠᠪᠤᠷᠠᠬᠤ᠂ ᠭᠠᠵᠠᠷ ᠬᠥᠳᠡᠯᠦᠯᠲᠡ ᠪᠠ ᠭᠠᠵᠠᠷ ᠰᠢᠨᠵᠢᠯᠡᠭᠡᠨ ᠤ ᠭᠠᠮᠰᠢᠭ

᠎ ᠠᠴᠠ ᠠᠪᠤᠷᠠᠨ ᠲᠤᠰᠠᠯᠠᠬᠤ᠂ ᠦᠢᠯᠡᠳᠪᠦᠷᠢᠯᠡᠯ ᠤᠨ ᠠᠶᠦᠯᠭᠦᠢ ᠶᠢᠨ ᠠᠳᠡᠯ ᠠᠴᠠ ᠠᠪᠤᠷᠠᠨ ᠲᠤᠰᠠᠯᠠᠬᠤ ᠵᠡᠷᠭᠡ ᠪᠠᠴᠢᠮ ᠪᠠᠶᠢᠳᠠᠯ ᠢ ᠠᠷᠭᠠᠴᠠᠵᠤ ᠠᠪᠤᠷᠠᠨ

ᠲᠤᠰᠠᠯᠠᠬᠤ ᠲᠤᠰᠬᠠᠶ ᠬᠦᠴᠦᠨ ᠤ ᠪᠠᠶᠢᠭᠤᠯᠤᠯᠲᠠ ᠶᠢ ᠵᠣᠬᠢᠶᠠᠨ ᠪᠠᠶᠢᠭᠤᠯᠤᠨ ᠵᠣᠬᠢᠴᠠᠭᠤᠯᠤᠨ ᠵᠢᠯᠣᠭᠤᠳᠴᠤ᠂ ᠡᠯ᠎ᠡ ᠬᠤᠰᠢᠭᠤ ᠲᠣᠭᠤᠷᠢᠭ ᠵᠢᠴᠢ ᠨᠡᠶᠢᠭᠡᠮ ᠤᠨ

ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠬᠦᠴᠦᠨ ᠤ ᠪᠠᠶᠢᠭᠤᠯᠤᠯᠲᠠ ᠶᠢ ᠵᠣᠬᠢᠶᠠᠨ ᠪᠠᠶᠢᠭᠤᠯᠤᠨ ᠠᠬᠢᠭᠤᠯᠤᠨ᠎ᠠ᠃

       ︵ᠨᠠᠶᠮᠠ︶ ᠪᠦᠬᠦ ᠬᠤᠲᠠ ᠶᠢᠨ ᠭᠠᠯ ᠤᠨᠲᠠᠷᠠᠭᠠᠬᠤ ᠳᠤ ᠬᠢᠨᠠᠯᠲᠠ ᠲᠠᠯᠪᠢᠬᠤ᠂ ᠭᠠᠯ ᠤᠨ ᠠᠶᠤᠯ ᠢ ᠰᠡᠷᠭᠡᠶᠢᠯᠡᠬᠦ᠂ ᠭᠠᠯ ᠲᠦᠢᠮᠡᠷ ᠢ ᠳᠠᠷᠤᠵᠤ ᠠᠶᠤᠯ ᠠᠴᠠ

ᠠᠪᠤᠷᠠᠬᠤ ᠵᠡᠷᠭᠡ ᠠᠵᠢᠯ ᠢ ᠡᠷᠬᠡ ᠮᠡᠳᠡᠯ ᠤᠨ ᠬᠡᠪᠴᠢᠶᠡᠨ ᠳᠤ  ᠵᠣᠬᠢᠴᠠᠭᠤᠯᠤᠨ ᠵᠢᠯᠣᠭᠤᠳᠤᠨ᠎ᠠ᠃

       ︵ᠶᠢᠰᠦ ︶ ᠪᠦᠬᠦ ᠬᠤᠲᠠ ᠶᠢᠨ ᠣᠶ ᠰᠢᠭᠤᠶ ᠂ ᠨᠤᠲᠤᠭ ᠪᠡᠯᠴᠢᠭᠡᠷ ᠤᠨ ᠭᠠᠯ ᠤᠨ ᠠᠶᠤᠯ᠂ ᠦᠶᠡᠷ ᠭᠠᠩ ᠤᠨ ᠭᠠᠮᠰᠢᠭ᠂ ᠭᠠᠵᠠᠷ ᠬᠥᠳᠡᠯᠦᠯᠲᠡ ᠪᠠ

ᠭᠠᠵᠠᠷ ᠰᠢᠨᠵᠢᠯᠡᠭᠡᠨ ᠤ  ᠭᠠᠮᠰᠢᠭ ᠵᠡᠷᠭᠡ ᠶᠢ ᠰᠡᠷᠭᠡᠶᠢᠯᠡᠨ ᠵᠠᠰᠠᠬᠤ ᠠᠵᠢᠯ ᠢ ᠵᠢᠯᠣᠭᠤᠳᠤᠨ ᠵᠣᠬᠢᠴᠠᠭᠤᠯᠵᠤ᠂ ᠪᠠᠶᠢᠭᠠᠯᠢ ᠶᠢᠨ ᠭᠠᠮᠰᠢᠭ ᠢ ᠶᠡᠷᠦᠩᠬᠡᠶᠢᠯᠡᠨ ᠬᠢᠨᠠᠨ

ᠬᠡᠮᠵᠢᠵᠦ ᠰᠡᠷᠡᠮᠵᠢᠯᠡᠭᠦᠯᠬᠦ ᠠᠵᠢᠯ ᠢ ᠬᠠᠷᠢᠭᠤᠴᠠᠨ᠂ ᠪᠠᠶᠢᠭᠠᠯᠢ ᠶᠢᠨ ᠭᠠᠮᠰᠢᠭ ᠤᠨ ᠶᠡᠷᠦᠩᠬᠡᠶᠢᠯᠡᠭᠰᠡᠨ ᠲᠦᠭᠰᠢᠭᠦᠷᠢ ᠦᠨᠡᠯᠡᠯᠲᠡ ᠶᠢᠨ ᠠᠵᠢᠯ ᠢ ᠵᠣᠬᠢᠶᠠᠨ ᠪᠠᠶᠢᠭᠤᠯᠤᠨ

ᠵᠢᠯᠣᠭᠤᠳᠤᠨ᠎ᠠ᠃

       ︵ᠠᠷᠪᠠ︶ ᠭᠠᠮᠰᠢᠭ ᠠᠴᠠ ᠠᠪᠤᠷᠠᠨ ᠲᠤᠰᠠᠯᠠᠬᠤ ᠠᠵᠢᠯ ᠢ ᠵᠣᠬᠢᠶᠠᠨ ᠪᠠᠶᠢᠭᠤᠯᠤᠨ ᠵᠣᠬᠢᠴᠠᠭᠤᠯᠵᠤ᠂ ᠭᠠᠮᠰᠢᠭ ᠤᠨ ᠪᠠᠶᠢᠳᠠᠯ ᠢ ᠬᠠᠷᠭᠤᠭᠤᠯᠤᠨ

ᠪᠠᠶᠢᠴᠠᠭᠠᠵᠤ ᠳᠡᠭᠡᠭᠰᠢ ᠮᠡᠳᠡᠭᠦᠯᠬᠦ᠂ ᠬᠤᠬᠢᠷᠠᠯ ᠢ ᠦᠨᠡᠯᠡᠨ ᠵᠢᠱᠢᠬᠦ᠂ ᠭᠠᠮᠰᠢᠭ ᠠᠴᠠ ᠠᠪᠤᠷᠠᠬᠤ ᠬᠠᠨᠳᠢᠪᠯᠠᠨ ᠬᠦᠷᠭᠡᠬᠦ ᠠᠵᠢᠯ ᠢ ᠵᠣᠬᠢᠶᠠᠨ ᠪᠠᠶᠢᠭᠤᠯᠤᠨ

ᠵᠢᠯᠣᠭᠤᠳᠴᠤ᠂ ᠬᠤᠲᠠ ᠶᠢᠨ ᠭᠠᠮᠰᠢᠭ ᠠᠴᠠ ᠠᠪᠤᠷᠠᠬᠤ ᠵᠣᠭᠤᠰ ᠮᠥᠩᠭᠦ ᠡᠳ᠋ ᠪᠣᠳᠠᠰ ᠢ ᠬᠠᠮᠢᠶᠠᠷᠴᠤ ᠬᠤᠪᠢᠶᠠᠷᠢᠯᠠᠬᠤ ᠶᠢᠨ ᠬᠠᠮᠲᠤ ᠬᠡᠷᠡᠭᠯᠡᠯᠲᠡ ᠳᠤ ᠬᠢᠨᠠᠯᠲᠠ

ᠲᠠᠯᠪᠢᠨ᠎ᠠ᠃

       ︵ᠠᠷᠪᠠᠨ ᠨᠢᠭᠡ︶ ᠭᠠᠵᠠᠷ ᠬᠥᠳᠡᠯᠦᠯᠲᠡ ᠠᠴᠠ ᠰᠡᠷᠭᠡᠶᠢᠯᠡᠵᠦ ᠭᠠᠮᠰᠢᠭ ᠢ ᠪᠠᠭᠠᠰᠬᠠᠬᠤ ᠠᠵᠢᠯ ᠢ ᠬᠠᠤᠯᠢ ᠶᠣᠰᠣᠭᠠᠷ ᠬᠢᠨᠠᠯᠲᠠ ᠲᠠᠯᠪᠢᠨ ᠪᠠᠶᠢᠴᠠᠭᠠᠵᠤ᠂

ᠭᠠᠵᠠᠷ ᠬᠥᠳᠡᠯᠦᠯᠲᠡ ᠠᠴᠠ ᠰᠡᠷᠭᠡᠶᠢᠯᠡᠵᠦ ᠭᠠᠮᠰᠢᠭ ᠢ ᠪᠠᠭᠠᠰᠬᠠᠬᠤ  ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ ᠲᠤᠭᠤᠷᠪᠢᠬᠤ ᠶᠢᠨ ᠬᠠᠮᠲᠤ ᠵᠣᠬᠢᠶᠠᠨ

ᠪᠠᠶᠢᠭᠤᠯᠤᠨ ᠬᠡᠷᠡᠭᠵᠢᠭᠦᠯᠵᠦ᠂ ᠭᠠᠵᠠᠷ ᠬᠥᠳᠡᠯᠦᠯᠲᠡ ᠠᠴᠠ ᠰᠡᠷᠭᠡᠶᠢᠯᠡᠵᠦ ᠭᠠᠮᠰᠢᠭ ᠢ ᠪᠠᠭᠠᠰᠬᠠᠬᠤ ᠦᠶᠯᠡᠰ ᠤᠨ ᠬᠥᠭᠵᠢᠯᠲᠡ ᠶᠢᠨ ᠲᠥᠯᠥᠪᠵᠢᠭᠦᠯᠭᠡ ᠪᠠ

ᠲᠥᠯᠥᠪᠯᠡᠭᠡ ᠶᠢ ᠲᠣᠭᠲᠠᠭᠠᠵᠤ᠂ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠠᠶᠦᠯᠭᠦᠢ ᠶᠢ ᠦᠨᠡᠯᠡᠬᠦ ᠬᠠᠮᠢᠶᠠᠷᠤᠯᠲᠠ ᠪᠣᠯᠤᠨ ᠭᠠᠵᠠᠷ ᠬᠥᠳᠡᠯᠦᠯᠲᠡ ᠶᠢ

ᠳᠠᠭᠠᠭᠠᠬᠤ ᠰᠡᠷᠭᠡᠶᠢᠯᠡᠯᠲᠡ ᠪᠠᠶᠢᠷᠢᠯᠠᠭᠤᠯᠬᠤ ᠱᠠᠭᠠᠷᠳᠠᠯᠭ᠎ᠠ ᠶᠢ ᠲᠣᠭᠲᠠᠭᠠᠬᠤ ᠠᠵᠢᠯ ᠢ ᠡᠭᠦᠷᠭᠡᠯᠡᠨ᠎ᠡ᠃

      ︵ᠠᠷᠪᠠᠨ ᠬᠤᠶᠠᠷ︶ ᠬᠤᠲᠠ ᠶᠢᠨ ᠠᠶᠦᠯᠭᠦᠢ ᠦᠶᠯᠡᠳᠪᠦᠷᠢᠯᠡᠯ ᠤᠨ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢᠨ ᠡᠷᠬᠡ ᠲᠤᠰᠢᠶᠠᠯ ᠢᠶᠠᠨ ᠬᠠᠤᠯᠢ

ᠶᠣᠰᠣᠭᠠᠷ ᠬᠡᠷᠡᠭᠵᠢᠭᠦᠯᠵᠦ᠂ ᠬᠤᠲᠠ ᠶᠢᠨ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ ᠪᠣᠯᠤᠨ ᠡᠯ᠎ᠡ ᠬᠤᠰᠢᠭᠤ ᠲᠣᠭᠤᠷᠢᠭ ᠤᠨ ᠠᠷᠠᠳ ᠤᠨ ᠵᠠᠰᠠᠭ

᠎ ᠤᠨ ᠣᠷᠳᠣᠨ ᠤ ᠠᠶᠦᠯᠭᠦᠢ ᠦᠶᠯᠡᠳᠪᠦᠷᠢᠯᠡᠯ ᠤᠨ ᠠᠵᠢᠯ ᠢ ᠵᠢᠯᠣᠭᠤᠳᠤᠨ ᠵᠣᠬᠢᠴᠠᠭᠤᠯᠵᠤ᠂ ᠬᠢᠨᠠᠯᠲᠠ ᠲᠠᠯᠪᠢᠨ ᠪᠠᠶᠢᠴᠠᠭᠠᠵᠤ᠂ ᠠᠶᠦᠯᠭᠦᠢ ᠦᠶᠯᠡᠳᠪᠦᠷᠢᠯᠡᠯ ᠤᠨ

ᠠᠵᠢᠯ ᠢ ᠲᠣᠭᠤᠷᠢᠨ ᠪᠠᠶᠢᠴᠠᠭᠠᠵᠤ᠂ ᠬᠢᠨᠠᠨ ᠰᠢᠯᠭᠠᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃

      ︵ᠠᠷᠪᠠᠨ ᠭᠤᠷᠪᠠ︶ ᠱᠠᠲᠤ ᠬᠤᠪᠢᠶᠠᠬᠤ᠂ ᠬᠠᠷᠢᠶ᠎ᠠ ᠭᠠᠵᠠᠷ ᠲᠤᠨᠢ ᠬᠠᠷᠢᠶᠠᠯᠠᠭᠤᠯᠬᠤ ᠵᠠᠷᠴᠢᠮ ᠤᠨ ᠶᠣᠰᠣᠭᠠᠷ᠂ ᠨᠡᠭᠦᠷᠡᠰᠦᠨ ᠤ ᠪᠤᠰᠤ ᠠᠭᠤᠷᠬᠠᠶ᠂

ᠲᠡᠮᠦᠷᠯᠢᠭ᠂ ᠥᠩᠭᠡᠲᠦ ᠲᠡᠮᠦᠷᠯᠢᠭ᠂ ᠪᠠᠷᠢᠯᠭ᠎ᠠ ᠶᠢᠨ ᠮᠠᠲ᠋ᠧᠷᠢᠶᠠᠯ᠂ ᠮᠧᠬᠠᠨᠢᠭ᠂ ᠬᠥᠩᠭᠡᠨ ᠠᠵᠤ ᠦᠢᠯᠡᠳᠪᠦᠷᠢ᠂ ᠨᠡᠬᠡᠮᠡᠯ᠂ ᠨᠠᠪᠴᠢᠨ ᠲᠠᠮᠠᠬᠢ ᠦᠢᠯᠡᠳᠪᠦᠷᠢᠯᠡᠵᠦ

ᠡᠵᠡᠩᠨᠡᠬᠦ ᠨᠢᠭᠡᠴᠢ ᠶᠢᠨ ᠠᠶᠦᠯᠭᠦᠢ ᠦᠢᠯᠡᠳᠪᠦᠷᠢᠯᠡᠯ ᠤᠨ ᠬᠠᠤᠯᠢ ᠴᠠᠭᠠᠵᠠ ᠬᠠᠤᠯᠢ ᠲᠣᠭᠲᠠᠭᠠᠯ ᠢ ᠲᠤᠭᠤᠰᠢᠯᠠᠭᠤᠯᠤᠨ ᠬᠡᠷᠡᠭᠵᠢᠭᠦᠯᠵᠦ ᠪᠠᠶᠢᠭ᠎ᠠ ᠪᠠᠶᠢᠳᠠᠯ ᠬᠢᠭᠡᠳ

ᠠᠶᠦᠯᠭᠦᠢ ᠦᠢᠯᠡᠳᠪᠦᠷᠢᠯᠡᠯ ᠤᠨ ᠨᠥᠬᠦᠴᠡᠯ ᠪᠣᠯᠤᠨ ᠬᠤᠯᠪᠣᠭᠳᠠᠯ ᠪᠦᠬᠦᠢ ᠲᠥᠬᠦᠭᠡᠷᠦᠮᠵᠢ ︵ᠣᠨᠴᠠ ᠲᠥᠷᠥᠯ ᠤᠨ ᠲᠥᠬᠦᠭᠡᠷᠦᠮᠵᠢ ᠪᠠᠭᠲᠠᠬᠤ ᠦᠭᠡᠶ︶᠂

ᠮᠠᠲ᠋ᠧᠷᠢᠶᠠᠯ᠂ ᠬᠥᠳᠡᠯᠮᠦᠷᠢ ᠶᠢᠨ ᠬᠠᠮᠠᠭᠠᠯᠠᠯᠲᠠ ᠶᠢᠨ ᠬᠡᠷᠡᠭᠰᠡᠯ ᠤᠨ ᠠᠶᠦᠯᠭᠦᠢ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠠᠵᠢᠯ ᠢ ᠬᠠᠤᠯᠢ ᠶᠣᠰᠣᠭᠠᠷ ᠬᠢᠨᠠᠨ

ᠪᠠᠶᠢᠴᠠᠭᠠᠨ᠎ᠠ᠃ ᠠᠶᠤᠯᠭᠦᠢ ᠦᠢᠯᠡᠳᠪᠦᠷᠢᠯᠡᠯ ᠤᠨ ᠵᠥᠪᠰᠢᠶᠡᠷᠡᠯ ᠤᠨ ᠲᠦᠷᠢᠮ ᠢ ᠬᠡᠷᠡᠭᠵᠢᠭᠦᠯᠬᠦ ᠶᠢ ᠬᠠᠤᠯᠢ ᠶᠣᠰᠣᠭᠠᠷ ᠵᠣᠬᠢᠶᠠᠨ ᠪᠠᠶᠢᠭᠤᠯᠬᠤ ᠶᠢᠨ ᠬᠠᠮᠲᠤ

ᠵᠢᠯᠣᠭᠤᠳᠤᠨ ᠬᠢᠨᠠᠯᠲᠠ ᠲᠠᠯᠪᠢᠨ᠎ᠠ᠃ ᠠᠶᠤᠯ ᠲᠠᠢ ᠬᠢᠮᠢ ᠶᠢᠨ ᠪᠣᠳᠠᠰ ᠤᠨ ᠠᠶᠦᠯᠭᠦᠢ ᠶᠢᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠠᠵᠢᠯ ᠪᠣᠯᠤᠨ ᠬᠤᠸᠠᠷ

ᠫᠤᠤᠵᠢᠩ ᠤᠨ ᠠᠶᠦᠯᠭᠦᠢ ᠶᠢᠨ ᠬᠢᠨᠠᠯᠲᠠ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃

      ︵ᠠᠷᠪᠠᠨ ᠳᠥᠷᠪᠡ︶ ᠦᠢᠯᠡᠳᠪᠦᠷᠢᠯᠡᠯ ᠤᠨ ᠠᠶᠦᠯᠭᠦᠢ ᠶᠢᠨ ᠠᠳᠡᠯ ᠢ ᠪᠠᠶᠢᠴᠠᠭᠠᠨ ᠰᠢᠶᠳᠪᠦᠷᠢᠯᠡᠬᠦ ᠶᠢ ᠬᠠᠤᠯᠢ ᠶᠣᠰᠣᠭᠠᠷ ᠵᠣᠬᠢᠶᠠᠨ ᠪᠠᠶᠢᠭᠤᠯᠤᠨ

ᠵᠢᠯᠣᠭᠤᠳᠴᠤ᠂ ᠠᠳᠡᠯ ᠢ ᠪᠠᠶᠢᠴᠠᠭᠠᠨ ᠰᠢᠶᠳᠪᠦᠷᠢᠯᠡᠬᠦ ᠪᠠ ᠬᠠᠷᠢᠭᠤᠴᠠᠯᠭ᠎ᠠ ᠨᠡᠬᠡᠮᠵᠢᠯᠡᠬᠦ ᠶᠢ ᠨᠠᠶᠢᠲᠠᠪᠤᠷᠢᠵᠢᠭᠤᠯᠤᠭᠰᠠᠨ ᠪᠠᠶᠢᠳᠠᠯ ᠳᠤ ᠬᠢᠨᠠᠯᠲᠠ ᠲᠠᠯᠪᠢᠨ᠎ᠠ᠃

ᠪᠠᠶᠢᠭᠠᠯᠢ ᠶᠢᠨ ᠭᠠᠮᠰᠢᠭ ᠤᠨ ᠲᠥᠷᠥᠯ ᠤᠨ ᠭᠡᠨᠡᠳᠲᠡ ᠶᠢᠨ ᠬᠡᠷᠡᠭ ᠢ ᠪᠠᠶᠢᠴᠠᠭᠠᠵᠤ ᠦᠨᠡᠯᠡᠨ ᠵᠢᠱᠢᠬᠦ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃

      ︵ᠠᠷᠪᠠᠨ ᠲᠠᠪᠤ︶ ᠪᠠᠴᠢᠮ ᠪᠠᠶᠢᠳᠠᠯ ᠢ ᠠᠷᠭᠠᠴᠠᠬᠤ ᠡᠳ᠋ ᠪᠠᠷᠠᠭ᠎ᠠ ᠨᠥᠭᠡᠴᠡᠯᠡᠬᠦ ᠪᠠ ᠪᠠᠴᠢᠮ ᠪᠠᠶᠢᠳᠠᠯ ᠢ ᠠᠷᠭᠠᠴᠠᠬᠤ ᠠᠪᠤᠷᠠᠨ ᠲᠤᠰᠠᠯᠠᠬᠤ ᠲᠣᠨᠤᠭ

ᠲᠥᠬᠦᠭᠡᠷᠦᠮᠵᠢ ᠶᠢᠨ ᠲᠥᠯᠥᠪᠵᠢᠭᠦᠯᠭᠡ ᠶᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠠᠮᠤ ᠪᠤᠳᠠᠭ᠎ᠠ ᠂ ᠡᠳ᠋ ᠪᠠᠷᠠᠭ᠎ᠠ ᠨᠥᠭᠡᠴᠡᠯᠡᠬᠦ ᠵᠡᠷᠭᠡ

ᠰᠠᠯᠠᠭ᠎ᠠ ᠮᠥᠴᠢᠷ ᠲᠠᠢ ᠬᠠᠮᠲᠤᠷᠠᠨ ᠪᠠᠴᠢᠮ ᠪᠠᠶᠢᠳᠠᠯ ᠢ ᠠᠷᠭᠠᠴᠠᠬᠤ ᠡᠳ᠋ ᠪᠠᠷᠠᠭ᠎ᠠ ᠶᠢᠨ ᠮᠡᠳᠡᠭᠡ ᠵᠠᠩᠭᠢ ᠶᠢᠨ ᠲᠠᠪᠴᠠᠩ ᠪᠣᠯᠤᠨ ᠰᠢᠯᠵᠢᠭᠦᠯᠦᠨ ᠥᠭᠬᠦ ᠳᠦᠷᠢᠮ ᠢ

ᠪᠠᠶᠢᠭᠤᠯᠤᠨ ᠪᠦᠷᠢᠨᠰᠢᠭᠦᠯᠵᠦ᠂ ᠭᠠᠮᠰᠢᠭ ᠠᠴᠠ ᠠᠪᠤᠷᠠᠬᠤ ᠡᠳ᠋ ᠪᠠᠷᠠᠭ᠎ᠠ ᠶᠢ ᠨᠢᠭᠡᠳᠦᠯᠲᠡᠶ ᠲᠣᠬᠢᠷᠠᠭᠤᠯᠬᠤ ᠶᠢ ᠬᠡᠷᠡᠭᠵᠢᠭᠦᠯᠦᠨ᠎ᠡ᠃

      ︵ᠠᠷᠪᠠᠨ ᠵᠢᠷᠭᠤᠭ᠎ᠠ︶ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ᠂ ᠠᠶᠦᠯᠭᠦᠢ ᠦᠶᠯᠡᠳᠪᠦᠷᠢᠯᠡᠯ ᠤᠨ ᠤᠬᠠᠭᠤᠯᠭ᠎ᠠ ᠬᠥᠮᠦᠵᠢᠯ ᠪᠣᠯᠤᠨ

ᠪᠣᠯᠪᠠᠰᠤᠷᠠᠭᠤᠯᠤᠯ ᠤᠨ ᠠᠵᠢᠯ ᠢ ᠬᠠᠷᠢᠭᠤᠴᠠᠵᠤ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ᠂ ᠠᠶᠦᠯᠭᠦᠢ ᠦᠶᠯᠡᠳᠪᠦᠷᠢᠯᠡᠯ ᠤᠨ ᠰᠢᠨᠵᠢᠯᠡᠬᠦ ᠤᠬᠠᠭᠠᠨ

ᠮᠡᠷᠭᠡᠵᠢᠯ ᠤᠨ ᠰᠤᠳᠤᠯᠤᠯ᠂ ᠳᠡᠯᠭᠡᠷᠡᠭᠦᠯᠦᠨ ᠬᠡᠷᠡᠭᠯᠡᠬᠦ ᠪᠠ ᠮᠡᠳᠡᠭᠡ ᠵᠠᠩᠭᠢᠵᠢᠭᠤᠯᠬᠤ ᠪᠠᠶᠢᠭᠤᠯᠤᠯᠲᠠ ᠶᠢᠨ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠤᠨ᠎ᠠ᠃

      ︵ᠠᠷᠪᠠᠨ ᠳᠣᠯᠤᠭ᠎ᠠ︶ ᠬᠤᠲᠠ ᠶᠢᠨ ᠲᠤᠰ ᠱᠠᠲᠤᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ᠂ ᠠᠶᠦᠯᠭᠦᠢ ᠦᠶᠯᠡᠳᠪᠦᠷᠢᠯᠡᠯ ᠤᠨ ᠬᠦᠷᠢᠶᠡᠨ ᠤ

ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠢ ᠬᠠᠷᠢᠭᠤᠴᠠᠵᠤ᠂ ᠪᠦᠬᠦ ᠬᠤᠲᠠ ᠶᠢᠨ ᠴᠢᠨᠠᠷᠲᠠᠶ᠂ ᠬᠤᠰᠢᠭᠤ ᠲᠣᠭᠤᠷᠢᠭ ᠠᠯᠤᠰᠯᠠᠭᠰᠠᠨ ᠬᠠᠤᠯᠢ ᠠᠴᠠ

ᠵᠥᠷᠢᠴᠡᠭᠰᠡᠨ ᠦᠢᠯᠡ ᠠᠵᠢᠯᠯᠠᠭ᠎ᠠ ᠶᠢ ᠪᠠᠶᠢᠴᠠᠭᠠᠨ ᠰᠢᠶᠳᠪᠦᠷᠢᠯᠡᠵᠦ᠂ ᠵᠠᠰᠠᠭ ᠵᠠᠬᠢᠷᠭᠠᠨ ᠤ ᠬᠦᠨᠳᠦ ᠶᠡᠭᠡ ᠬᠡᠷᠡᠭ ᠢ ᠰᠢᠶᠳᠪᠦᠷᠢᠯᠡᠨ᠎ᠡ᠃ ᠬᠤᠰᠢᠭᠤ ᠲᠣᠭᠤᠷᠢᠭ ᠤᠨ

ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ᠂ ᠠᠶᠤᠯᠭᠦᠶ ᠦᠶᠯᠡᠳᠪᠦᠷᠢᠯᠡᠯ ᠤᠨ ᠬᠦᠷᠢᠶᠡᠨ ᠳᠠᠬᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠢ

ᠵᠢᠯᠣᠭᠤᠳᠴᠤ᠂ ᠬᠢᠨᠠᠨ ᠬᠠᠮᠢᠶᠠᠷᠤᠨ᠎ᠠ᠃

       ︵ᠠᠷᠪᠠᠨ ᠨᠠᠶᠮᠠ︶ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃

       ︵ᠠᠷᠪᠠ ᠶᠢᠰᠦ︶ ᠴᠢᠳᠠᠪᠬᠢ ᠶᠢᠨ ᠬᠤᠪᠢᠷᠠᠭᠤᠯᠤᠯᠳᠠ

       ᠣᠷᠳᠣᠰ ᠬᠤᠲᠠ ᠶᠢᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠪᠥᠬᠦ ᠬᠤᠲᠠ ᠶᠢᠨ ᠪᠠᠴᠢᠮ ᠪᠠᠶᠢᠳᠠᠯ ᠢ ᠠᠷᠭᠠᠴᠠᠬᠤ ᠴᠢᠳᠠᠪᠤᠷᠢ

᠎ ᠶᠢᠨ ᠪᠠᠶᠢᠭᠤᠯᠤᠯᠲᠠ ᠶᠢ ᠴᠢᠩᠭᠠᠳᠬᠠᠨ ᠰᠢᠯᠢᠳᠡᠭᠵᠢᠭᠦᠯᠵᠦ᠂ ᠨᠢᠭᠡᠳᠦᠯᠲᠡᠶ ᠲᠥᠯᠥᠪᠯᠡᠵᠦ᠂ ᠨᠢᠭᠡᠳᠦᠯᠲᠡᠶ ᠤᠳᠤᠷᠢᠳᠤᠭᠰᠠᠨ᠂ ᠡᠷᠬᠡ ᠬᠠᠷᠢᠭᠤᠴᠠᠯᠭ᠎ᠠ ᠨᠢ ᠨᠢᠭᠡᠳᠦᠯᠲᠡᠶ

᠂ ᠡᠷᠬᠡ ᠰᠦᠷᠲᠦ ᠥᠨᠳᠥᠷ ᠪᠦᠲᠦᠮᠵᠢᠲᠡᠶ ᠪᠠᠴᠢᠮ ᠪᠠᠶᠢᠳᠠᠯ ᠢ ᠠᠷᠭᠠᠴᠠᠬᠤ ᠴᠢᠳᠠᠪᠤᠷᠢ ᠶᠢᠨ ᠲᠣᠭᠲᠠᠯᠴᠠᠭ᠎ᠠ ᠶᠢ ᠪᠠᠶᠢᠭᠤᠯᠵᠤ᠂ ᠨᠢᠭᠡᠳᠦᠯᠲᠡᠶ ᠵᠢᠯᠣᠭᠤᠳᠤᠭᠰᠠᠨ᠂ 

ᠲᠤᠰᠬᠠᠢ ᠪᠠ ᠪᠠᠶᠢᠩᠭᠤ ᠶᠢᠨ ᠬᠢ ᠶᠢ ᠤᠶᠠᠯᠳᠤᠭᠤᠯᠤᠭᠰᠠᠨ᠂ ᠲᠤᠰᠬᠠᠯ ᠢᠶᠠᠷ ᠬᠤᠷᠴᠠ ᠰᠡᠷᠭᠡᠭ᠂ ᠳᠡᠭᠡᠳᠦ ᠳᠣᠤᠷᠠᠳᠤ ᠱᠠᠲᠤ ᠬᠠᠮᠲᠤᠷᠠᠨ ᠬᠥᠳᠡᠯᠦᠯᠴᠡᠭᠰᠡᠨ᠂ ᠡᠩ

᠎ ᠤᠨ ᠦᠶ᠎ᠡ ᠪᠠ  ᠴᠢᠬᠤᠯᠠ ᠵᠠᠩᠭᠢᠯᠠᠭ᠎ᠠ ᠶᠢᠨ ᠦᠶ᠎ᠡ ᠶᠢ ᠤᠶᠠᠯᠳᠤᠭᠤᠯᠤᠭᠰᠠᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠪᠠᠶᠢᠭᠤᠯᠤᠯ ᠢ ᠪᠣᠶ ᠪᠣᠯᠭᠠᠬᠤ ᠶᠢ

ᠠᠬᠢᠭᠤᠯᠤᠨ᠎ᠠ᠃ ᠰᠡᠷᠭᠡᠶᠢᠯᠡᠬᠦ ᠪᠠᠷ ᠭᠤᠣᠯ ᠪᠣᠯᠭᠠᠬᠤ᠂ ᠰᠡᠷᠭᠡᠶᠢᠯᠡᠬᠦ ᠡᠰᠡᠷᠭᠦᠴᠡᠬᠦ ᠠᠪᠤᠷᠠᠬᠤ ᠶᠢ ᠤᠶᠠᠯᠳᠤᠭᠤᠯᠬᠤ ᠶᠢ ᠪᠠᠷᠢᠮᠲᠠᠯᠠᠵᠤ᠂ ᠬᠡᠪ ᠤᠨ ᠪᠠᠶᠢᠳᠠᠯ ᠢᠶᠠᠷ

ᠭᠠᠮᠰᠢᠭ ᠢ ᠪᠠᠭᠠᠰᠬᠠᠬᠤ ᠪᠠ ᠬᠡᠪ ᠤᠨ ᠪᠤᠰᠤ ᠪᠠᠷ ᠭᠠᠮᠰᠢᠭ ᠠᠴᠠ ᠠᠪᠤᠷᠠᠬᠤ ᠶᠢ ᠬᠠᠷᠢᠯᠴᠠᠨ ᠨᠢᠭᠡᠳᠬᠡᠬᠦ ᠶᠢ ᠪᠠᠷᠢᠮᠲᠠᠯᠠᠵᠤ᠂ ᠭᠠᠮᠰᠢᠭ ᠤᠨ ᠳᠠᠷᠠᠭ᠎ᠠ ᠠᠪᠤᠷᠠᠨ

ᠲᠤᠰᠠᠯᠠᠬᠤ ᠶᠢ ᠴᠢᠬᠤᠯᠠᠴᠢᠯᠠᠵᠤ ᠪᠠᠶᠢᠭᠰᠠᠨ ᠠᠴᠠ ᠭᠠᠮᠰᠢᠭ ᠤᠨ ᠡᠮᠦᠨ᠎ᠡ ᠤᠷᠢᠳᠴᠢᠯᠠᠨ ᠰᠡᠷᠭᠡᠶᠢᠯᠡᠬᠦ ᠶᠢ ᠴᠢᠬᠤᠯᠠᠴᠢᠯᠠᠬᠤ ᠲᠡᠰᠢ ᠬᠤᠪᠢᠷᠠᠭᠤᠯᠬᠤ᠂ ᠳᠠᠩ ᠭᠠᠭᠴᠠ

ᠭᠠᠮᠰᠢᠭ ᠤᠨ ᠲᠥᠷᠥᠯ ᠢ ᠠᠷᠭᠠᠴᠠᠬᠤ ᠠᠴᠠ ᠭᠠᠮᠰᠢᠭ ᠢ ᠶᠡᠷᠦᠩᠬᠡᠶᠢᠯᠡᠨ ᠪᠠᠭᠠᠰᠬᠠᠬᠤ ᠲᠡᠰᠢ ᠬᠤᠪᠢᠷᠠᠭᠤᠯᠬᠤ᠂ ᠭᠠᠮᠰᠢᠭ ᠤᠨ ᠬᠤᠬᠢᠷᠠᠯ ᠢ ᠪᠠᠭᠠᠰᠬᠠᠬᠤ ᠠᠴᠠ

ᠭᠠᠮᠰᠢᠭ ᠤᠨ ᠲᠦᠭᠰᠢᠭᠦᠷᠢ ᠶᠢ ᠬᠥᠩᠭᠡᠷᠡᠭᠦᠯᠬᠦ ᠲᠡᠰᠢ ᠬᠤᠪᠢᠷᠠᠭᠤᠯᠬᠤ ᠶᠢ ᠴᠢᠷᠮᠠᠶᠢᠨ ᠪᠡᠶᠡᠯᠡᠭᠦᠯᠵᠦ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠬᠢᠷᠢ

ᠲᠥᠪᠰᠢᠨ ᠪᠠ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠵᠤ ᠭᠠᠮᠰᠢᠭ ᠠᠴᠠ ᠠᠪᠤᠷᠠᠬᠤ ᠴᠢᠳᠠᠪᠤᠷᠢ ᠶᠢ ᠳᠡᠭᠡᠭᠰᠢᠯᠡᠭᠦᠯᠦᠨ᠂ ᠬᠦᠨᠳᠦ ᠣᠨᠴᠠ ᠶᠡᠭᠡ ᠠᠮᠤᠷ

ᠲᠦᠪᠰᠢᠨ ᠤ ᠲᠦᠭᠰᠢᠭᠦᠷᠢ ᠶᠢ ᠰᠡᠷᠭᠡᠶᠢᠯᠡᠨ ᠠᠷᠢᠯᠭᠠᠨ᠎ᠠ᠃ ᠬᠥᠮᠦᠨ ᠢᠶᠠᠷ ᠦᠨᠳᠦᠰᠦ ᠪᠣᠯᠭᠠᠬᠤ ᠶᠢ ᠪᠠᠷᠢᠮᠲᠠᠯᠠᠨ᠂ ᠠᠷᠠᠳ ᠣᠯᠠᠨ ᠤ ᠠᠮᠢ ᠨᠠᠰᠤᠨ ᠤ ᠠᠮᠤᠷ

ᠲᠦᠪᠰᠢᠨ ᠢ ᠦᠨᠡᠨᠬᠦ ᠪᠠᠲᠤᠯᠠᠬᠤ ᠶᠢ ᠲᠡᠷᠢᠭᠦᠨ ᠪᠠᠶᠢᠷᠢᠨ ᠳᠤ ᠲᠠᠯᠪᠢᠵᠤ᠂ ᠭᠠᠮᠰᠢᠭᠳᠠᠭᠰᠠᠨ ᠣᠯᠠᠨ ᠲᠦᠮᠡᠨ ᠤ ᠦᠨᠳᠦᠰᠦᠨ ᠠᠮᠢᠳᠤᠷᠠᠯ ᠢ ᠦᠨᠡᠨᠬᠦ ᠪᠠᠲᠤᠯᠠᠨ᠂

ᠪᠠᠴᠢᠮ ᠪᠠᠶᠢᠳᠠᠯ ᠢ ᠠᠷᠭᠠᠴᠠᠬᠤ ᠲᠥᠰᠦᠯ ᠤᠨ ᠰᠣᠷᠢᠯᠲᠠ ᠶᠢ ᠴᠢᠩᠭᠠᠳᠬᠠᠵᠤ᠂ ᠪᠦᠬᠦ ᠠᠷᠠᠳ ᠤᠨ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠦᠵᠡᠯ

ᠤᠬᠠᠮᠰᠠᠷ ᠢ ᠨᠡᠮᠡᠭᠳᠡᠭᠦᠯᠦᠨ᠂ ᠨᠡᠶᠢᠲᠡ ᠣᠯᠠᠨ ᠤ ᠮᠡᠳᠡᠯᠭᠡ ᠶᠢ ᠲᠦᠭᠡᠮᠡᠯᠵᠢᠭᠦᠯᠬᠦ ᠬᠢᠷᠢ ᠲᠦᠪᠰᠢᠨ ᠪᠣᠯᠤᠨ ᠥᠪᠡᠷ ᠢ ᠪᠠᠨ ᠠᠪᠤᠷᠠᠬᠤ᠂ ᠬᠠᠷᠢᠯᠴᠠᠨ ᠠᠪᠤᠷᠠᠬᠤ

ᠮᠡᠷᠭᠡᠵᠢᠯ ᠴᠢᠳᠠᠪᠤᠷᠢ ᠶᠢ ᠳᠡᠭᠡᠭᠰᠢᠯᠡᠭᠦᠯᠵᠦ᠂ ᠬᠥᠮᠦᠨ ᠦᠬᠦᠵᠦ ᠰᠢᠷᠬᠠᠲᠤᠬᠤ ᠪᠠ ᠡᠳ᠋ ᠬᠥᠷᠥᠩᠭᠡ ᠶᠢᠨ ᠬᠤᠬᠢᠷᠠᠯ ᠢ ᠦᠨᠡᠨᠬᠦ  ᠪᠠᠭᠠᠰᠬᠠᠨ᠎ᠠ᠃ ᠠᠮᠤᠷ ᠲᠦᠪᠰᠢᠨ

ᠬᠥᠭᠵᠢᠯᠲᠡ ᠶᠢᠨ ᠣᠶᠢᠯᠠᠭᠠᠭᠳᠠᠬᠤᠨ ᠢ ᠪᠤᠢ ᠪᠣᠯᠭᠠᠵᠤ᠂ ᠠᠮᠢ ᠨᠠᠰᠤ ᠶᠢ ᠳᠡᠭᠡᠳᠦᠯᠡᠬᠦ᠂ ᠠᠮᠤᠷ ᠲᠦᠪᠰᠢᠨ ᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂ ᠠᠶᠤᠯᠭᠦᠢ

ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠳᠦᠷᠢᠮ ᠢ ᠲᠡᠭᠦᠯᠳᠡᠷᠵᠢᠭᠦᠯᠵᠦ᠂ ᠣᠨᠴᠠ ᠬᠦᠨᠳᠦ ᠶᠡᠭᠡ ᠠᠮᠤᠷ ᠲᠦᠪᠰᠢᠨ ᠤ ᠠᠳᠡᠯ ᠢ ᠡᠷᠡᠰ ᠬᠤᠷᠢᠭᠯᠠᠨ᠎ᠠ᠃ 

      ︵ᠬᠤᠷᠢ ︶ ᠬᠠᠮᠢᠶ᠎ᠠ ᠪᠦᠬᠦᠢ ᠲᠤᠰᠢᠶᠠᠯ ᠬᠠᠷᠢᠭᠤᠴᠠᠯᠭ᠎ᠠ ᠶᠢᠨ ᠬᠤᠪᠢᠶᠠᠷᠢᠯᠠᠯ

      1 . ᠬᠤᠲᠠ ᠶᠢᠨ ᠡᠨᠧᠷᠭᠢ ᠶᠢᠨ ᠲᠣᠪᠴᠢᠶ᠎ᠠ᠂ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠬᠤᠲᠠ ᠶᠢᠨ ᠤᠰᠤᠨ ᠠᠰᠢᠭᠯᠠᠯᠲᠠ ᠶᠢᠨ

ᠲᠣᠪᠴᠢᠶ᠎ᠠ᠂ ᠬᠤᠲᠠ ᠶᠢᠨ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠵᠡᠷᠭᠡ ᠰᠠᠯᠠᠭ᠎ᠠ ᠮᠥᠴᠢᠷ ᠯᠦᠭᠡ ᠶᠢᠨ ᠪᠠᠶᠢᠭᠠᠯᠢ ᠶᠢᠨ ᠭᠠᠮᠰᠢᠭ ᠢ ᠰᠡᠷᠭᠡᠶᠢᠯᠡᠨ

ᠠᠪᠤᠷᠬᠠᠤ ᠲᠠᠯ᠎ᠠ ᠪᠠᠷ ᠬᠢ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ

      ︵1︶ ᠬᠤᠲᠠ ᠶᠢᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠨᠢ ᠪᠥᠬᠦ ᠬᠤᠲᠠ ᠶᠢᠨ ᠪᠠᠴᠢᠮ ᠪᠠᠶᠢᠳᠠᠯ ᠢ ᠠᠷᠭᠠᠴᠠᠬᠤ ᠶᠡᠷᠦᠩᠬᠡᠶ

ᠪᠡᠯᠡᠳᠬᠡᠯ ᠲᠥᠰᠥᠪ ᠪᠠ ᠠᠶᠦᠯᠭᠦᠢ ᠦᠶᠯᠡᠳᠪᠦᠷᠢᠯᠡᠯ ᠤᠨ ᠲᠥᠷᠥᠯ᠂ ᠪᠠᠶᠢᠭᠠᠯᠢ ᠶᠢᠨ ᠭᠠᠮᠰᠢᠭ ᠤᠨ ᠲᠥᠷᠥᠯ ᠤᠨ ᠲᠤᠰᠬᠠᠶ ᠪᠡᠯᠡᠳᠬᠡᠯ ᠲᠥᠰᠦᠪ ᠢ ᠵᠣᠬᠢᠶᠠᠨ

ᠪᠠᠶᠢᠭᠤᠯᠤᠨ ᠨᠠᠶᠢᠷᠠᠭᠤᠯᠤᠨ ᠵᠣᠬᠢᠶᠠᠬᠤ ᠶᠢ ᠬᠠᠷᠢᠭᠤᠴᠠᠵᠤ᠂ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠪ ᠢ ᠵᠣᠯᠭᠠᠭᠤᠯᠬᠤ ᠠᠵᠢᠯ ᠢ ᠶᠡᠷᠦᠩᠬᠡᠶᠢᠯᠡᠨ

ᠵᠣᠬᠢᠴᠠᠭᠤᠯᠵᠤ᠂ ᠬᠠᠮᠢᠶ᠎ᠠ ᠪᠥᠬᠦᠶ ᠪᠡᠯᠡᠳᠬᠡᠯ ᠲᠥᠰᠦᠪ ᠤᠨ ᠰᠣᠷᠢᠯᠲᠠ ᠶᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠱᠠᠲᠤ ᠬᠤᠪᠢᠶᠠᠨ ᠬᠠᠷᠢᠭᠤᠴᠠᠬᠤ ᠵᠠᠷᠴᠢᠮ

᠎ ᠤᠨ ᠶᠣᠰᠣᠭᠠᠷ᠂ ᠪᠠᠶᠢᠭᠠᠯᠢ ᠶᠢᠨ ᠭᠠᠮᠰᠢᠭ ᠤᠨ ᠲᠥᠷᠥᠯ ᠤᠨ ᠪᠠᠴᠢᠮ ᠪᠠᠶᠢᠳᠠᠯ ᠢ ᠠᠷᠭᠠᠴᠠᠬᠤ᠂ ᠠᠪᠤᠷᠠᠨ ᠲᠤᠰᠠᠯᠠᠬᠤ ᠠᠵᠢᠯ ᠢ ᠵᠣᠬᠢᠶᠠᠨ ᠪᠠᠶᠢᠭᠤᠯᠤᠨ

ᠵᠢᠯᠣᠭᠤᠳᠴᠤ ᠵᠣᠬᠢᠴᠠᠭᠤᠯᠤᠨ᠎ᠠ︔ ᠬᠦᠨᠳᠦ ᠶᠡᠭᠡ ᠭᠠᠮᠰᠢᠭ ᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠠᠵᠢᠯ ᠢ ᠵᠣᠬᠢᠶᠠᠨ ᠪᠠᠶᠢᠭᠤᠯᠤᠨ

ᠵᠣᠬᠢᠴᠠᠭᠤᠯᠬᠤ ᠶᠢᠨ ᠬᠠᠮᠲᠤ ᠡᠷᠬᠡ  ᠶᠢᠨ ᠬᠠᠷᠢᠶᠠᠯᠠᠯ ᠶᠣᠰᠣᠭᠠᠷ ᠲᠣᠭᠲᠠᠭᠠᠯ ᠭᠠᠷᠭᠠᠨ᠎ᠠ︔ ᠬᠤᠲᠠ ᠶᠢᠨ ᠬᠦᠨᠳᠦ ᠶᠡᠭᠡ ᠭᠠᠮᠰᠢᠭ ᠢ ᠠᠷᠭᠠᠴᠠᠬᠤ ᠵᠢᠯᠣᠭᠤᠳᠬᠤ

ᠭᠠᠵᠠᠷ ᠤᠨ ᠠᠵᠢᠯ ᠢ ᠡᠭᠦᠷᠭᠡᠯᠡᠵᠦ᠂ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ ᠵᠢᠭᠠᠨ ᠲᠣᠭᠲᠠᠭᠠᠭᠰᠠᠨ ᠬᠠᠷᠢᠭᠤᠴᠠᠯᠭᠠᠲᠠᠨ ᠢ

ᠬᠠᠪᠰᠤᠷᠤᠨ ᠭᠠᠮᠰᠢᠭ ᠤᠨ ᠪᠠᠴᠢᠮ ᠪᠠᠶᠢᠳᠠᠯ ᠢ ᠠᠷᠭᠠᠴᠠᠨ ᠰᠢᠶᠳᠪᠦᠷᠢᠯᠡᠬᠦ ᠠᠵᠢᠯ ᠢ ᠵᠣᠬᠢᠶᠠᠨ ᠪᠠᠶᠢᠭᠤᠯᠤᠨ᠎ᠠ᠃ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ

ᠶᠡᠷᠦᠩᠬᠡᠶᠢᠯᠡᠭᠰᠡᠨ ᠲᠥᠯᠥᠪᠵᠢᠭᠦᠯᠭᠡ ᠶᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠵᠤ᠂ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠣᠶ ᠰᠢᠭᠤᠶ ᠪᠠ ᠨᠤᠲᠤᠭ

ᠪᠡᠯᠴᠢᠭᠡᠷ ᠤᠨ ᠭᠠᠯ ᠤᠨ ᠠᠶᠤᠯ᠂ ᠦᠶᠡᠷ ᠭᠠᠩ ᠤᠨ ᠭᠠᠮᠰᠢᠭ᠂ ᠭᠠᠵᠠᠷ ᠬᠥᠳᠡᠯᠦᠯᠲᠡ ᠪᠠ ᠭᠠᠵᠠᠷ ᠤᠨ ᠭᠠᠮᠰᠢᠭ ᠵᠡᠷᠭᠡ ᠶᠢ ᠰᠡᠷᠭᠡᠶᠢᠯᠡᠨ ᠵᠠᠰᠠᠬᠤ ᠠᠵᠢᠯ ᠢ

ᠵᠢᠯᠣᠭᠤᠳᠤᠨ ᠵᠣᠬᠢᠴᠠᠭᠤᠯᠤᠨ᠎ᠠ᠃ ᠬᠤᠲᠠ ᠶᠢᠨ ᠡᠨᠧᠷᠭᠢ ᠶᠢᠨ ᠲᠣᠪᠴᠢᠶ᠎ᠠ᠂ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠬᠤᠲᠠ ᠶᠢᠨ ᠤᠰᠤᠨ

ᠠᠰᠢᠭᠯᠠᠯᠲᠠ ᠶᠢᠨ ᠲᠣᠪᠴᠢᠶ᠎ᠠ᠂ ᠬᠤᠲᠠ ᠶᠢᠨ ᠴᠠᠭ ᠠᠭᠤᠷ ᠤᠨ ᠲᠣᠪᠴᠢᠶ᠎ᠠ᠂ ᠬᠤᠲᠠ ᠶᠢᠨ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠵᠡᠷᠭᠡ

ᠬᠤᠯᠪᠣᠭᠳᠠᠯ ᠪᠥᠬᠦᠶ ᠰᠠᠯᠠᠭ᠎ᠠ ᠮᠥᠴᠢᠷ ᠲᠠᠢ ᠬᠠᠮᠲᠤᠷᠠᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠨᠢᠭᠡᠳᠦᠯᠲᠡᠶ ᠮᠡᠳᠡᠭᠡ ᠵᠠᠩᠭᠢ ᠶᠢᠨ ᠲᠠᠪᠴᠠᠩ ᠢ

ᠪᠠᠶᠢᠭᠤᠯᠵᠤ᠂ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠪᠠ ᠭᠠᠮᠰᠢᠭ ᠤᠨ ᠪᠠᠶᠢᠳᠠᠯ ᠢ ᠮᠡᠳᠡᠭᠦᠯᠬᠦ ᠲᠦᠷᠢᠮ ᠢ ᠪᠠᠶᠢᠭᠤᠯᠤᠨ᠂ ᠪᠠᠶᠢᠭᠠᠯᠢ ᠶᠢᠨ ᠭᠠᠮᠰᠢᠭ ᠤᠨ

ᠮᠡᠳᠡᠭᠡ ᠵᠠᠩᠭᠢ ᠶᠢᠨ ᠡᠬᠢ ᠪᠠᠶᠠᠯᠢᠭ ᠢ ᠤᠯᠬᠤ ᠪᠠ ᠬᠠᠮᠲᠤ ᠪᠠᠷ ᠡᠳ᠋ᠯᠡᠬᠦ ᠲᠣᠭᠲᠠᠴᠠ ᠶᠢ ᠪᠦᠷᠢᠨᠰᠢᠭᠦᠯᠵᠦ᠂ ᠭᠠᠮᠰᠢᠭ ᠤᠨ ᠪᠠᠶᠢᠳᠠᠯ ᠵᠢᠴᠢ ᠪᠠᠴᠢᠮ ᠪᠠᠶᠢᠳᠠᠯ ᠢ

ᠠᠷᠭᠠᠴᠠᠵᠤ ᠠᠪᠤᠷᠠᠨ ᠲᠤᠰᠠᠯᠠᠭᠰᠠᠨ ᠪᠠᠶᠢᠳᠠᠯ ᠢ ᠬᠠᠤᠯᠢ ᠶᠣᠰᠣᠭᠠᠷ ᠨᠡᠶᠢᠲᠡᠯᠡᠨ᠎ᠡ᠃ ᠭᠠᠮᠰᠢᠭ ᠤᠨ ᠣᠯᠠᠨ ᠲᠥᠷᠥᠯ ᠪᠠ ᠭᠠᠮᠰᠢᠭ ᠤᠨ ᠬᠡᠯᠬᠢᠶᠡᠵᠢᠯ ᠢ ᠶᠡᠷᠦᠩᠬᠡᠶᠢᠯᠡᠨ

ᠬᠢᠨᠠᠨ ᠰᠢᠨᠵᠢᠵᠦ ᠤᠷᠢᠳᠴᠢᠯᠠᠨ ᠰᠡᠷᠡᠮᠵᠢᠯᠡᠭᠦᠯᠬᠦ ᠶᠢ ᠥᠷᠨᠢᠭᠦᠯᠵᠦ᠂ ᠪᠠᠶᠢᠭᠠᠯᠢ ᠶᠢᠨ ᠭᠠᠮᠰᠢᠭ ᠤᠨ ᠶᠡᠷᠦᠩᠬᠡᠶᠢᠯᠡᠭᠰᠡᠨ ᠲᠦᠭᠰᠢᠭᠦᠷᠢ ᠶᠢ ᠦᠨᠡᠯᠡᠨ ᠵᠢᠱᠢᠬᠦ ᠠᠵᠢᠯ ᠢ

ᠵᠢᠯᠣᠭᠤᠳᠤᠨ ᠥᠷᠨᠢᠭᠦᠯᠦᠨ᠎ᠡ᠃ ᠡᠷᠬᠡ ᠣᠯᠭᠤᠯᠲᠠ ᠶᠣᠰᠣᠭᠠᠷ ᠣᠶ ᠰᠢᠭᠤᠶ ᠪᠠ ᠨᠤᠲᠤᠭ ᠪᠡᠯᠴᠢᠭᠡᠷ ᠤᠨ ᠭᠠᠯ ᠤᠨ ᠪᠠᠶᠢᠳᠠᠯ ᠢ ᠬᠢᠨᠠᠨ ᠬᠡᠮᠵᠢᠵᠦ ᠰᠡᠷᠡᠮᠵᠢᠯᠡᠭᠦᠯᠬᠦ ᠂

ᠭᠠᠯ ᠤᠨ ᠠᠶᠤᠯ᠂ ᠭᠠᠯ ᠤᠨ ᠠᠶᠤᠯ ᠤᠨ ᠮᠡᠳᠡᠭᠡ ᠵᠠᠩᠭᠢ ᠨᠡᠶᠢᠲᠡᠯᠡᠬᠦ ᠠᠵᠢᠯ ᠢ ᠬᠠᠷᠢᠭᠤᠴᠠᠨ᠎ᠠ᠃

      ︵2︶ ᠬᠤᠳᠠ ᠶᠢᠨ ᠡᠨᠧᠷᠭᠢ ᠶᠢᠨ ᠲᠣᠪᠴᠢᠶ᠎ᠠ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠶᠡᠷᠦᠩᠬᠡᠶᠢᠯᠡᠭᠰᠡᠨ ᠲᠥᠯᠥᠪᠵᠢᠭᠦᠯᠭᠡ ᠶᠢᠨ ᠬᠠᠮᠢᠶ᠎ᠠ

ᠪᠦᠬᠦᠢ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠶᠢ ᠬᠠᠷᠢᠭᠤᠴᠠᠵᠤ᠂ ᠨᠡᠭᠦᠷᠡᠰᠦ᠂ ᠴᠢᠯᠠᠭᠤᠨ ᠲᠤᠰᠤ᠂ ᠪᠠᠶᠢᠭᠠᠯᠢ ᠶᠢᠨ ᠰᠢᠲᠠᠮᠠᠬᠠᠢ ᠬᠡᠢ ᠶᠢᠨ ᠬᠤᠭᠤᠯᠠᠢ᠂

ᠴᠠᠬᠢᠯᠭᠠᠨ ᠬᠦᠴᠦᠨ ᠵᠡᠷᠭᠡ ᠠᠵᠢᠯ ᠲᠦᠷᠦᠯ ᠤᠨ ᠭᠠᠮᠰᠢᠭ ᠢ ᠰᠡᠷᠭᠡᠶᠢᠯᠡᠨ ᠵᠠᠰᠠᠬᠤ ᠲᠥᠯᠥᠪᠵᠢᠭᠦᠯᠭᠡ ᠪᠠ ᠰᠡᠷᠭᠡᠶᠢᠯᠡᠨ ᠬᠠᠮᠠᠭᠠᠯᠠᠬᠤ ᠪᠠᠷᠢᠮᠵᠢᠶ᠎ᠠ ᠶᠢ ᠵᠣᠬᠢᠶᠠᠨ

ᠪᠠᠶᠢᠭᠤᠯᠤᠨ ᠨᠠᠶᠢᠷᠠᠭᠤᠯᠤᠨ ᠵᠣᠬᠢᠶᠠᠬᠤ ᠶᠢᠨ ᠬᠠᠮᠲᠤ ᠵᠢᠯᠣᠭᠤᠳᠤᠨ ᠬᠡᠷᠡᠭᠵᠢᠭᠦᠯᠦᠨ᠎ᠡ᠃ ᠨᠡᠭᠦᠷᠡᠰᠦ᠂ ᠴᠢᠯᠠᠭᠤᠨ ᠲᠣᠰᠣ᠂ ᠪᠠᠶᠢᠭᠠᠯᠢ ᠶᠢᠨ ᠰᠢᠲᠠᠮᠠᠬᠠᠶ ᠬᠡᠢ ᠶᠢᠨ

ᠬᠤᠭᠤᠯᠠᠶ᠂ ᠴᠠᠬᠢᠯᠭᠠᠨ ᠬᠦᠴᠦᠨ ᠵᠡᠷᠭᠡ ᠭᠠᠮᠰᠢᠭ ᠤᠨ ᠪᠠᠶᠢᠴᠠᠭᠠᠯᠲᠠ ᠦᠨᠡᠯᠡᠯᠲᠡ ᠵᠢᠴᠢ ᠳᠠᠯᠳᠠ ᠭᠡᠮ ᠤᠨ ᠨᠡᠶᠢᠳᠡᠮ ᠪᠠᠶᠢᠴᠠᠭᠠᠯᠲᠠ ᠨᠠᠷᠢᠨ ᠪᠠᠶᠢᠴᠠᠭᠠᠯᠲᠠ᠂

ᠵᠢᠭᠰᠠᠭᠠᠨ ᠪᠠᠶᠢᠴᠠᠭᠠᠯᠲᠠ ᠶᠢ ᠵᠣᠬᠢᠶᠠᠨ ᠪᠠᠶᠢᠭᠤᠯᠤᠨ ᠵᠢᠯᠣᠭᠤᠳᠬᠤ ᠪᠠ ᠬᠢᠨᠠᠯᠲᠠ ᠲᠠᠯᠪᠢᠨ᠎ᠠ᠃ ᠣᠯᠠᠨ ᠢᠶᠠᠷ ᠢᠶᠠᠨ ᠬᠢᠨᠠᠨ ᠬᠡᠮᠵᠢᠵᠦ ᠣᠯᠠᠨ ᠢᠶᠠᠷ ᠢᠶᠠᠨ ᠰᠡᠷᠭᠡᠶᠢᠯᠡᠬᠦ

᠂ ᠲᠤᠰᠬᠠᠶ ᠬᠢᠨᠠᠨ ᠬᠡᠮᠵᠢᠬᠦ ᠪᠠ ᠤᠷᠢᠳᠴᠢᠯᠠᠨ ᠮᠡᠳᠡᠭᠡᠯᠡᠵᠦ ᠰᠡᠷᠡᠮᠵᠢᠯᠡᠭᠦᠯᠬᠦ ᠵᠡᠷᠭᠡ ᠠᠵᠢᠯ ᠢ ᠵᠢᠯᠣᠭᠤᠳᠤᠨ ᠥᠷᠨᠢᠭᠦᠯᠵᠦ᠂ ᠨᠡᠭᠦᠷᠡᠰᠦ᠂ ᠴᠢᠯᠠᠭᠤᠨ ᠲᠣᠰᠣ

ᠪᠠᠶᠢᠭᠠᠯᠢ ᠶᠢᠨ ᠰᠢᠲᠠᠮᠠᠬᠠᠶ ᠬᠡᠢ ᠶᠢᠨ ᠬᠤᠭᠤᠯᠠᠶ᠂ ᠴᠠᠬᠢᠯᠭᠠᠨ ᠬᠦᠴᠦᠨ ᠵᠡᠷᠭᠡ ᠭᠠᠮᠰᠢᠭ ᠢ ᠴᠡᠭᠴᠡᠨ ᠵᠠᠰᠠᠬᠤ ᠠᠵᠢᠯ ᠢ ᠵᠢᠯᠣᠭᠤᠳᠤᠨ ᠥᠷᠨᠢᠭᠦᠯᠦᠨ᠎ᠡ᠃ ᠨᠡᠭᠦᠷᠡᠰᠦ᠂

ᠴᠢᠯᠠᠭᠤᠨ ᠲᠣᠰᠣ᠂ ᠪᠠᠶᠢᠭᠠᠯᠢ ᠶᠢᠨ ᠰᠢᠲᠠᠮᠠᠬᠠᠶ ᠬᠡᠢ ᠶᠢᠨ ᠬᠤᠭᠤᠯᠠᠶ᠂ ᠴᠠᠬᠢᠯᠭᠠᠨ ᠬᠦᠴᠦᠨ ᠵᠡᠷᠭᠡ ᠭᠠᠮᠰᠢᠭ ᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠨ

ᠲᠤᠰᠠᠯᠠᠬᠤ ᠮᠡᠷᠭᠡᠵᠢᠯ ᠤᠨ ᠲᠤᠯᠭᠠᠭᠤᠷᠢᠯᠠᠬᠤ ᠠᠵᠢᠯ ᠢ ᠡᠭᠦᠷᠭᠡᠯᠡᠨ᠎ᠡ᠃

      ᠳᠥᠷᠪᠡᠳᠦᠭᠡᠷ ᠵᠦᠢᠯ

      ᠣᠷᠳᠣᠰ ᠬᠤᠲᠠ ᠶᠢᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠡᠳᠡᠭᠡᠷ ᠳᠣᠲᠣᠭᠠᠳᠤ ᠪᠠᠶᠢᠭᠤᠯᠤᠮᠵᠢ ᠶᠢ ᠪᠠᠶᠢᠭᠤᠯᠤᠨ᠎ᠠ᠃

      ︵ᠨᠢᠭᠡ ︶ ᠠᠯᠪᠠᠨ ᠭᠡᠷ

      ᠪᠠᠶᠢᠭᠤᠯᠭ᠎ᠠ ᠶᠢᠨ ᠡᠳᠦᠷ ᠲᠤᠲᠤᠮ ᠤᠨ ᠠᠵᠢᠯ ᠢ ᠬᠠᠷᠢᠭᠤᠴᠠᠵᠤ᠂ ᠮᠡᠳᠡᠭᠡ ᠵᠠᠩᠭᠢ᠂ ᠠᠮᠤᠷ ᠲᠦᠪᠰᠢᠨ᠂ ᠨᠢᠭᠤᠴᠠ ᠶᠢ ᠬᠠᠮᠠᠭᠠᠯᠠᠬᠤ᠂ ᠵᠠᠬᠢᠳᠠᠯ 

ᠰᠤᠷᠪᠤᠯᠵᠢᠯᠠᠭ᠎ᠠ᠂ ᠵᠠᠰᠠᠭ ᠤᠨ ᠶᠠᠪᠤᠳᠠᠯ ᠢ ᠢᠯᠡ ᠪᠣᠯᠭᠠᠬᠤ᠂ ᠴᠢᠬᠤᠯᠠ ᠪᠢᠴᠢᠭ  ᠮᠠᠲ᠋ᠧᠷᠢᠶᠠᠯ ᠲᠤᠭᠤᠷᠪᠢᠬᠤ᠂ ᠳᠠᠩᠰᠠ ᠡᠪᠬᠡᠮᠡᠯ ᠤᠨ ᠬᠠᠮᠢᠶᠠᠷᠤᠯᠲᠠ ᠵᠡᠷᠭᠡ ᠠᠵᠢᠯ

᠎ ᠢ ᠡᠭᠦᠷᠭᠡᠯᠡᠨ᠎ᠡ᠃  ᠪᠠᠶᠢᠭᠤᠯᠭ᠎ᠠ ᠪᠣᠯᠤᠨ ᠬᠠᠷᠢᠶ᠎ᠠ  ᠠᠵᠢᠯ ᠦᠶᠯᠡᠰ ᠤᠨ ᠨᠢᠭᠡᠴᠢ ᠶᠢᠨ ᠲᠥᠰᠦᠪ ᠪᠠ ᠲᠥᠰᠦᠪ ᠤᠨ ᠭᠦᠶᠴᠡᠳᠬᠡᠯ᠂ ᠡᠳ᠋ ᠤᠨ ᠶᠠᠪᠤᠳᠠᠯ᠂

ᠲᠣᠨᠣᠭᠯᠠᠯ ᠂ ᠡᠳ᠋ ᠬᠥᠷᠥᠩᠭᠡ ᠶᠢᠨ ᠬᠠᠮᠢᠶᠠᠷᠤᠯᠲᠠ᠂ ᠳᠣᠲᠣᠭᠠᠳᠤ ᠬᠢᠨᠠᠨ ᠪᠣᠳᠣᠯᠲᠠ ᠵᠡᠷᠭᠡ ᠠᠵᠢᠯ ᠢ ᠬᠠᠷᠢᠭᠤᠴᠠᠨ᠎ᠠ᠃ ᠪᠠᠶᠢᠭᠤᠯᠭ᠎ᠠ ᠪᠣᠯᠤᠨ ᠬᠠᠷᠢᠶ᠎ᠠ ᠠᠵᠢᠯ

ᠦᠶᠯᠡᠰ ᠤᠨ ᠨᠢᠭᠡᠴᠢ ᠶᠢᠨ ᠺᠠᠳ᠋ᠷ ᠠᠵᠢᠯᠲᠠᠨ ᠤ ᠶᠠᠪᠤᠳᠠᠯ᠂ ᠪᠠᠶᠢᠭᠤᠯᠤᠮᠵᠢ ᠶᠢᠨ ᠣᠷᠣᠨ ᠲᠤᠭ᠎ᠠ᠂ ᠬᠥᠳᠡᠯᠮᠦᠷᠢ ᠴᠠᠯᠢᠩ᠂ ᠠᠵᠢᠯ ᠠᠴᠠ ᠪᠠᠨ ᠠᠮᠠᠷᠠᠭᠰᠠᠳ

ᠪᠠᠭᠤᠭᠰᠠᠳ ᠵᠡᠷᠭᠡ ᠠᠵᠢᠯ ᠢ ᠬᠠᠷᠢᠭᠤᠴᠠᠨ᠎ᠠ᠃ ᠪᠦᠬᠦ ᠬᠤᠲᠠ ᠶᠢᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠰᠢᠰᠲ᠋ᠧᠮ ᠤᠨ ᠺᠠᠳ᠋ᠷ ᠤᠨ ᠡᠩᠨᠡᠭᠡᠨ ᠤ

ᠪᠠᠶᠢᠭᠤᠯᠤᠯᠲᠠ ᠶᠢᠨ ᠠᠵᠢᠯ ᠢ ᠵᠢᠯᠣᠭᠤᠳᠤᠨ᠎ᠠ᠃ ᠠᠶᠦᠯᠭᠦᠢ ᠦᠢᠯᠡᠳᠪᠦᠷᠢᠯᠡᠯ ᠤᠨ ᠲᠤᠰᠬᠠᠶ ᠮᠡᠷᠭᠡᠵᠢᠯᠲᠡᠨ ᠤ ᠬᠥᠮᠥᠷᠭᠡ ᠶᠢᠨ ᠪᠠᠶᠢᠭᠤᠯᠤᠯᠲᠠ ᠪᠣᠯᠤᠨ ᠲᠤᠰᠬᠠᠶ

ᠮᠡᠷᠭᠡᠵᠢᠯᠲᠡᠨ ᠤ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃

     ︵  ᠬᠤᠶᠠᠷ ︶ ᠪᠠᠴᠢᠮ ᠪᠠᠶᠢᠳᠠᠯ ᠢ ᠠᠷᠭᠠᠴᠠᠬᠤ ᠠᠯᠪᠠᠨ ᠬᠡᠷ

     ᠲᠤᠰᠢᠶᠠᠯ ᠬᠠᠷᠢᠭᠤᠴᠠᠯᠭ᠎ᠠ ᠶᠢᠨ ᠬᠡᠪᠴᠢᠶᠡᠨ ᠳᠣᠲᠣᠷᠠᠬᠢ ᠪᠠᠴᠢᠮ ᠪᠠᠶᠢᠳᠠᠯ ᠢ ᠠᠷᠭᠠᠴᠠᠬᠤ ᠵᠢᠵᠢᠭᠦᠷ᠂ ᠵᠠᠰᠠᠭ ᠤᠨ ᠶᠠᠪᠤᠳᠠᠯ ᠤᠨ ᠵᠢᠵᠢᠭᠦᠷ ᠵᠡᠷᠭᠡ ᠠᠵᠢᠯ ᠢ

ᠡᠭᠦᠷᠭᠡᠯᠡᠨ᠎ᠡ᠃ ᠤᠯᠤᠰ ᠤᠨ ᠠᠳᠡᠯ ᠤᠨ ᠭᠠᠶ ᠭᠠᠮᠰᠢᠭ ᠪᠣᠯᠤᠨ ᠪᠠᠶᠢᠭᠠᠯᠢ ᠶᠢᠨ ᠭᠠᠮᠰᠢᠭ ᠢ ᠱᠠᠲᠤ ᠬᠤᠪᠢᠶᠠᠨ ᠠᠷᠭᠠᠴᠠᠬᠤ ᠳᠦᠷᠢᠮ ᠢ ᠨᠠᠶᠢᠳᠠᠪᠤᠷᠢᠵᠢᠭᠤᠯᠤᠨ᠂

ᠤᠷᠢᠳᠴᠢᠯᠠᠨ ᠰᠡᠷᠡᠮᠵᠢᠯᠡᠭᠦᠯᠬᠦ ᠪᠠ ᠭᠠᠮᠰᠢᠭ ᠤᠨ ᠪᠠᠶᠢᠳᠠᠯ ᠤᠨ ᠮᠡᠳᠡᠭᠡ ᠵᠠᠩᠭᠢ ᠶᠢ ᠨᠡᠶᠢᠲᠡᠯᠡᠵᠦ᠂ ᠪᠦᠬᠦ ᠬᠤᠲᠠ ᠶᠢᠨ ᠬᠡᠪᠴᠢᠶᠡᠨ ᠳᠠᠬᠢ ᠠᠪᠤᠷᠠᠨ ᠲᠤᠰᠠᠯᠠᠬᠤ

ᠬᠦᠴᠦᠨ ᠢ ᠵᠣᠬᠢᠴᠠᠭᠤᠯᠬᠤ ᠶᠢᠨ ᠬᠠᠮᠲᠤ ᠬᠡᠷᠡᠭᠴᠡᠭᠡ ᠪᠠᠨ ᠦᠨᠳᠦᠰᠦᠯᠡᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠢᠩᠬᠢᠮ ᠳᠤ ᠲᠤᠰᠠᠯᠠᠮᠵᠢ

ᠭᠤᠶᠤᠴᠢᠯᠠᠨ᠎ᠠ᠃ ᠭᠠᠯ ᠤᠨᠲᠠᠷᠠᠭᠠᠬᠤ᠂ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠡᠩᠨᠡᠭᠡ᠂ ᠴᠢᠯᠥᠭᠡᠯᠡᠬᠦ ᠴᠡᠷᠢᠭ ᠪᠣᠯᠤᠨ ᠵᠡᠪᠰᠡᠭᠲᠦ ᠴᠠᠭᠳᠠᠭ᠎ᠠ ᠶᠢᠨ

ᠴᠡᠷᠢᠭ ᠠᠩᠭᠢ ᠶᠢ ᠵᠣᠯᠭᠠᠭᠤᠯᠵᠤ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠠᠵᠢᠯ ᠳᠤ ᠣᠷᠤᠯᠴᠠᠭᠤᠯᠤᠨ᠎ᠠ᠃ ᠪᠠᠴᠢᠮ ᠪᠠᠶᠢᠳᠠᠯ ᠢ ᠠᠷᠭᠠᠴᠠᠬᠤ ᠠᠪᠤᠷᠠᠨ

ᠲᠤᠰᠠᠯᠠᠬᠤ ᠮᠡᠳᠡᠭᠡ ᠵᠠᠩᠭᠢ ᠶᠢᠨ ᠰᠢᠰᠲ᠋ᠧᠮ ᠤᠨ ᠬᠠᠮᠢᠶᠠᠷᠤᠯᠲᠠ ᠪᠣᠯᠤᠨ ᠬᠤᠶᠢᠨᠠᠬᠢ ᠪᠠᠲᠤᠯᠠᠭ᠎ᠠ ᠶᠢᠨ ᠠᠵᠢᠯ ᠢ ᠬᠠᠷᠢᠭᠤᠴᠠᠨ᠎ᠠ᠃ ᠪᠠᠴᠢᠮ ᠪᠠᠶᠢᠳᠠᠯ ᠢ ᠠᠷᠭᠠᠴᠠᠬᠤ

ᠪᠡᠯᠡᠳᠬᠡᠯ ᠲᠥᠰᠦᠯ ᠤᠨ ᠪᠠᠶᠢᠭᠤᠯᠤᠯᠲᠠ ᠶᠢ ᠨᠢᠭᠡᠳᠦᠯᠲᠡᠶ ᠲᠥᠯᠥᠪᠯᠡᠨ᠂ ᠪᠠᠴᠢᠮ ᠪᠠᠶᠢᠳᠠᠯ ᠢ ᠠᠷᠭᠠᠴᠠᠬᠤ ᠶᠡᠷᠦᠩᠬᠡᠶ ᠪᠡᠯᠡᠳᠬᠡᠯ ᠲᠥᠰᠦᠯ ᠪᠣᠯᠤᠨ ᠠᠶᠦᠯᠭᠦᠢ

ᠦᠶᠯᠡᠳᠪᠦᠷᠢᠯᠡᠯ ᠤᠨ ᠲᠥᠷᠥᠯ᠂ ᠪᠠᠶᠢᠭᠠᠯᠢ ᠶᠢᠨ ᠭᠠᠮᠰᠢᠭ ᠤᠨ ᠲᠥᠷᠥᠯ ᠤᠨ ᠲᠤᠰᠬᠠᠶ ᠵᠦᠶᠯ ᠤᠨ ᠪᠡᠯᠡᠳᠬᠡᠯ ᠲᠥᠰᠦᠯ ᠢ ᠵᠣᠬᠢᠶᠠᠨ ᠪᠠᠶᠢᠭᠤᠯᠤᠨ ᠨᠠᠶᠢᠷᠠᠭᠤᠯᠤᠨ

ᠵᠣᠬᠢᠶᠠᠬᠤ ᠶᠢᠨ ᠬᠠᠮᠲᠤ ᠪᠠᠴᠢᠮ ᠪᠠᠶᠢᠳᠠᠯ ᠢ ᠠᠷᠭᠠᠴᠠᠬᠤ ᠡᠯ᠎ᠡ ᠲᠥᠷᠥᠯ ᠤᠨ ᠪᠡᠯᠡᠳᠬᠡᠯ ᠲᠥᠰᠦᠯ ᠢ ᠵᠣᠯᠭᠠᠯᠳᠤᠭᠤᠯᠤᠨ ᠵᠣᠬᠢᠴᠠᠭᠤᠯᠬᠤ ᠶᠢ ᠬᠠᠷᠢᠭᠤᠴᠠᠨ᠎ᠠ᠃

ᠪᠠᠴᠢᠮ ᠪᠠᠶᠢᠳᠠᠯ ᠢ ᠠᠷᠭᠠᠴᠠᠬᠤ ᠤᠷᠢᠳᠴᠢᠯᠠᠭᠰᠠᠨ ᠲᠥᠰᠦᠯ ᠤᠨ ᠰᠣᠷᠢᠯᠲᠠ ᠶᠢ ᠵᠣᠬᠢᠶᠠᠨ ᠪᠠᠶᠢᠭᠤᠯᠤᠨ ᠶᠠᠪᠤᠭᠳᠠᠭᠤᠯᠬᠤ ᠪᠠ ᠵᠢᠯᠣᠭᠤᠳᠴᠤ ᠬᠢᠨᠠᠯᠲᠠ ᠲᠠᠯᠪᠢᠬᠤ

ᠠᠵᠢᠯ ᠢ ᠡᠭᠦᠷᠭᠡᠯᠡᠨ᠎ᠡ᠃ ᠬᠤᠲᠠ ᠶᠢᠨ ᠬᠦᠨᠳᠦ ᠶᠡᠭᠡ ᠭᠠᠮᠰᠢᠭ ᠢ ᠠᠷᠭᠠᠴᠠᠬᠤ ᠵᠢᠯᠣᠭᠤᠳᠬᠤ ᠭᠠᠵᠠᠷ ᠤᠨ ᠲᠤᠬᠠᠶ ᠶᠢᠨ ᠲᠠᠯᠠᠪᠠᠢ ᠶᠢᠨ ᠵᠣᠬᠢᠴᠠᠭᠤᠯᠤᠨ ᠪᠠᠲᠤᠯᠠᠬᠤ

ᠠᠵᠢᠯ ᠢ ᠡᠭᠦᠷᠭᠡᠯᠡᠨ᠎ᠡ᠃ ᠡᠯ᠎ᠡ ᠬᠤᠰᠢᠭᠤ ᠲᠣᠭᠤᠷᠢᠭ ᠵᠢᠴᠢ ᠨᠡᠶᠢᠭᠡᠮ ᠤᠨ ᠪᠠᠴᠢᠮ ᠪᠠᠶᠢᠳᠠᠯ ᠢ ᠠᠷᠭᠠᠴᠠᠬᠤ ᠠᠪᠤᠷᠠᠨ ᠲᠤᠰᠠᠯᠠᠬᠤ ᠬᠦᠴᠦᠨ ᠤ ᠪᠠᠶᠢᠭᠤᠯᠤᠯᠲᠠ ᠶᠢ

ᠵᠢᠯᠣᠭᠤᠳᠴᠤ᠂ ᠬᠤᠲᠠ ᠶᠢᠨ ᠪᠠᠴᠢᠮ ᠪᠠᠶᠢᠳᠠᠯ ᠢ ᠠᠷᠭᠠᠴᠠᠬᠤ ᠠᠪᠤᠷᠠᠨ ᠲᠤᠰᠠᠯᠠᠬᠤ ᠡᠩᠨᠡᠭᠡᠨ ᠤ ᠬᠠᠮᠢᠶᠠᠷᠤᠯᠲᠠ ᠶᠢᠨ ᠪᠠᠲᠤᠯᠠᠭ᠎ᠠ ᠶᠢᠨ ᠠᠷᠭ᠎ᠠ ᠶᠢ ᠲᠤᠭᠤᠷᠪᠢᠨ

ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ 

     ︵ᠭᠤᠷᠪᠠ ︶ ᠠᠶᠦᠯᠭᠦᠢ ᠦᠢᠯᠡᠳᠪᠦᠷᠢᠯᠡᠯ ᠢ ᠶᠡᠷᠦᠩᠬᠡᠶᠢᠯᠡᠨ ᠵᠣᠬᠢᠴᠠᠭᠤᠯᠬᠤ ᠠᠯᠪᠠᠨ ᠭᠡᠷ

     ᠠᠶᠦᠯᠭᠦᠢ ᠦᠢᠯᠡᠳᠪᠦᠷᠢᠯᠡᠯ ᠢ ᠲᠤᠰᠬᠠᠶ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠠᠢ ᠠᠵᠢᠯ ᠲᠥᠷᠥᠯ ᠪᠣᠯᠤᠨ ᠬᠦᠷᠢᠶᠡᠨ ᠤ ᠠᠶᠦᠯᠭᠦᠢ ᠦᠢᠯᠡᠳᠪᠦᠷᠢᠯᠡᠯ

᠎ ᠳᠤ ᠬᠢᠨᠠᠯᠲᠠ ᠲᠠᠯᠪᠢᠵᠤ ᠬᠠᠮᠢᠶᠠᠷᠬᠤ ᠠᠵᠢᠯ ᠢ ᠬᠠᠤᠯᠢ ᠲᠣᠭᠲᠠᠭᠠᠯ ᠶᠣᠰᠣᠭᠠᠷ ᠵᠢᠯᠣᠭᠤᠳᠤᠨ ᠵᠣᠬᠢᠴᠠᠭᠤᠯᠬᠤ ᠪᠠ ᠬᠢᠨᠠᠯᠲᠠ ᠲᠠᠯᠪᠢᠨ᠎ᠠ᠃ ᠪᠦᠬᠦ ᠬᠤᠲᠠ ᠶᠢᠨ

ᠴᠢᠨᠠᠷᠲᠠᠢ ᠠᠶᠤᠯᠭᠦᠢ ᠦᠢᠯᠡᠳᠪᠦᠷᠢᠯᠡᠯ ᠤᠨ ᠪᠠᠶᠢᠴᠠᠭᠠᠯᠲᠠ ᠵᠢᠴᠢ ᠲᠤᠰᠬᠠᠢ ᠲᠥᠷᠥᠯ ᠤᠨ ᠱᠠᠭᠠᠷᠳᠠᠨ ᠪᠠᠶᠢᠴᠠᠭᠠᠯᠲᠠ᠂ ᠴᠡᠭᠴᠡᠯᠡᠨ ᠵᠠᠰᠠᠯᠲᠠ ᠵᠡᠷᠭᠡ ᠠᠵᠢᠯ ᠢ

ᠵᠣᠬᠢᠶᠠᠨ ᠪᠠᠶᠢᠭᠤᠯᠤᠨ ᠵᠣᠬᠢᠴᠠᠭᠤᠯᠵᠤ᠂ ᠠᠶᠤᠯᠭᠦᠢ ᠦᠢᠯᠡᠳᠪᠦᠷᠢᠯᠡᠯ ᠤᠨ ᠲᠣᠭᠤᠷᠢᠨ ᠪᠠᠶᠢᠴᠠᠭᠠᠯᠲᠠ᠂ ᠬᠢᠨᠠᠨ ᠰᠢᠯᠭᠠᠯᠲᠠ ᠶᠢᠨ ᠠᠵᠢᠯ ᠢ ᠵᠣᠬᠢᠶᠠᠨ ᠪᠠᠶᠢᠭᠤᠯᠤᠨ

ᠬᠡᠷᠡᠭᠵᠢᠭᠦᠯᠦᠨ᠎ᠡ᠃ ᠬᠤᠲᠠ ᠶᠢᠨ ᠠᠶᠤᠯᠭᠦᠶ ᠦᠶᠯᠡᠳᠪᠦᠷᠢᠯᠡᠯ ᠤᠨ ᠵᠥᠪᠯᠡᠯ ᠤᠨ ᠠᠯᠪᠠᠨ ᠭᠡᠷ ᠤᠨ ᠡᠳᠦᠷ ᠲᠤᠲᠤᠮ ᠤᠨ ᠠᠵᠢᠯ ᠢ ᠡᠭᠦᠷᠭᠡᠯᠡᠨ᠎ᠡ᠃

      ︵ᠳᠥᠷᠪᠡ ︶ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ ᠤᠨ ᠰᠠᠯᠠᠭ᠎ᠠ

      ᠲᠣᠪᠴᠢᠶ᠎ᠠ ᠪᠠᠶᠢᠭᠤᠯᠭ᠎ᠠ ᠶᠢᠨ ᠭᠤᠶᠤᠴᠢᠯᠠᠭᠰᠠᠨ ᠵᠠᠰᠠᠭ ᠵᠠᠬᠢᠷᠭᠠᠨ ᠤ ᠵᠥᠪᠰᠢᠶᠡᠷᠡᠯ᠂ ᠨᠤᠲᠠᠯᠠᠬᠤ᠂ ᠱᠠᠩᠨᠠᠬᠤ᠂ ᠣᠯᠭᠤᠬᠤ ᠵᠦᠢᠯᠡᠰ ᠢ ᠬᠦᠯᠢᠶᠡᠨ ᠠᠪᠴᠤ

ᠰᠢᠶᠳᠪᠦᠷᠢᠯᠡᠬᠦ᠂ ᠬᠢᠨᠠᠨ ᠵᠥᠪᠰᠢᠶᠡᠷᠡᠬᠦ᠂ ᠰᠢᠯᠵᠢᠭᠦᠯᠦᠨ ᠮᠡᠳᠡᠭᠦᠯᠬᠦ ᠵᠡᠷᠭᠡ ᠠᠵᠢᠯ ᠪᠠ ᠡᠳᠦᠷ ᠲᠤᠲᠤᠮ ᠤᠨ ᠬᠠᠮᠢᠶᠠᠷᠤᠯᠲᠠ ᠦᠢᠯᠡᠴᠢᠯᠡᠭᠡᠨ ᠤ ᠲᠥᠷᠥᠯ ᠵᠡᠷᠭᠡ

ᠵᠦᠢᠯᠡᠰ ᠢ ᠬᠢᠨᠠᠨ ᠬᠠᠷᠭᠤᠭᠤᠯᠬᠤ᠂ ᠵᠥᠪᠰᠢᠶᠡᠷᠡᠬᠦ᠂ ᠳᠠᠩᠰᠠᠯᠠᠬᠤ ᠵᠡᠷᠭᠡ ᠠᠵᠢᠯ ᠢ ᠡᠭᠦᠷᠭᠡᠯᠡᠨ᠎ᠡ᠃ ᠡᠯ᠎ᠡ ᠲᠤᠬᠠᠶᠢᠯᠠᠭᠰᠠᠨ ᠠᠵᠢᠯ ᠤᠨ ᠰᠠᠯᠠᠭ᠎ᠠ ᠲᠠᠰᠤᠭ ᠤᠨ ᠵᠠᠰᠠᠭ

ᠵᠠᠬᠢᠷᠭᠠᠨ ᠤ ᠬᠢᠨᠠᠨ ᠵᠥᠪᠰᠢᠶᠡᠷᠡᠯ ᠤᠨ ᠵᠦᠶᠯᠡᠰ ᠤᠨ ᠠᠷᠤ ᠲᠠᠪᠴᠠᠩ ᠳᠤ ᠳᠡᠮᠵᠢᠯᠭᠡ ᠦᠵᠡᠭᠦᠯᠬᠦ ᠠᠵᠢᠯ ᠢ ᠬᠠᠷᠢᠭᠤᠴᠠᠨ ᠵᠣᠬᠢᠴᠠᠭᠤᠯᠤᠨ᠎ᠠ᠃

      ︵ᠲᠠᠪᠤ ︶ ᠠᠶᠤᠯᠲᠠᠢ ᠬᠢᠮᠢ ᠶᠢᠨ ᠪᠣᠳᠠᠰ ᠤᠨ ᠠᠶᠤᠯᠭᠦᠢ ᠶᠢᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ 

      ᠬᠢᠮᠢ ᠶᠢᠨ ᠠᠵᠤ ᠦᠢᠯᠡᠳᠪᠦᠷᠢ ︵ᠴᠢᠯᠠᠭᠤᠨ ᠲᠣᠰᠣᠨ ᠤ ᠬᠢᠮᠢ ᠶᠢᠨ ᠠᠵᠤ ᠦᠢᠯᠡᠳᠪᠦᠷᠢ ᠪᠠᠭᠲᠠᠨ᠎ᠠ ︶᠂ ᠡᠮ ᠡᠮᠨᠡᠯᠭᠡ᠂ ᠠᠶᠤᠯ ᠲᠠᠢ ᠬᠢᠮᠢ ᠶᠢᠨ ᠪᠣᠳᠠᠰ

ᠪᠣᠯᠤᠨ ᠬᠤᠸᠠᠷ ᠫᠤᠤᠵᠢᠩ ᠤᠨ ᠠᠶᠦᠯᠭᠦᠢ ᠦᠢᠯᠡᠳᠪᠦᠷᠢᠯᠡᠯ ᠢ ᠬᠢᠨᠠᠨ ᠬᠠᠮᠢᠶᠠᠷᠬᠤ ᠠᠵᠢᠯ ᠢ ᠬᠠᠷᠢᠭᠤᠴᠠᠨ᠂ ᠬᠠᠮᠢᠶ᠎ᠠ ᠪᠦᠬᠦᠢ ᠠᠵᠢᠯ ᠲᠥᠷᠥᠯ ᠤᠨ ᠦᠢᠯᠡᠳᠪᠦᠷᠢᠯᠡᠯ

ᠡᠵᠡᠩᠨᠡᠯᠲᠡ ᠶᠢᠨ ᠨᠢᠭᠡᠴᠢ ᠶᠢᠨ ᠠᠶᠦᠯᠭᠦᠢ ᠦᠢᠯᠡᠳᠪᠦᠷᠢᠯᠡᠯ ᠤᠨ ᠬᠠᠤᠯᠢ ᠴᠠᠭᠠᠵᠠ ᠬᠠᠤᠯᠢ ᠲᠣᠭᠲᠠᠭᠠᠯ ᠪᠣᠯᠤᠨ ᠪᠠᠷᠢᠮᠵᠢᠶ᠎ᠠ ᠶᠢ ᠲᠤᠭᠤᠰᠢᠯᠠᠭᠤᠯᠤᠨ

ᠨᠠᠶᠢᠳᠠᠪᠤᠷᠢᠵᠢᠭᠤᠯᠵᠤ ᠪᠠᠶᠢᠭ᠎ᠠ ᠪᠠᠶᠢᠳᠠᠯ ᠢ ᠬᠠᠤᠯᠢ ᠶᠣᠰᠣᠭᠠᠷ ᠬᠢᠨᠠᠨ ᠪᠠᠶᠢᠴᠠᠭᠠᠨ᠎ᠠ᠃ ᠠᠶᠤᠯᠲᠠᠢ ᠬᠢᠮᠢ ᠶᠢᠨ ᠪᠣᠳᠠᠰ ᠤᠨ ᠠᠶᠤᠯᠭᠦᠢ ᠶᠢᠨ ᠬᠢᠨᠠᠯᠲᠠ ᠬᠠᠮᠢᠶᠠᠷᠤᠯᠲᠠ

᠎ ᠶᠢᠨ ᠶᠡᠷᠦᠩᠬᠡᠶᠢᠯᠡᠭᠰᠡᠨ ᠠᠵᠢᠯ ᠢ ᠡᠭᠦᠷᠭᠡᠯᠡᠵᠦ᠂ ᠠᠶᠤᠯᠲᠠᠢ ᠬᠢᠮᠢ ᠶᠢᠨ ᠪᠣᠳᠠᠰ ᠢ ᠳᠠᠩᠰᠠᠯᠠᠬᠤ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠴᠤ᠂ ᠡᠮ ᠤᠨ ᠵᠦᠢᠯ

᠎ ᠤᠨ ᠪᠤᠰᠤ ᠲᠦᠷᠦᠯ ᠤᠨ ᠬᠤᠣᠷᠲᠤ ᠡᠳ᠋ ᠦᠢᠯᠡᠳᠴᠦ ᠪᠣᠯᠬᠤ ᠬᠢᠮᠢ ᠶᠢᠨ ᠪᠣᠳᠠᠰ ᠤᠨ ᠦᠢᠯᠡᠳᠪᠦᠷᠢᠯᠡᠯ ᠡᠵᠡᠩᠨᠡᠯᠲᠡ ᠶᠢ ᠬᠢᠨᠠᠨ ᠬᠠᠮᠢᠶᠠᠷᠬᠤ ᠠᠵᠢᠯ ᠢ

ᠵᠢᠯᠣᠭᠤᠳᠤᠨ᠎ᠠ᠃

     ︵ᠵᠢᠷᠭᠤᠭ᠎ᠠ︶ ᠠᠶᠦᠯᠭᠦᠢ ᠦᠶᠯᠡᠳᠪᠦᠷᠢᠯᠡᠯ ᠤᠨ ᠰᠠᠭᠤᠷᠢ ᠰᠠᠯᠠᠭ᠎ᠠ

     ᠨᠡᠭᠦᠷᠡᠰᠦᠨ ᠤ ᠪᠤᠰᠤ ᠠᠭᠤᠷᠬᠠᠶ ︵ᠭᠠᠵᠠᠷ ᠰᠢᠨᠵᠢᠯᠡᠭᠡᠨ ᠤ ᠬᠠᠶᠢᠨ ᠰᠢᠨᠵᠢᠯᠡᠯᠲᠡ ᠪᠠᠭᠲᠠᠨ᠎ᠠ︶᠂ ᠴᠢᠯᠠᠭᠤᠨ ᠲᠣᠰᠣ ︵ᠪᠣᠯᠪᠠᠰᠤᠷᠠᠭᠤᠯᠬᠤ᠂

ᠪᠣᠯᠪᠠᠰᠤᠷᠠᠭᠤᠯᠤᠭᠰᠠᠨ ᠴᠢᠯᠠᠭᠤᠨ ᠲᠣᠰᠣᠨ ᠤ ᠬᠤᠭᠤᠯᠠᠶ ᠪᠠᠭᠲᠠᠬᠤ ᠦᠭᠡᠶ︶᠂ ᠲᠡᠮᠦᠷᠯᠢᠭ᠂ ᠥᠩᠭᠡᠲᠦ ᠲᠡᠮᠦᠷᠯᠢᠭ᠂ ᠪᠠᠷᠢᠯᠭ᠎ᠠ ᠶᠢᠨ ᠮᠠᠲ᠋ᠧᠷᠢᠶᠠᠯ᠂ ᠮᠧᠬᠠᠨᠢᠭ᠂

ᠬᠥᠩᠭᠡᠨ ᠠᠵᠤ ᠦᠢᠯᠡᠳᠪᠦᠷᠢ᠂ ᠨᠡᠬᠡᠮᠡᠯ᠂ ᠲᠠᠮᠠᠬᠢ᠂ ᠦᠢᠯᠡᠳᠪᠦᠷᠢ ᠠᠭᠤᠷᠬᠠᠶ ᠠᠷᠠᠯᠵᠢᠶ᠎ᠠ ᠬᠤᠳᠠᠯᠳᠤᠭᠠᠨ ᠤ ᠠᠵᠢᠯ ᠲᠥᠷᠥᠯ ᠤᠨ ᠠᠶᠦᠯᠭᠦᠢ ᠦᠢᠯᠡᠳᠪᠦᠷᠢᠯᠡᠯ ᠤᠨ

ᠰᠠᠭᠤᠷᠢ ᠠᠵᠢᠯ ᠢ ᠬᠠᠷᠢᠭᠤᠴᠠᠵᠤ᠂ ᠣᠷᠣᠨ ᠨᠤᠲᠤᠭ ᠤᠨ ᠬᠠᠮᠢᠶ᠎ᠠ ᠪᠦᠬᠦᠢ ᠠᠵᠢᠯ ᠲᠥᠷᠥᠯ ᠤᠨ ᠠᠶᠦᠯᠭᠦᠢ ᠦᠢᠯᠡᠳᠪᠦᠷᠢᠯᠡᠯ ᠤᠨ ᠳᠦᠷᠢᠮ ᠲᠣᠭᠲᠠᠭᠠᠯ ᠢ

ᠲᠤᠭᠤᠷᠪᠢᠨ ᠲᠣᠭᠲᠠᠭᠠᠵᠤ᠂ ᠬᠠᠮᠢᠶ᠎ᠠ ᠪᠦᠬᠦᠢ ᠠᠵᠢᠯ ᠲᠥᠷᠥᠯ ᠤᠨ ᠠᠵᠤ ᠠᠬᠤᠶᠢᠯᠠᠯ ᠤᠨ ᠠᠶᠦᠯᠭᠦᠢ ᠦᠢᠯᠡᠳᠪᠦᠷᠢᠯᠡᠯ ᠤᠨ ᠪᠠᠷᠢᠮᠵᠢᠶᠠᠵᠢᠭᠤᠯᠤᠯᠲᠠ᠂ ᠠᠶᠦᠯᠭᠦᠢ

᠎ ᠶᠢᠨ ᠰᠡᠷᠭᠡᠶᠢᠯᠡᠨ ᠡᠵᠡᠮᠳᠡᠬᠦ  ᠪᠠᠶᠢᠭᠤᠯᠤᠯᠲᠠ ᠵᠡᠷᠭᠡ ᠠᠵᠢᠯ ᠢ ᠵᠢᠯᠣᠭᠤᠳᠤᠨ ᠬᠢᠨᠠᠯᠲᠠ ᠲᠠᠯᠪᠢᠨ᠎ᠠ᠃

     ︵ᠳᠣᠯᠤᠭ᠎ᠠ ︶ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠪᠠ ᠲᠥᠯᠥᠪᠵᠢᠭᠦᠯᠭᠡ ᠰᠢᠨᠵᠢᠯᠡᠬᠦ ᠤᠬᠠᠭᠠᠨ ᠮᠡᠷᠭᠡᠵᠢᠯ ᠤᠨ ᠰᠠᠯᠠᠭ᠎ᠠ

     ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠪᠣᠯᠤᠨ ᠠᠶᠦᠯᠭᠦᠢ ᠦᠶᠯᠡᠳᠪᠦᠷᠢᠯᠡᠯ ᠤᠨ ᠬᠠᠤᠯᠢ ᠴᠠᠭᠠᠵᠠ᠂ ᠬᠠᠤᠯᠢ ᠲᠣᠭᠲᠠᠭᠠᠯ ᠪᠣᠯᠤᠨ ᠳᠦᠷᠢᠮ ᠢ

ᠲᠤᠭᠤᠰᠢᠯᠠᠭᠤᠯᠤᠨ ᠬᠡᠷᠡᠭᠵᠢᠭᠦᠯᠵᠦ᠂ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢᠨ ᠰᠤᠳᠤᠯᠭᠠᠨ ᠤ ᠠᠵᠢᠯ ᠢ ᠡᠭᠦᠷᠭᠡᠯᠡᠨ᠎ᠡ᠃ ᠪᠠᠶᠢᠭᠤᠯᠭ᠎ᠠ ᠶᠢᠨ ᠵᠢᠷᠤᠮᠵᠢᠯ ᠤᠨ

ᠴᠢᠨᠠᠷᠲᠠᠶ ᠪᠢᠴᠢᠭ ᠮᠠᠲ᠋ᠧᠷᠢᠶᠠᠯ ᠤᠨ ᠬᠠᠤᠯᠢ ᠶᠣᠰᠣᠴᠢ ᠴᠢᠨᠠᠷ ᠢ ᠬᠢᠨᠠᠨ ᠪᠠᠶᠢᠴᠠᠭᠠᠬᠤ᠂ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ᠂ ᠵᠠᠰᠠᠭ ᠵᠠᠬᠢᠷᠭᠠᠨ ᠢᠶᠠᠷ

ᠳᠠᠬᠢᠨ ᠵᠥᠪᠯᠡᠬᠦ ᠪᠠ ᠵᠠᠰᠠᠭ ᠵᠠᠬᠢᠷᠭᠠᠨ ᠤ ᠵᠠᠷᠭᠤ ᠬᠦᠯᠢᠶᠡᠬᠦ ᠵᠡᠷᠭᠡ ᠠᠵᠢᠯ ᠢ ᠡᠭᠦᠷᠭᠡᠯᠡᠨ᠎ᠡ᠃ ᠪᠠᠴᠢᠮ ᠪᠠᠶᠢᠳᠠᠯ ᠢ ᠠᠷᠭᠠᠴᠠᠬᠤ ᠲᠣᠭᠲᠠᠯᠴᠠᠭ᠎ᠠ ᠶᠢᠨ  ᠪᠠᠶᠢᠭᠤᠯᠤᠯᠲᠠ

᠂ ᠠᠶᠦᠯᠭᠦᠢ ᠦᠢᠯᠡᠳᠪᠦᠷᠢᠯᠡᠯ ᠪᠣᠯᠤᠨ ᠶᠡᠷᠦᠩᠬᠡᠶᠢᠯᠡᠭᠰᠡᠨ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠶᠢᠨ

ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠶᠢ ᠰᠤᠳᠤᠯᠤᠨ ᠳᠤᠷᠠᠳᠴᠤ᠂ ᠪᠠᠴᠢᠮ ᠪᠠᠶᠢᠳᠠᠯ ᠢ

ᠠᠷᠭᠠᠴᠠᠬᠤ ᠭᠤᠣᠯᠳᠠᠯᠭ᠎ᠠ ᠲᠠᠢ ᠢᠨᠵᠧᠨᠧᠷᠢᠩ ᠪᠣᠯᠤᠨ ᠠᠶᠤᠯ ᠠᠴᠠ ᠵᠠᠶᠢᠯᠠᠬᠤ ᠲᠥᠬᠦᠭᠡᠷᠦᠮᠵᠢ ᠶᠢᠨ ᠪᠠᠶᠢᠭᠤᠯᠤᠯᠲᠠ ᠶᠢ ᠠᠬᠢᠭᠤᠯᠤᠨ᠎ᠠ᠃ ᠪᠠᠴᠢᠮ ᠪᠠᠶᠢᠳᠠᠯ ᠢ

ᠠᠷᠭᠠᠴᠠᠬᠤ ᠬᠠᠮᠢᠶᠠᠷᠤᠯᠲᠠ᠂ ᠠᠶᠤᠯᠭᠦᠢ ᠦᠢᠯᠡᠳᠪᠦᠷᠢᠯᠡᠯ ᠤᠨ ᠰᠢᠨᠵᠢᠯᠡᠬᠦ ᠤᠬᠠᠭᠠᠨ ᠮᠡᠷᠭᠡᠵᠢᠯ ᠪᠠ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢᠨ ᠬᠠᠮᠢᠶᠠᠷᠤᠯᠲᠠ

᠎ ᠶᠢᠨ ᠠᠵᠢᠯ ᠢ ᠡᠭᠦᠷᠭᠡᠯᠡᠵᠦ᠂ ᠪᠠᠶᠢᠭᠠᠯᠢ ᠶᠢᠨ ᠭᠠᠮᠰᠢᠭ ᠤᠨ ᠮᠡᠳᠡᠭᠡ ᠵᠠᠩᠭᠢ ᠶᠢᠨ ᠡᠬᠢ ᠪᠠᠶᠠᠯᠢᠭ ᠢ ᠤᠯᠬᠤ ᠪᠠ ᠬᠠᠮᠲᠤ ᠪᠠᠷ ᠡᠳ᠋ᠯᠡᠬᠦ ᠲᠣᠭᠲᠠᠴᠠ ᠶᠢ

ᠲᠡᠭᠦᠯᠳᠡᠷᠵᠢᠭᠦᠯᠦᠨ᠂ ᠬᠤᠯᠪᠣᠭᠳᠠᠯ ᠪᠦᠬᠦᠢ ᠰᠢᠨᠵᠢᠯᠡᠬᠦ ᠤᠬᠠᠭᠠᠨ ᠮᠡᠷᠭᠡᠵᠢᠯ ᠤᠨ ᠲᠥᠯᠥᠪᠵᠢᠭᠦᠯᠭᠡ᠂ ᠲᠥᠯᠥᠪᠯᠡᠭᠡ ᠶᠢ ᠲᠤᠭᠤᠷᠪᠢᠨ ᠲᠣᠭᠲᠠᠭᠠᠬᠤ ᠪᠥᠭᠡᠳ

ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ ᠠᠶᠦᠯᠭᠦᠢ ᠶᠢ ᠦᠨᠡᠯᠡᠵᠦ ᠪᠠᠶᠢᠴᠠᠭᠠᠨ ᠬᠡᠮᠵᠢᠬᠦ ᠪᠠᠶᠢᠭᠤᠯᠤᠮᠵᠢ ᠶᠢᠨ ᠬᠠᠮᠢᠶᠠᠷᠤᠯᠲᠠ ᠶᠢᠨ ᠠᠵᠢᠯ ᠢ ᠡᠭᠦᠷᠭᠡᠯᠡᠨ᠎ᠡ᠃

     ︵ᠨᠠᠢᠮᠠ︶ ᠤᠬᠠᠭᠤᠯᠭ᠎ᠠ ᠪᠣᠯᠪᠠᠰᠤᠷᠠᠯ ᠤᠨ ᠰᠠᠯᠠᠭ᠎ᠠ

     ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠪᠣᠯᠤᠨ ᠠᠶᠦᠯᠭᠦᠢ ᠦᠢᠯᠡᠳᠪᠦᠷᠢᠯᠡᠯ ᠤᠨ ᠰᠣᠨᠢᠨ ᠮᠡᠳᠡᠭᠡᠨ ᠤ ᠤᠬᠠᠭᠤᠯᠭ᠎ᠠ᠂ ᠶᠠᠷᠢᠶ᠎ᠠ ᠬᠡᠯᠡᠯᠴᠡᠭᠡᠨ ᠤ

ᠪᠠᠶᠢᠳᠠᠯ ᠢ ᠠᠷᠭᠠᠴᠠᠬᠤ᠂ ᠰᠣᠶᠣᠯ ᠤᠨ ᠪᠠᠶᠢᠭᠤᠯᠤᠯᠲᠠ ᠵᠡᠷᠭᠡ ᠠᠵᠢᠯ ᠢ ᠡᠭᠦᠷᠭᠡᠯᠡᠨ᠂ ᠣᠨᠴᠠ ᠲᠥᠷᠥᠯ ᠤᠨ ᠠᠵᠢᠯ ᠬᠢᠭᠰᠡᠳ ᠪᠣᠯᠤᠨ ᠬᠤᠯᠪᠣᠭᠳᠠᠯ ᠪᠦᠬᠦᠢ

ᠦᠢᠯᠡᠳᠪᠦᠷᠢ ᠠᠭᠤᠷᠬᠠᠶ ᠬᠤᠳᠠᠯᠳᠤᠭ᠎ᠠ ᠠᠷᠠᠯᠵᠢᠶᠠᠨ ᠤ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠢ ᠳᠤ ᠠᠵᠢᠯᠯᠠᠵᠤ ᠪᠠᠶᠢᠭ᠎ᠠ ᠬᠥᠮᠦᠰ ᠤᠨ ᠠᠶᠦᠯᠭᠦᠢ

ᠦᠢᠯᠡᠳᠪᠦᠷᠢᠯᠡᠯ ᠤᠨ ᠪᠣᠯᠪᠠᠰᠤᠷᠠᠯ ᠤᠨ ᠠᠵᠢᠯ ᠢ ᠬᠠᠤᠯᠢ ᠶᠣᠰᠣᠭᠠᠷ ᠵᠣᠬᠢᠶᠠᠨ ᠪᠠᠶᠢᠭᠤᠯᠤᠨ ᠵᠢᠯᠣᠭᠤᠳᠬᠤ ᠶᠢᠨ ᠬᠠᠮᠲᠤ ᠬᠢᠨᠠᠯᠲᠠ ᠲᠠᠯᠪᠢᠵᠤ᠂ ᠬᠤᠯᠪᠣᠭᠳᠠᠯ ᠪᠦᠬᠦᠢ

ᠦᠢᠯᠡᠳᠪᠦᠷᠢ ᠠᠭᠤᠷᠬᠠᠶ᠂ ᠠᠷᠠᠯᠵᠢᠶ᠎ᠠ ᠬᠤᠳᠠᠯᠳᠤᠭᠠᠨ ᠤ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠢ ᠶᠢᠨ ᠠᠶᠦᠯᠭᠦᠢ ᠦᠢᠯᠡᠳᠪᠦᠷᠢᠯᠡᠯ ᠤᠨ  ᠪᠣᠯᠪᠠᠰᠤᠷᠠᠯ᠂

ᠰᠢᠯᠭᠠᠯᠲᠠ ᠶᠢᠨ ᠠᠵᠢᠯ ᠢ ᠬᠢᠨᠠᠨ ᠪᠠᠶᠢᠴᠠᠭᠠᠵᠤ᠂ ᠪᠣᠯᠪᠠᠰᠤᠷᠠᠯ ᠤᠨ ᠪᠠᠶᠢᠭᠤᠯᠤᠮᠵᠢ ᠶᠢᠨ ᠬᠢᠷᠢ ᠬᠡᠮ ᠤᠨ ᠭᠤᠶᠤᠴᠢᠯᠠᠯᠲᠠ ᠪᠠ ᠬᠠᠮᠢᠶᠠᠷᠤᠯᠲᠠ ᠶᠢ ᠬᠠᠷᠢᠭᠤᠴᠠᠨ᠂

ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠪᠣᠯᠤᠨ ᠠᠶᠦᠯᠭᠦᠢ ᠦᠢᠯᠡᠳᠪᠦᠷᠢᠯᠡᠯ ᠤᠨ ᠮᠡᠳᠡᠯᠭᠡ ᠶᠢ ᠲᠦᠭᠡᠮᠡᠯᠵᠢᠭᠦᠯᠬᠦ ᠠᠵᠢᠯ ᠢ ᠡᠭᠦᠷᠭᠡᠯᠡᠨ᠎ᠡ᠃ ᠪᠠᠴᠢᠮ ᠪᠠᠶᠢᠳᠠᠯ

᠎ ᠢ ᠠᠷᠭᠠᠴᠠᠬᠤ ᠬᠠᠮᠢᠶᠠᠷᠤᠯᠲᠠ ᠶᠢᠨ ᠰᠢᠰᠲ᠋ᠧᠮ ᠤᠨ ᠺᠠᠳ᠋ᠷ ᠤᠨ ᠬᠥᠮᠦᠵᠢᠯ ᠪᠣᠯᠪᠠᠰᠤᠷᠠᠯ ᠤᠨ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠴᠤ᠂ ᠪᠠᠴᠢᠮ ᠪᠠᠶᠢᠳᠠᠯ ᠢ

ᠠᠷᠭᠠᠴᠠᠬᠤ  ᠠᠪᠤᠷᠠᠨ ᠲᠤᠰᠠᠯᠠᠬᠤ ᠡᠩᠨᠡᠭᠡᠨ ᠤ ᠬᠥᠮᠦᠵᠢᠯ ᠪᠣᠯᠪᠠᠰᠤᠷᠠᠯ ᠢ ᠵᠢᠯᠣᠭᠤᠳᠤᠨ᠎ᠠ᠃

     ︵ᠶᠢᠰᠦ︶ ᠶᠡᠷᠦᠩᠬᠡᠶᠢᠯᠡᠭᠰᠡᠨ ᠭᠠᠮᠰᠢᠭ ᠢ ᠪᠠᠭᠠᠰᠬᠠᠬᠤ ᠰᠠᠯᠠᠭ᠎ᠠ

     ᠬᠦᠨᠳᠦ ᠶᠡᠭᠡ ᠠᠶᠦᠯᠭᠦᠢ ᠦᠢᠯᠡᠳᠪᠦᠷᠢᠯᠡᠯ ᠤᠨ ᠲᠦᠭᠰᠢᠭᠦᠷᠢ ᠶᠢ ᠬᠢᠨᠠᠨ ᠬᠡᠮᠵᠢᠵᠦ ᠰᠡᠷᠡᠮᠵᠢᠯᠡᠭᠦᠯᠬᠦ ᠪᠠ ᠦᠨᠡᠯᠡᠨ ᠵᠢᠱᠢᠵᠦ ᠨᠤᠲᠠᠯᠠᠬᠤ ᠲᠣᠭᠲᠠᠴᠠ ᠶᠢ

ᠪᠠᠶᠢᠭᠤᠯᠤᠨ᠂ ᠪᠠᠶᠢᠭᠠᠯᠢ ᠶᠢᠨ ᠭᠠᠮᠰᠢᠭ ᠢ ᠶᠡᠷᠦᠩᠬᠡᠶᠢᠯᠡᠨ ᠬᠢᠨᠠᠨ ᠬᠡᠮᠵᠢᠵᠦ ᠰᠡᠷᠡᠮᠵᠢᠯᠡᠭᠦᠯᠬᠦ ᠠᠵᠢᠯ ᠢ ᠡᠭᠦᠷᠭᠡᠯᠡᠵᠦ᠂ ᠪᠠᠶᠢᠭᠠᠯᠢ ᠶᠢᠨ ᠭᠠᠮᠰᠢᠭ ᠤᠨ ᠶᠡᠷᠦᠩᠬᠡᠶᠢᠯᠡᠭᠰᠡᠨ

ᠲᠦᠭᠰᠢᠭᠦᠷᠢ ᠬᠢᠭᠡᠳ ᠭᠠᠮᠰᠢᠭ ᠢ ᠪᠠᠭᠠᠰᠬᠠᠬᠤ ᠴᠢᠳᠠᠪᠤᠷᠢ ᠶᠢ ᠪᠠᠶᠢᠴᠠᠭᠠᠨ ᠦᠨᠡᠯᠡᠬᠦ ᠶᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠭᠠᠮᠰᠢᠭ ᠤᠨ ᠪᠠᠶᠢᠳᠠᠯ ᠢ

ᠬᠠᠷᠭᠤᠭᠤᠯᠤᠨ ᠪᠠᠶᠢᠴᠠᠭᠠᠵᠤ ᠳᠡᠭᠡᠭᠰᠢ ᠮᠡᠳᠡᠭᠦᠯᠬᠦ᠂ ᠬᠤᠬᠢᠷᠠᠯ ᠢ ᠦᠨᠡᠯᠡᠨ ᠵᠢᠱᠢᠬᠦ᠂ ᠭᠠᠮᠰᠢᠭ ᠠᠴᠠ ᠠᠪᠤᠷᠬᠠᠤ ᠬᠠᠨᠳᠢᠪᠯᠠᠯᠲᠠ ᠵᠡᠷᠭᠡ ᠭᠠᠮᠰᠢᠭ ᠠᠴᠠ ᠠᠪᠤᠷᠠᠨ

ᠲᠤᠰᠠᠯᠠᠬᠤ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠴᠤ᠂ ᠪᠠᠴᠢᠮ ᠪᠠᠶᠢᠳᠠᠯ ᠢ ᠠᠷᠭᠠᠴᠠᠬᠤ ᠡᠳ᠋ ᠪᠣᠳᠠᠰ ᠢ ᠨᠥᠭᠡᠴᠡᠯᠡᠬᠦ ᠲᠥᠯᠥᠪᠵᠢᠭᠦᠯᠭᠡ ᠪᠠ ᠬᠡᠷᠡᠭᠴᠡᠭᠡ

ᠱᠠᠭᠠᠷᠳᠠᠯᠭ᠎ᠠ ᠶᠢᠨ ᠲᠥᠯᠥᠪᠯᠡᠭᠡ ᠶᠢ ᠲᠣᠭᠲᠠᠭᠠᠨ᠂ ᠪᠠᠴᠢᠮ ᠪᠠᠶᠢᠳᠠᠯ ᠢ ᠠᠷᠭᠠᠴᠠᠬᠤ ᠡᠳ᠋ ᠪᠣᠳᠠᠰ ᠢ ᠬᠠᠮᠲᠤ ᠪᠠᠷ ᠬᠡᠷᠡᠭᠯᠡᠵᠦ ᠬᠠᠮᠲᠤ ᠪᠠᠷ ᠡᠳ᠋ᠯᠡᠬᠦ ᠪᠠ

ᠵᠣᠬᠢᠴᠠᠭᠤᠯᠬᠤ ᠲᠣᠭᠲᠠᠴᠠ ᠶᠢ  ᠪᠠᠶᠢᠭᠤᠯᠵᠤ᠂ ᠪᠠᠴᠢᠮ ᠪᠠᠶᠢᠳᠠᠯ ᠢ ᠠᠷᠭᠠᠴᠠᠬᠤ ᠴᠢᠬᠤᠯᠠ ᠡᠳ᠋ ᠪᠣᠳᠠᠰ ᠢ ᠨᠥᠭᠡᠴᠡᠯᠡᠬᠦ᠂ ᠰᠢᠯᠵᠢᠭᠦᠯᠦᠨ ᠥᠭᠬᠦ ᠪᠠ ᠪᠠᠴᠢᠮ

ᠲᠣᠬᠢᠷᠠᠭᠤᠯᠤᠨ ᠬᠦᠷᠭᠡᠬᠦ ᠶᠢ ᠵᠣᠬᠢᠶᠠᠨ ᠪᠠᠶᠢᠭᠤᠯᠤᠨ ᠵᠣᠬᠢᠴᠠᠭᠤᠯᠵᠤ᠂ ᠭᠠᠮᠰᠢᠭ ᠠᠴᠠ ᠠᠪᠤᠷᠬᠠᠤ ᠡᠳ᠋ ᠮᠥᠩᠭᠦ ᠶᠢ ᠬᠠᠮᠢᠶᠠᠷᠬᠤ᠂ ᠬᠤᠪᠢᠶᠠᠷᠢᠯᠠᠬᠤ ᠪᠠ ᠬᠢᠨᠠᠯᠲᠠ

ᠲᠠᠯᠪᠢᠵᠤ ᠬᠡᠷᠡᠭᠯᠡᠬᠦ ᠠᠵᠢᠯ ᠢ ᠡᠭᠦᠷᠭᠡᠯᠡᠨ᠂ ᠬᠤᠯᠪᠣᠭᠳᠠᠯ ᠪᠥᠬᠦᠶ ᠲᠠᠯ᠎ᠠ ᠶᠢᠨ ᠬᠢᠨ ᠲᠠᠢ ᠬᠠᠮᠲᠤᠷᠠᠨ ᠭᠠᠮᠰᠢᠭᠳᠠᠭᠰᠠᠨ ᠣᠯᠠᠨ ᠲᠦᠮᠡᠨ ᠢ ᠪᠠᠴᠢᠮ ᠰᠢᠯᠵᠢᠭᠦᠯᠦᠨ

ᠲᠥᠪᠬᠢᠨᠡᠭᠦᠯᠬᠦ᠂ ᠭᠠᠮᠰᠢᠭ ᠠᠴᠠ ᠪᠣᠯᠵᠣ ᠡᠪᠳᠡᠭᠳᠡᠭᠰᠡᠨ ᠬᠡᠷ ᠪᠠᠶᠢᠰᠢᠩ ᠢ ᠰᠡᠷᠭᠦᠭᠡᠨ ᠳᠠᠬᠢᠨ ᠵᠠᠰᠠᠬᠤ ᠨᠥᠬᠦᠪᠥᠷᠢ ᠪᠠ ᠭᠠᠮᠰᠢᠭᠳᠠᠭᠰᠠᠨ ᠣᠯᠠᠨ ᠲᠦᠮᠡᠨ ᠤ

ᠠᠮᠢᠳᠤᠷᠠᠯ ᠢ ᠠᠪᠤᠷᠠᠨ ᠲᠤᠰᠠᠯᠠᠬᠤ ᠶᠢ ᠵᠣᠬᠢᠶᠠᠨ ᠪᠠᠶᠢᠭᠤᠯᠤᠨ ᠵᠣᠬᠢᠴᠠᠭᠤᠯᠤᠨ᠎ᠠ᠃ ᠭᠠᠵᠠᠷ ᠬᠥᠳᠡᠯᠦᠯᠲᠡ ᠠᠴᠠ ᠰᠡᠷᠭᠡᠶᠢᠯᠡᠨ ᠭᠠᠮᠰᠢᠭ ᠢ ᠪᠠᠭᠠᠰᠬᠠᠬᠤ ᠠᠵᠢᠯ ᠢ

ᠬᠠᠤᠯᠢ ᠶᠣᠰᠣᠭᠠᠷ ᠬᠢᠨᠠᠨ ᠪᠠᠶᠢᠴᠠᠭᠠᠵᠤ᠂ ᠭᠠᠵᠠᠷ ᠬᠥᠳᠡᠯᠦᠯᠲᠡ ᠠᠴᠠ ᠰᠡᠷᠭᠡᠶᠢᠯᠡᠨ ᠭᠠᠮᠰᠢᠭ ᠢ ᠪᠠᠭᠠᠰᠬᠠᠬᠤ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠶᠢᠨ

ᠠᠷᠭ᠎ᠠ ᠶᠢ ᠲᠤᠭᠤᠷᠪᠢᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠭᠠᠵᠠᠷ ᠬᠥᠳᠡᠯᠦᠯᠲᠡ ᠠᠴᠠ ᠰᠡᠷᠭᠡᠶᠢᠯᠡᠨ ᠭᠠᠮᠰᠢᠭ ᠢ ᠪᠠᠭᠠᠰᠬᠠᠬᠤ ᠦᠢᠯᠡᠰ ᠤᠨ

ᠬᠥᠭᠵᠢᠯᠲᠡ ᠶᠢᠨ ᠲᠥᠯᠥᠪᠵᠢᠭᠦᠯᠭᠡ  ᠪᠠ ᠲᠥᠯᠥᠪᠯᠡᠭᠡ ᠲᠣᠭᠲᠠᠭᠠᠨ᠂ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠠᠶᠦᠯᠭᠦᠢ ᠶᠢ ᠦᠨᠡᠯᠡᠬᠦ ᠬᠠᠮᠢᠶᠠᠷᠤᠯᠲᠠ᠂

ᠭᠠᠵᠠᠷ ᠬᠥᠳᠡᠯᠦᠯᠲᠡ ᠶᠢ ᠳᠠᠭᠠᠭᠠᠬᠤ ᠰᠡᠷᠭᠡᠶᠢᠯᠡᠯᠲᠡ ᠪᠠᠶᠢᠷᠢᠯᠠᠭᠤᠯᠬᠤ ᠱᠠᠭᠠᠷᠳᠠᠯᠭ᠎ᠠ ᠶᠢ ᠲᠣᠭᠲᠠᠭᠠᠬᠤ ᠠᠵᠢᠯ ᠢ ᠡᠭᠦᠷᠭᠡᠯᠡᠨ᠎ᠡ᠃ ᠭᠠᠵᠠᠷ ᠬᠥᠳᠡᠯᠦᠯᠲᠡ ᠶᠢᠨ ᠪᠠᠴᠢᠮ

ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠭᠠᠮᠰᠢᠭ ᠢ ᠰᠡᠷᠭᠡᠶᠢᠯᠡᠨ ᠵᠠᠰᠠᠬᠤ ᠬᠠᠮᠢᠶ᠎ᠠ ᠪᠦᠬᠦᠢ ᠠᠵᠢᠯ ᠢ

ᠵᠢᠯᠣᠭᠤᠳᠤᠨ ᠵᠣᠬᠢᠴᠠᠭᠤᠯᠵᠤ᠂ ᠬᠦᠨᠳᠦ ᠶᠡᠭᠡ  ᠭᠠᠮᠰᠢᠭ ᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠶᠢ ᠵᠣᠬᠢᠶᠠᠨ ᠪᠠᠶᠢᠭᠤᠯᠤᠨ᠎ᠠ᠃ ᠤᠯᠠᠨ ᠤᠯᠤᠰ

᠎ ᠤᠨ ᠬᠤᠯᠪᠣᠭᠳᠠᠯ ᠪᠦᠬᠦᠢ ᠬᠠᠮᠲᠤᠷᠠᠯᠴᠠᠭ᠎ᠠ ᠪᠠ ᠠᠪᠤᠷᠠᠨ ᠲᠤᠰᠠᠯᠠᠬᠤ ᠠᠵᠢᠯ ᠢ ᠡᠭᠦᠷᠭᠡᠯᠡᠨ᠎ᠡ᠃

     ︵ᠠᠷᠪᠠ ︶ ᠦᠶᠡᠷ ᠢ ᠰᠡᠷᠭᠡᠶᠢᠯᠡᠵᠦ ᠭᠠᠩ ᠢ ᠡᠰᠡᠷᠭᠦᠴᠡᠬᠦ ᠰᠠᠯᠠᠭ᠎ᠠ

     ᠦᠶᠡᠷ ᠭᠠᠩ ᠤᠨ ᠭᠠᠮᠰᠢᠭ ᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠠᠵᠢᠯ ᠢ ᠵᠣᠬᠢᠶᠠᠨ ᠪᠠᠶᠢᠭᠤᠯᠤᠨ ᠵᠣᠬᠢᠴᠠᠭᠤᠯᠵᠤ᠂ ᠴᠢᠬᠤᠯᠠ ᠭᠤᠣᠯ

ᠮᠥᠷᠡᠨ ᠨᠠᠭᠤᠷ ᠴᠥᠭᠦᠷᠥᠮ ᠪᠣᠯᠤᠨ ᠴᠢᠬᠤᠯᠠ ᠤᠰᠤᠨ ᠤ ᠢᠨᠵᠧᠨᠧᠷᠢᠩ ᠢ ᠵᠣᠬᠢᠴᠠᠭᠤᠯᠵᠤ ᠪᠠᠶᠢᠭᠠᠳ ᠦᠶᠡᠷ ᠢ ᠰᠡᠷᠭᠡᠶᠢᠯᠡᠨ ᠭᠠᠩ ᠢ ᠡᠰᠡᠷᠭᠦᠴᠡᠬᠦ ᠲᠣᠬᠢᠷᠠᠭᠤᠯᠭ᠎ᠠ

ᠪᠠ ᠪᠠᠴᠢᠮ ᠪᠠᠶᠢᠳᠠᠯ ᠢ ᠠᠷᠭᠠᠴᠠᠬᠤ ᠤᠰᠤᠨ ᠤ ᠬᠡᠮᠵᠢᠶ᠎ᠡ ᠶᠢ ᠲᠣᠬᠢᠷᠠᠭᠤᠯᠬᠤ ᠠᠵᠢᠯ ᠢ ᠬᠡᠷᠡᠭᠵᠢᠭᠦᠯᠦᠨ᠎ᠡ᠃ ᠬᠤᠲᠠ ᠶᠢᠨ ᠦᠶᠡᠷ ᠢ ᠰᠡᠷᠭᠡᠶᠢᠯᠡᠵᠦ ᠭᠠᠩ ᠢ

ᠡᠰᠡᠷᠭᠦᠴᠡᠬᠦ ᠵᠢᠯᠣᠭᠤᠳᠬᠤ ᠭᠠᠵᠠᠷ ᠤᠨ ᠡᠳᠦᠷ ᠲᠤᠲᠤᠮ ᠤᠨ ᠠᠵᠢᠯ ᠢ ᠡᠭᠦᠷᠭᠡᠯᠡᠨ᠎ᠡ᠃

     ︵ᠠᠷᠪᠠᠨ ᠨᠢᠭᠡ ︶ ᠭᠠᠯ ᠤᠨ ᠠᠶᠤᠯ ᠢ ᠰᠡᠷᠭᠡᠶᠢᠯᠡᠨ ᠵᠠᠰᠠᠬᠤ ᠬᠠᠮᠢᠶᠠᠷᠤᠯᠲᠠ ᠶᠢᠨ ᠰᠠᠯᠠᠭ᠎ᠠ

     ᠭᠠᠯ ᠤᠨᠲᠠᠷᠠᠭᠠᠬᠤ ᠬᠠᠤᠯᠢ ᠴᠠᠭᠠᠵᠠ ᠬᠠᠤᠯᠢ ᠲᠣᠭᠲᠠᠭᠠᠯ ᠪᠣᠯᠤᠨ ᠮᠡᠷᠭᠡᠵᠢᠯ ᠤᠨ ᠪᠠᠷᠢᠮᠵᠢᠶ᠎ᠠ ᠶᠢ ᠲᠤᠭᠤᠰᠢᠯᠠᠭᠤᠯᠤᠨ ᠬᠡᠷᠡᠭᠵᠢᠭᠦᠯᠵᠦ᠂ ᠪᠦᠬᠦ ᠬᠤᠲᠠ ᠶᠢᠨ

ᠬᠤᠲᠠ ᠪᠠᠯᠭᠠᠰᠤ᠂ ᠮᠠᠯᠵᠢᠬᠤ ᠲᠠᠷᠢᠶᠠᠯᠠᠬᠤ ᠣᠷᠣᠨ᠂ ᠣᠶ ᠰᠢᠭᠤᠶ᠂ ᠨᠤᠲᠤᠭ ᠪᠡᠯᠴᠢᠭᠡᠷ ᠤᠨ ᠭᠠᠯ ᠤᠨᠲᠠᠷᠠᠭᠠᠬᠤ ᠠᠵᠢᠯ ᠤᠨ ᠲᠥᠯᠥᠪᠵᠢᠭᠦᠯᠭᠡ ᠶᠢ ᠨᠠᠶᠢᠷᠠᠭᠤᠯᠤᠨ

ᠵᠣᠬᠢᠶᠠᠬᠤ ᠶᠢᠨ ᠬᠠᠮᠲᠤ ᠨᠠᠶᠢᠲᠠᠪᠤᠷᠢᠵᠢᠭᠤᠯᠬᠤ ᠶᠢ ᠠᠬᠢᠭᠤᠯᠵᠤ᠂ ᠭᠠᠯ ᠤᠨᠲᠠᠷᠠᠭᠠᠬᠤ ᠳᠤ ᠬᠢᠨᠠᠯᠲᠠ ᠲᠠᠯᠪᠢᠬᠤ᠂ ᠭᠠᠯ ᠤᠨ ᠠᠶᠤᠯ ᠢ ᠰᠡᠷᠭᠡᠶᠢᠯᠡᠬᠦ᠂ ᠭᠠᠯ ᠤᠨ

ᠠᠶᠤᠯ ᠠᠴᠠ ᠠᠪᠤᠷᠠᠬᠤ ᠠᠵᠢᠯ ᠢ ᠵᠢᠯᠣᠭᠤᠳᠤᠨ᠎ᠠ᠃

     ︵ᠠᠷᠪᠠᠨ ᠬᠤᠶᠠᠷ︶ ᠪᠠᠶᠢᠴᠠᠭᠠᠨ ᠦᠨᠡᠯᠡᠬᠦ ᠪᠠ ᠪᠦᠷᠢᠳᠬᠡᠬᠦ ᠰᠠᠯᠠᠭ᠎ᠠ

     ᠦᠢᠯᠡᠳᠪᠦᠷᠢᠯᠡᠯ ᠤᠨ ᠠᠶᠦᠯᠭᠦᠢ ᠠᠳᠡᠯ ᠢ ᠪᠠᠶᠢᠴᠠᠭᠠᠨ ᠰᠢᠶᠳᠪᠦᠷᠢᠯᠡᠬᠦ ᠠᠵᠢᠯ ᠢ ᠬᠠᠤᠯᠢ ᠶᠣᠰᠣᠭᠠᠷ ᠡᠭᠦᠷᠭᠡᠯᠡᠨ᠂ ᠠᠳᠡᠯ ᠢ ᠪᠠᠶᠢᠴᠠᠭᠠᠨ ᠰᠢᠶᠳᠪᠦᠷᠢᠯᠡᠭᠰᠡᠨ

ᠪᠠ ᠬᠠᠷᠢᠭᠤᠴᠠᠯᠭ᠎ᠠ ᠨᠡᠬᠡᠮᠵᠢᠯᠡᠭᠰᠡᠨ ᠪᠠᠶᠢᠳᠠᠯ ᠳᠤ ᠬᠢᠨᠠᠯᠲᠠ ᠲᠠᠯᠪᠢᠵᠤ᠂ ᠪᠠᠶᠢᠭᠠᠯᠢ ᠶᠢᠨ ᠭᠠᠮᠰᠢᠭ ᠤᠨ ᠲᠥᠷᠥᠯ ᠤᠨ ᠭᠡᠨᠡᠳᠲᠡ ᠶᠢᠨ ᠬᠡᠷᠡᠭ ᠢ ᠪᠠᠶᠢᠴᠠᠭᠠᠵᠤ

ᠦᠨᠡᠯᠡᠨ ᠵᠢᠱᠢᠬᠦ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠪᠦᠷᠢᠳᠬᠡᠨ ᠵᠠᠳᠠᠯᠬᠤ ᠠᠵᠢᠯ ᠢ

ᠬᠠᠷᠢᠭᠤᠴᠠᠨ᠎ᠠ᠃ ᠢᠯᠡᠴᠢᠯᠡᠨ ᠮᠡᠳᠡᠭᠦᠯᠵᠦ ᠵᠠᠭᠠᠯᠳᠤᠭᠰᠠᠨ ᠵᠦᠶᠯ ᠢ ᠭᠦᠶᠴᠡᠳᠬᠡᠬᠦ ᠠᠵᠢᠯ ᠢ ᠬᠠᠷᠢᠭᠤᠴᠠᠨ᠎ᠠ᠃

ᠪᠠᠶᠢᠭᠤᠯᠭ᠎ᠠ ᠶᠢᠨ ᠨᠠᠮ ᠤᠨ ᠬᠤᠷᠢᠶ᠎ᠠ

       ᠪᠠᠶᠢᠭᠤᠯᠭ᠎ᠠ ᠪᠣᠯᠤᠨ ᠬᠠᠷᠢᠶ᠎ᠠ ᠠᠵᠢᠯ ᠦᠢᠯᠡᠰ ᠤᠨ ᠨᠢᠭᠡᠴᠢ ᠶᠢᠨ ᠨᠠᠮ ᠪᠠ ᠣᠯᠠᠨ ᠲᠦᠮᠡᠨ᠂ ᠰᠠᠬᠢᠯᠭ᠎ᠠ ᠪᠠᠲᠤ ᠪᠠᠶᠢᠴᠠᠭᠠᠬᠤ ᠵᠡᠷᠭᠡ ᠠᠵᠢᠯ ᠢ

ᠬᠠᠷᠢᠭᠤᠴᠠᠵᠤ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠵᠢᠨ‌‍ᠰᠢᠰᠲ᠋ᠧᠮ ᠤᠨ ᠦᠵᠡᠯ ᠰᠠᠨᠠᠭ᠎ᠠ ᠤᠯᠤᠰ ᠲᠥᠷᠥ ᠶᠢᠨ ᠪᠠᠶᠢᠭᠤᠯᠤᠯᠲᠠ ᠶᠢᠨ ᠠᠵᠢᠯ ᠢ

ᠵᠢᠯᠣᠭᠤᠳᠤᠨ᠎ᠠ᠃

       ᠲᠠᠪᠤᠳᠤᠭᠠᠷ ᠵᠦᠢᠯ

       ᠣᠷᠳᠣᠰ ᠬᠤᠲᠠ ᠶᠢᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠶᠢᠨ  ᠵᠠᠰᠠᠭ ᠵᠠᠬᠢᠷᠭᠠᠨ ᠤ ᠣᠷᠣᠨ ᠲᠤᠭ᠎ᠠ 24 ᠬᠦᠮᠦᠨ᠃

ᠲᠣᠪᠴᠢᠶᠠᠨ ᠳᠠᠷᠤᠭ᠎ᠠ 1 ᠬᠦᠮᠦᠨ᠂ ᠳᠡᠳ᠋ ᠲᠣᠪᠴᠢᠶᠠᠨ ᠳᠠᠷᠤᠭ᠎ᠠ 4 ᠬᠦᠮᠦᠨ︔ ᠰᠠᠯᠠᠭᠠᠨ ᠲᠠᠰ ᠤᠨ ᠤᠳᠤᠷᠢᠳᠬᠤ ᠲᠤᠰᠢᠶᠠᠯ ᠤᠨ ᠲᠤᠭ᠎ᠠ 19 ᠬᠦᠮᠦᠨ᠂ 14

ᠵᠢᠩᠬᠢᠨᠢ ᠰᠠᠯᠠᠭᠠᠨ ᠲᠡᠰ ( ᠶᠡᠷᠦᠩᠬᠡᠶ ᠢᠨᠵᠧᠨᠧᠷ 1 ᠬᠦᠮᠦᠨ᠂ ᠪᠠᠶᠢᠭᠤᠯᠭ᠎ᠠ ᠶᠢᠨ ᠨᠠᠮ ᠤᠨ ᠬᠤᠷᠢᠶᠠᠨ ᠤ ᠲᠤᠰᠬᠠᠶ ᠲᠤᠰᠢᠶᠠᠯᠲᠤ ᠳᠡᠳ᠋ ᠱᠦᠵᠢ 1 ᠬᠦᠮᠦᠨ

ᠪᠠᠭᠲᠠᠨ᠎ᠠ ) 5 ᠳᠡᠳ᠋ ᠰᠠᠯᠠᠭᠠᠨ ᠳᠡᠰ ᠪᠣᠶ᠃

       ᠵᠢᠷᠭᠤᠳᠤᠭᠠᠷ ᠵᠦᠢᠯ

       ᠣᠷᠳᠣᠰ ᠬᠤᠲᠠ ᠶᠢᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠳᠤ ᠬᠠᠷᠢᠶᠠᠯᠠᠬᠤ ᠠᠵᠢᠯ ᠦᠢᠯᠡᠰ ᠤᠨ ᠨᠢᠭᠡᠴᠢ ᠶᠢᠨ

ᠪᠠᠶᠢᠷᠢᠯᠠᠭᠤᠯᠤᠯᠲᠠ᠂  ᠲᠤᠰᠢᠶᠠᠯ ᠬᠠᠷᠢᠭᠤᠴᠠᠯᠭ᠎ᠠ ᠪᠣᠯᠤᠨ ᠣᠷᠣᠨ ᠲᠤᠭ᠎ᠠ ᠶᠢᠨ ᠶᠠᠪᠤᠳᠠᠯ ᠢ ᠠᠰ ᠲᠤᠨᠢ ᠲᠣᠭᠲᠠᠭᠠᠨ᠎ᠠ᠃

       ᠳᠣᠯᠣᠳᠤᠭᠠᠷ ᠵᠦᠢᠯ

       ᠲᠤᠰ ᠲᠣᠭᠲᠠᠭᠠᠯ ᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠣᠷᠳᠣᠰ ᠬᠤᠲᠠ ᠶᠢᠨ ᠬᠤᠷᠢᠶ᠎ᠠ ᠶᠢᠨ ᠪᠠᠶᠢᠭᠤᠯᠤᠮᠵᠢ ᠣᠷᠣᠨ ᠲᠣᠭᠠᠨ ᠤ ᠵᠥᠪᠯᠡᠯ

᠎ ᠤᠨ ᠠᠯᠪᠠᠨ ᠭᠡᠷ ᠠᠴᠠ ᠬᠠᠷᠢᠭᠤᠴᠠᠨ ᠲᠠᠶᠢᠯᠪᠤᠷᠢᠯᠠᠨ᠎ᠠ᠂ ᠲᠡᠭᠦᠨ ᠳᠤ ᠲᠣᠬᠢᠷᠠᠭᠤᠯᠤᠯᠲᠠ ᠬᠢᠬᠦ ᠶᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠣᠷᠳᠣᠰ ᠬᠤᠲᠠ

᠎ ᠶᠢᠨ ᠬᠤᠷᠢᠶ᠎ᠠ ᠶᠢᠨ ᠪᠠᠶᠢᠭᠤᠯᠤᠮᠵᠢ ᠣᠷᠣᠨ ᠲᠣᠭᠠᠨ ᠤ ᠵᠥᠪᠯᠡᠯ ᠤᠨ ᠠᠯᠪᠠᠨ ᠭᠡᠷ ᠠᠴᠠ ᠲᠣᠭᠲᠠᠭᠠᠭᠰᠠᠨ ᠳᠡᠰ ᠳᠠᠷᠠᠭᠠᠯᠠᠯ ᠢᠶᠠᠷ ᠭᠦᠢᠴᠡᠳᠬᠡᠨ᠎ᠡ᠃

ᠨᠠᠢᠮᠠᠳᠤᠭᠠᠷ  ᠵᠦᠢᠯ

       ᠲᠤᠰ ᠲᠣᠭᠲᠠᠭᠠᠯ ᠢ 2019 ᠣᠨ ᠤ 9 ᠳ᠋ᠦ᠋ᠭᠡᠷ ᠰᠠᠷ᠎ᠠ ᠶᠢᠨ 30᠎ ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃

       ᠠᠵᠢᠯᠯᠠᠬᠤ ᠬᠠᠶ᠋ᠢᠭ᠄ ᠣᠷᠳᠣᠰ ᠤᠨ ᠭᠦᠸᠧ ᠲᠠᠢ ᠬᠤᠳᠠᠯᠳᠤᠭᠠᠨ ᠤ ᠶᠠᠪᠤᠳᠠᠯ ᠤᠨ ᠲᠠᠯᠠᠪᠠᠶ ᠶᠢᠨ  T 2    19 ᠳ᠋ᠦ᠋ᠭᠡᠷ ᠳᠠᠪᠬᠤᠷᠭ᠎ᠠ

       ᠠᠯᠪᠠᠯᠠᠬᠤ ᠤᠲᠠᠰᠤ᠄ 0477 — 8589577

       ᠠᠵᠢᠯᠯᠠᠬᠤ ᠴᠠᠭ᠄ 9᠄ 00 —12᠄ 00   14᠄ 00—17᠄ 30 ( ᠭᠠᠷᠠᠭ ᠤᠨ ᠨᠢᠭᠡᠨ ᠠᠴᠠ ᠭᠠᠷᠠᠭ ᠤᠨ ᠲᠠᠪᠤᠨ᠂  ᠪᠠᠶᠠᠷ ᠳᠤᠷᠠᠰᠬᠠᠯ

ᠠᠮᠠᠷᠠᠯᠲᠠ ᠶᠢᠨ ᠡᠳᠦᠷ ᠠᠴᠠ ᠭᠠᠳᠠᠨ᠎ᠠ ) ᠰᠢᠦᠳᠠᠨ ᠳ᠋ᠤᠭᠠᠷ᠄ 017000

       ᠡᠭᠦᠳᠡᠨ ᠡᠷᠦᠬᠡ ᠶᠢᠨ ᠰᠦᠯᠵᠢᠶᠡᠨ ᠤ ᠬᠠᠶ᠋ᠢᠭ᠄ http᠄ / / yjglj . ordos . gov . cn᠃

 

ᠢᠷᠡᠯᠲᠡ᠄ ᠣᠷᠳᠣᠰ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠬᠡᠯᠡᠨ ᠤ ᠰᠦᠯᠵᠢᠶ᠎ᠡ