ᠠᠩᠬᠠᠨ ᠤ ᠡᠭᠦᠳᠡᠨ ᠪᠢᠯᠧᠲ ᠢ ᠬᠡᠯᠳᠦᠷᠢᠭᠦᠯᠦᠨ᠎ᠡ
ᠨᠡᠶᠢᠲᠡᠯᠡᠭᠰᠡᠨ ᠴᠠᠭ᠄
2024/3/29
      ᠳᠥᠷᠪᠡᠨ ᠵᠦᠭ ᠨᠡᠢᠮᠠᠨ ᠵᠣᠪᠬᠢᠰ ᠤᠨ ᠵᠤᠭᠠᠴᠠᠭᠰᠠᠳ ᠤᠨ ᠥᠪᠥᠷ ᠮᠣᠩᠭᠤᠯ ᠢᠶᠠᠷ ᠲᠤᠭᠤᠷᠢᠨ ᠵᠤᠭᠠᠴᠠᠬᠤ ᠶᠢ ᠪᠠᠶᠠᠷᠯᠠᠨ ᠤᠭᠲᠤᠬᠤ ᠶᠢᠨ ᠲᠥᠯᠥᠭᠡ᠂ ᠥᠪᠥᠷ ᠮᠣᠩᠭᠤᠯ ᠤᠨA ᠲᠡᠰ ᠤᠨ 80 ᠵᠤᠭᠠᠴᠠᠯ ᠤᠨ ᠦᠵᠡᠮᠵᠢ ᠶᠢᠨ ᠤᠷᠤᠨ ᠨᠢ 2024 ᠣᠨ ᠤ 4 ᠳ᠋ᠤᠭᠡᠷ ᠰᠠᠷ᠎ᠠ ᠶᠢᠨ 1᠎ ᠤ ᠡᠳᠦᠷ ᠠᠴᠠ 12 ᠳ᠋ᠤᠭᠠᠷ ᠰᠠᠷ᠎ᠠ ᠶᠢᠨ 31᠎ ᠤ ᠡᠳᠦᠷ ᠪᠤᠯᠲᠠᠯ᠎ᠠ ᠠᠩᠬᠠᠨ ᠤ ᠡᠭᠦᠳᠡᠨ ᠪᠢᠯᠧᠲ ᠢ ᠬᠡᠯᠲᠦᠷᠢᠭᠦᠯᠬᠦ ᠪᠠᠷ ᠪᠤᠢ᠃ ᠡᠭᠦᠨ ᠤ ᠬᠠᠮᠲᠤ᠂ ︽2024 ᠣᠨ ᠳᠤ ᠣᠷᠣᠨ ᠤ ᠭᠠᠳᠠᠨᠠᠬᠢ ᠵᠤᠭᠠᠴᠠᠭᠰᠠᠳ ᠢ ᠥᠪᠥᠷ ᠮᠣᠩᠭᠤᠯ ᠳᠤ ᠳᠠᠲᠠᠨ ᠠᠪᠴᠢᠷᠠᠭᠰᠠᠳ ᠢ ᠱᠠᠩᠨᠠᠬᠤ ᠠᠷᠭ᠎ᠠ︾᠎ ᠶᠢ 5 ᠳ᠋ᠤᠭᠠᠷ ᠰᠠᠷ᠎ᠠ ᠶᠢᠨ 1᠎ ᠤ ᠡᠳᠦᠷ ᠠᠴᠠ ᠡᠬᠢᠯᠡᠨ ᠬᠡᠷᠡᠭᠵᠢᠭᠦᠯᠬᠦ ᠎ ᠪᠠᠷ ᠪᠠᠶᠢᠨ᠎ᠠ᠃ 
6.jpg
7.jpg
ᠢᠷᠡᠯᠲᠡ᠄ ᠥᠪᠥᠷ ᠮᠣᠩᠭᠤᠯ ᠤᠨ ᠮᠤᠩᠭᠤᠯ ᠷᠠᠳᠢᠤ᠋