ᠨᠢᠭᠡ᠂ ᠣᠷᠳᠣᠰ ᠬᠤᠲᠠ ᠶᠢᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠶᠢᠨ ᠴᠢᠳᠠᠪᠬᠢ ᠶᠢᠨ ᠲᠣᠬᠢᠷᠠᠭᠤᠯᠤᠯᠲᠠ᠂ ᠳᠣᠲᠣᠭᠠᠳᠤ | ᠪᠠᠶᠢᠭᠤᠯᠤᠮᠵᠢ ᠪᠣᠯᠤᠨ ᠠᠵᠢᠯᠲᠠᠨ ᠤ ᠣᠷᠣᠨ ᠲᠤᠭ᠎ᠠ ᠶᠢᠨ ᠲᠣᠭᠲᠠᠭᠠᠯ | ᠨᠢᠭᠡᠳᠦᠭᠡᠷ ᠵᠦᠢᠯ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ | ᠤᠨ ᠣᠷᠳᠣᠨ ᠠᠴᠠ ᠵᠥᠪᠰᠢᠶᠡᠷᠡᠭᠰᠡᠨ ︽ᠣᠷᠳᠣᠰ ᠬᠤᠲᠠ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠲᠥᠰᠦᠯ︾ ᠪᠣᠯᠤᠨ ᠣᠷᠳᠣᠰ ᠬᠤᠲᠠ ᠶᠢᠨ | ᠳᠠᠷᠤᠮᠠᠯᠯᠠᠨ ᠲᠠᠷᠬᠠᠭᠠᠭᠰᠠᠨ ︽ᠣᠷᠳᠣᠰ ᠬᠤᠲᠠ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠬᠡᠷᠡᠭᠵᠢᠭᠦᠯᠬᠦ ᠰᠠᠨᠠᠯ︾ ᠢ ᠦᠨᠳᠦᠰᠦᠯᠡᠨ᠂ ᠲᠤᠰ ᠲᠣᠭᠲᠠᠭᠠᠯ ᠢ | ᠲᠣᠭᠲᠠᠭᠠᠪᠠ᠃ | ᠬᠤᠶᠠᠳᠤᠭᠠᠷ ᠵᠦᠢᠯ ᠣᠷᠳᠣᠰ ᠬᠤᠲᠠ ᠶᠢᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠪᠣᠯ ᠣᠷᠳᠣᠰ ᠬᠤᠲᠠ ᠶᠢᠨ ᠠᠷᠠᠳ ᠤᠨ | ᠵᠠᠰᠠᠭ ᠤᠨ ᠣᠷᠳᠣᠨ ᠤ ᠠᠵᠢᠯᠯᠠᠬᠤ ᠰᠠᠯᠠᠭ᠎ᠠ ᠮᠥᠴᠢᠷ ᠪᠣᠯᠬᠤ ᠪᠥᠭᠡᠳ ᠵᠢᠩᠬᠢᠨᠢ ᠰᠢᠶᠠᠨ ᠤ ᠳᠡᠰ ᠤᠨ ᠪᠠᠶᠢᠭᠤᠯᠭ᠎ᠠ ᠪᠣᠯᠤᠨ᠎ᠠ᠃ ᠣᠷᠳᠣᠰ ᠬᠤᠲᠠ ᠶᠢᠨ | ᠠᠶᠤᠯᠭᠦᠶ ᠦᠶᠯᠡᠳᠪᠦᠷᠢᠯᠡᠯ ᠤᠨ ᠵᠥᠪᠯᠡᠯ ᠤᠨ ᠠᠯᠪᠠᠨ ᠬᠡᠷ ᠢ ᠬᠤᠲᠠ ᠶᠢᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠳᠤ ᠪᠠᠶᠢᠷᠢᠯᠠᠭᠤᠯᠤᠨ᠎ᠠ | ᠃ | ᠭᠤᠷᠪᠠᠳᠤᠭᠠᠷ ᠵᠦᠢᠯ ᠣᠷᠳᠣᠰ ᠬᠤᠲᠠ ᠶᠢᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠂ ᠪᠠᠴᠢᠮ ᠪᠠᠶᠢᠳᠠᠯ ᠢ ᠠᠷᠭᠠᠴᠠᠬᠤ ᠠᠵᠢᠯ | ᠤᠨ ᠲᠤᠬᠠᠶ ᠨᠠᠮ ᠤᠨ ᠲᠥᠪ ᠬᠤᠷᠢᠶᠠᠨ ᠤ ᠴᠢᠭᠯᠡᠯᠲᠡ ᠲᠥᠷᠥ ᠶᠢᠨ ᠪᠣᠳᠣᠯᠭ᠎ᠠ ᠶᠢ ᠲᠤᠭᠤᠰᠢᠯᠠᠭᠤᠯᠤᠨ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ | ᠬᠤᠲᠠ ᠶᠢᠨ ᠨᠠᠮ ᠤᠨ ᠬᠤᠷᠢᠶᠠᠨ ᠤ ᠬᠠᠮᠢᠶ᠎ᠠ ᠪᠦᠬᠦᠢ ᠰᠢᠶᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠵᠤ᠂ ᠲᠤᠰᠢᠶᠠᠯ ᠬᠠᠷᠢᠭᠤᠴᠠᠯᠭ᠎ᠠ ᠪᠠᠨ | ᠭᠦᠢᠴᠡᠳᠬᠡᠬᠦ ᠶᠠᠪᠤᠴᠠ ᠳᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠠᠵᠢᠯ ᠳᠠᠬᠢ ᠨᠠᠮ ᠤᠨ ᠲᠥᠪᠯᠡᠷᠡᠩᠭᠦᠶ ᠨᠢᠭᠡᠳᠦᠯᠲᠡᠶ ᠤᠳᠤᠷᠢᠳᠤᠯᠭ᠎ᠠ ᠶᠢ | ᠪᠠᠷᠢᠮᠲᠠᠯᠠᠨ ᠴᠢᠩᠭᠠᠳᠬᠠᠨ᠎ᠠ᠃ | ᠭᠤᠣᠯ ᠲᠤᠰᠢᠶᠠᠯ ᠬᠠᠷᠢᠭᠤᠴᠠᠯᠭ᠎ᠠ ᠄ | ︵ᠨᠢᠭᠡ ︶ ᠤᠯᠤᠰ ᠤᠨ ᠬᠠᠤᠯᠢ ᠴᠠᠭᠠᠵᠠ ᠬᠠᠤᠯᠢ ᠲᠣᠭᠲᠠᠭᠠᠯ ᠢ ᠲᠤᠤᠱᠯᠠᠭᠤᠯᠤᠨ ᠬᠡᠷᠡᠭᠵᠢᠭᠦᠯᠵᠦ᠂ ᠥᠪᠡᠷᠲᠡᠭᠡᠨ ᠵᠠᠰᠠᠬᠤ ᠣᠷᠣᠨ ᠤ ᠪᠠᠴᠢᠮ ᠪᠠᠶᠢᠳᠠᠯ | ᠢ ᠠᠷᠭᠠᠴᠠᠭᠠᠬᠤ ᠬᠠᠮᠢᠶᠠᠷᠤᠯᠲᠠ᠂ ᠠᠶᠦᠯᠭᠦᠢ ᠦᠶᠯᠡᠳᠪᠦᠷᠢᠯᠡᠯ ᠵᠡᠷᠭᠡ ᠲᠠᠯ᠎ᠠ ᠶᠢᠨ ᠬᠠᠤᠯᠢ ᠲᠣᠭᠲᠠᠭᠠᠯ ᠢ ᠨᠠᠶᠢᠳᠠᠪᠤᠷᠢᠵᠢᠭᠤᠯᠵᠤ᠂ ᠪᠥᠬᠦ ᠬᠤᠲᠠ ᠶᠢᠨ ᠪᠠᠴᠢᠮ | ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠬᠥᠭᠵᠢᠯᠲᠡ ᠶᠢᠨ ᠲᠥᠯᠥᠪᠵᠢᠭᠦᠯᠭᠡ᠂ ᠠᠵᠢᠯ ᠤᠨ ᠲᠥᠰᠦᠯ ᠵᠡᠷᠭᠡ ᠶᠢ ᠰᠤᠳᠤᠯᠤᠨ ᠲᠤᠭᠤᠷᠪᠢᠨ ᠲᠤᠭᠳᠠᠭᠠᠬᠤ ᠶᠢᠨ | ᠬᠠᠮᠲᠤ ᠵᠣᠬᠢᠶᠠᠨ ᠪᠠᠶᠢᠭᠤᠯᠵᠤ ᠬᠡᠷᠡᠭᠵᠢᠭᠦᠯᠬᠦ ᠪᠠ ᠤᠬᠠᠭᠤᠯᠬᠤ ᠠᠵᠢᠯ ᠢ ᠬᠠᠷᠢᠭᠤᠴᠠᠨ᠎ᠠ᠃ | ︵ᠬᠤᠶᠠᠷ︶ ᠪᠥᠬᠦ ᠬᠤᠲᠠ ᠶᠢᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠠᠵᠢᠯ ᠢ ᠬᠠᠷᠢᠭᠤᠴᠠᠵᠤ᠂ ᠡᠯ᠎ᠡ ᠬᠤᠰᠢᠭᠤ ᠲᠣᠭᠤᠷᠢᠭ ᠡᠯ᠎ᠡ | ᠰᠠᠯᠠᠭ᠎ᠠ ᠮᠥᠴᠢᠷ ᠤᠨ ᠠᠶᠦᠯᠭᠦᠢ ᠦᠶᠯᠡᠳᠪᠦᠷᠢᠯᠡᠯ ᠤᠨ ᠲᠥᠷᠥᠯ᠂ ᠪᠠᠶᠢᠭᠠᠯᠢ ᠶᠢᠨ ᠭᠠᠮᠰᠢᠭ ᠤᠨ ᠲᠥᠷᠥᠯ ᠵᠡᠷᠭᠡ ᠭᠡᠨᠡᠳᠲᠡ ᠶᠢᠨ ᠬᠡᠷᠡᠭ ᠢ ᠠᠷᠭᠠᠴᠠᠬᠤ ᠪᠠ | ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠬᠠᠤ ᠶᠡᠷᠦᠩᠬᠡᠶᠢᠯᠡᠭᠰᠡᠨ ᠠᠵᠢᠯ ᠢ ᠵᠢᠯᠣᠭᠤᠳᠤᠨ᠎ᠠ᠃ ᠠᠶᠦᠯᠭᠦᠢ ᠦᠢᠯᠡᠳᠪᠦᠷᠢᠯᠡᠯ ᠤᠨ | ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢᠨ ᠠᠵᠢᠯ ᠢ ᠬᠠᠷᠢᠭᠤᠴᠠᠵᠤ᠂ ᠬᠤᠯᠪᠣᠭᠳᠠᠯ ᠪᠦᠬᠦᠢ ᠦᠢᠯᠡᠳᠪᠦᠷᠢ ᠠᠭᠤᠷᠬᠠᠶ ᠶᠢᠨ ᠠᠵᠢᠯ ᠲᠥᠷᠥᠯ ᠤᠨ ᠠᠶᠦᠯᠭᠦᠢ | ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ | ︵ᠭᠤᠷᠪᠠ︶ ᠪᠠᠴᠢᠮ ᠪᠠᠶᠢᠳᠠᠯ ᠢ ᠠᠷᠭᠠᠴᠠᠬᠤ ᠲᠣᠭᠲᠠᠯᠴᠠᠭ᠎ᠠ ᠶᠢᠨ ᠪᠠᠶᠢᠭᠤᠯᠤᠯᠲᠠ᠂ ᠠᠶᠦᠯᠭᠦᠢ ᠦᠢᠯᠡᠳᠪᠦᠷᠢᠯᠡᠯ ᠪᠣᠯᠤᠨ ᠭᠠᠮᠰᠢᠭ ᠢ ᠰᠡᠷᠭᠡᠶᠢᠯᠡᠨ | ᠭᠠᠮᠰᠢᠭ ᠢ ᠪᠠᠭᠠᠰᠬᠠᠬᠤ ᠶᠡᠷᠦᠩᠬᠡᠶᠢᠯᠡᠭᠰᠡᠨ ᠲᠥᠯᠥᠪᠵᠢᠭᠦᠯᠭᠡ ᠶᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠵᠤ᠂ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ᠂ | ᠠᠷᠭ᠎ᠠ ᠬᠡᠮᠵᠢᠶ᠎ᠡ ᠶᠢ ᠲᠤᠭᠤᠷᠪᠢᠨ ᠲᠤᠭᠳᠠᠭᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ᠃ | ︵ᠳᠥᠷᠪᠡ︶ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠤᠨ ᠲᠣᠭᠲᠠᠯᠴᠠᠭ᠎ᠠ ᠶᠢᠨ ᠪᠠᠶᠢᠭᠤᠯᠤᠯᠲᠠ ᠶᠢ ᠵᠢᠯᠣᠭᠤᠳᠤᠨ᠂ ᠤᠯᠤᠰ ᠤᠨ ᠠᠳᠡᠯ | ᠤᠨ ᠭᠠᠶ ᠭᠠᠮᠰᠢᠭ ᠪᠣᠯᠤᠨ ᠪᠠᠶᠢᠭᠠᠯᠢ ᠶᠢᠨ ᠭᠠᠮᠰᠢᠭ ᠢ ᠱᠠᠲᠤ ᠬᠤᠪᠢᠶᠠᠨ ᠠᠷᠭᠠᠴᠠᠬᠤ ᠳᠦᠷᠢᠮ ᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠠᠴᠢᠮ ᠪᠠᠶᠢᠳᠠᠯ ᠢ | ᠠᠷᠭᠠᠴᠠᠬᠤ ᠶᠡᠷᠦᠩᠬᠡᠶ ᠲᠥᠰᠦᠯ ᠪᠣᠯᠤᠨ ᠠᠶᠦᠯᠭᠦᠢ ᠦᠢᠯᠡᠳᠪᠦᠷᠢᠯᠡᠯ ᠤᠨ ᠲᠥᠷᠥᠯ᠂ ᠪᠠᠶᠢᠭᠠᠯᠢ ᠶᠢᠨ ᠭᠠᠮᠰᠢᠭ ᠤᠨ ᠲᠥᠷᠥᠯ ᠤᠨ ᠲᠤᠰᠬᠠᠶ ᠵᠦᠢᠯ ᠤᠨ ᠪᠡᠯᠡᠳᠬᠡᠯ | ᠲᠦᠰᠦᠪ ᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠵᠤ᠂ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠪ ᠢ ᠵᠣᠯᠭᠠᠭᠤᠯᠬᠤ ᠠᠵᠢᠯ ᠢ ᠶᠡᠷᠦᠩᠬᠡᠶᠢᠯᠡᠨ | ᠵᠣᠬᠢᠴᠠᠭᠤᠯᠵᠤ᠂ ᠬᠠᠮᠢᠶ᠎ᠠ ᠪᠦᠬᠦᠢ ᠪᠡᠯᠡᠳᠬᠡᠯ ᠲᠥᠰᠥᠪ ᠤᠨ ᠰᠣᠷᠢᠯᠲᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠪᠠᠴᠢᠮ ᠪᠠᠶᠢᠳᠠᠯ ᠢ ᠠᠷᠭᠠᠴᠠᠵᠤ ᠠᠶᠤᠯ ᠠᠴᠠ | ᠵᠠᠶᠢᠯᠠᠬᠤ ᠪᠡᠯᠡᠳᠭᠡᠮᠵᠢ ᠶᠢᠨ ᠪᠠᠶᠢᠭᠤᠯᠤᠯᠲᠠ ᠶᠢ ᠠᠬᠢᠭᠤᠯᠤᠨ᠎ᠠ᠃ | ︵ᠲᠠᠪᠤ︶ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠮᠡᠳᠡᠭᠡ ᠵᠠᠩᠭᠢ ᠶᠢᠨ ᠰᠢᠰᠲ᠋ᠧᠮ ᠢ ᠲᠦᠷᠦᠭᠦᠯᠡᠨ ᠪᠠᠶᠢᠭᠤᠯᠵᠤ᠂ ᠮᠡᠳᠡᠭᠡ ᠵᠠᠩᠭᠢ | ᠳᠠᠮᠵᠢᠭᠤᠯᠬᠤ ᠠᠷᠭ᠎ᠠ ᠵᠠᠮ ᠢ ᠲᠥᠯᠥᠪᠵᠢᠭᠦᠯᠬᠦ ᠪᠠ ᠪᠠᠶᠢᠷᠢᠯᠠᠭᠤᠯᠬᠤ ᠠᠵᠢᠯ ᠢ ᠠᠬᠢᠭᠤᠯᠵᠤ᠂ ᠬᠢᠨᠠᠨ ᠬᠡᠮᠵᠢᠵᠦ ᠰᠡᠷᠡᠮᠵᠢᠯᠡᠭᠦᠯᠬᠦ ᠪᠠ ᠭᠠᠮᠰᠢᠭ ᠤᠨ ᠪᠠᠶᠢᠳᠠᠯ ᠢ | ᠮᠡᠳᠡᠭᠦᠯᠬᠦ ᠳᠦᠷᠢᠮ ᠢ ᠪᠠᠶᠢᠭᠤᠯᠤᠨ᠂ ᠪᠠᠶᠢᠭᠠᠯᠢ ᠶᠢᠨ ᠭᠠᠮᠰᠢᠭ ᠤᠨ ᠮᠡᠳᠡᠭᠡ ᠵᠠᠩᠭᠢ ᠶᠢᠨ ᠡᠬᠢ ᠪᠠᠶᠠᠯᠢᠭ ᠢ ᠣᠯᠬᠤ ᠪᠠ ᠬᠠᠮᠲᠤᠪᠠᠷ ᠡᠳ᠋ᠯᠡᠬᠦ ᠲᠣᠭᠲᠠᠴᠠ ᠶᠢ | ᠪᠦᠷᠢᠨᠰᠢᠭᠦᠯᠵᠦ᠂ ᠭᠠᠮᠰᠢᠭ ᠤᠨ ᠪᠠᠶᠢᠳᠠᠯ ᠬᠢᠭᠡᠳ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠭᠰᠠᠨ ᠪᠠᠶᠢᠳᠠᠯ ᠢ ᠬᠠᠤᠯᠢ ᠶᠣᠰᠣᠭᠠᠷ ᠨᠡᠶᠢᠳᠡᠯᠡᠨ᠎ᠡ᠃ | ︵ᠵᠢᠷᠭᠤᠭ᠎ᠠ︶ ᠲᠤᠰᠢᠶᠠᠯ ᠬᠠᠷᠢᠭᠤᠴᠠᠯᠭ᠎ᠠ ᠶᠢᠨ ᠬᠡᠪᠴᠢᠶᠡᠨ ᠳᠠᠬᠢ ᠪᠠᠴᠢᠮ ᠪᠠᠶᠢᠳᠠᠯ ᠢ ᠠᠷᠭᠠᠴᠠᠬᠤ ᠵᠢᠵᠢᠭᠦᠷᠯᠡᠨ ᠰᠠᠬᠢᠬᠤ ᠠᠵᠢᠯ ᠢ ᠡᠭᠦᠷᠭᠡᠯᠡᠨ᠎ᠡ᠃ | ᠠᠶᠦᠯᠭᠦᠢ ᠦᠢᠯᠡᠳᠪᠦᠷᠢᠯᠡᠯ ᠤᠨ ᠲᠥᠷᠥᠯ᠂ ᠪᠠᠶᠢᠭᠠᠯᠢ ᠶᠢᠨ ᠭᠠᠮᠰᠢᠭ ᠤᠨ ᠲᠥᠷᠥᠯ ᠵᠡᠷᠭᠡ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠠᠪᠤᠷᠠᠨ | ᠲᠤᠰᠠᠯᠠᠯᠲᠠ ᠶᠢ ᠵᠣᠬᠢᠶᠠᠨ ᠪᠠᠶᠢᠭᠤᠯᠤᠨ ᠵᠢᠯᠣᠭᠤᠳᠴᠤ᠂ ᠬᠤᠲᠠ ᠶᠢᠨ ᠬᠦᠨᠳᠦ ᠶᠡᠭᠡ ᠭᠠᠮᠰᠢᠭ ᠢ ᠠᠷᠭᠠᠴᠠᠬᠤ ᠵᠢᠯᠣᠭᠤᠳᠬᠤ ᠭᠠᠵᠠᠷ ᠤᠨ ᠠᠵᠢᠯ ᠢ ᠡᠭᠦᠷᠭᠡᠯᠡᠨ᠂ | ᠭᠡᠨᠡᠳᠲᠡ ᠶᠢᠨ ᠬᠡᠷᠡᠭ ᠤᠨ ᠬᠥᠭᠵᠢᠯᠲᠡ ᠶᠢᠨ ᠪᠠᠶᠢᠳᠠᠯ ᠢ ᠶᠡᠷᠦᠩᠬᠡᠶᠢᠯᠡᠨ ᠰᠤᠳᠤᠯᠤᠨ ᠮᠠᠭᠠᠳᠯᠠᠬᠤ ᠶᠢᠨ ᠬᠠᠮᠲᠤ ᠠᠷᠭᠠᠴᠠᠬᠤ ᠰᠠᠨᠠᠭᠤᠯᠭ᠎ᠠ ᠳᠤᠷᠠᠳᠴᠤ᠂ ᠬᠤᠲᠠ | ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ ᠵᠢᠭᠠᠨ ᠲᠣᠭᠲᠠᠭᠠᠭᠰᠠᠨ ᠬᠠᠷᠢᠭᠤᠴᠠᠬᠤ ᠨᠥᠬᠦᠷ ᠢ ᠬᠠᠪᠰᠤᠷᠤᠨ ᠬᠦᠨᠳᠦ ᠶᠡᠭᠡ ᠭᠠᠮᠰᠢᠭ ᠤᠨ | ᠪᠠᠴᠢᠮ ᠪᠠᠶᠢᠳᠠᠯ ᠢ ᠠᠷᠭᠠᠴᠠᠵᠤ ᠰᠢᠶᠳᠪᠦᠷᠢᠯᠡᠬᠦ ᠠᠵᠢᠯ ᠢ ᠵᠣᠬᠢᠶᠠᠨ ᠪᠠᠶᠢᠭᠤᠯᠤᠨ᠎ᠠ᠃ | ︵ᠳᠣᠯᠤᠭ᠎ᠠ︶ ᠡᠯ᠎ᠡ ᠲᠥᠷᠥᠯ ᠤᠨ ᠪᠠᠴᠢᠮ ᠪᠠᠶᠢᠳᠠᠯ ᠢ ᠠᠷᠭᠠᠴᠠᠬᠤ ᠲᠤᠰᠬᠠᠶ ᠡᠩᠨᠡᠭᠡ ᠶᠢ ᠡᠷᠬᠡ ᠮᠡᠳᠡᠯ ᠤᠨ ᠬᠡᠪᠴᠢᠶᠡᠨ ᠳᠤ ᠵᠣᠬᠢᠴᠠᠭᠤᠯᠤᠨ | ᠵᠢᠯᠣᠭᠤᠳᠴᠤ᠂ ᠪᠠᠴᠢᠮ ᠪᠠᠶᠢᠳᠠᠯ ᠢ ᠠᠷᠭᠠᠴᠠᠬᠤ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠪᠠᠶᠢᠭᠤᠯᠤᠨ᠂ ᠵᠢᠯᠣᠭᠤᠳᠬᠤ ᠲᠠᠪᠴᠠᠩ ᠢ ᠵᠣᠯᠭᠠᠭᠤᠯᠬᠤ ᠶᠢ | ᠠᠬᠢᠭᠤᠯᠵᠤ᠂ ᠭᠠᠯ ᠤᠨᠲᠠᠷᠠᠭᠠᠬᠤ᠂ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠡᠩᠨᠡᠭᠡ᠂ ᠴᠢᠯᠥᠭᠡᠯᠡᠬᠦ ᠴᠡᠷᠢᠭ ᠪᠣᠯᠤᠨ ᠵᠡᠪᠰᠡᠭᠲᠦ ᠴᠠᠭᠳᠠᠭ᠎ᠠ ᠶᠢᠨ | ᠴᠡᠷᠢᠭ ᠠᠩᠭᠢ ᠨᠤᠭᠤᠳ ᠢ ᠵᠣᠯᠭᠠᠯᠴᠠᠭᠤᠯᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠠᠵᠢᠯ ᠳᠤ ᠤᠷᠤᠯᠴᠠᠭᠤᠯᠤᠨ᠎ᠠ᠃ ᠪᠠᠴᠢᠮ ᠪᠠᠶᠢᠳᠠᠯ ᠢ | ᠠᠷᠭᠠᠴᠠᠵᠤ ᠠᠪᠤᠷᠠᠨ ᠲᠤᠰᠠᠯᠠᠬᠤ ᠬᠦᠴᠦᠨ ᠤ ᠪᠠᠶᠢᠭᠤᠯᠤᠯᠲᠠ ᠶᠢ ᠨᠢᠭᠡᠳᠦᠯᠲᠡᠶ ᠲᠥᠯᠥᠪᠯᠡᠨ ᠵᠢᠯᠣᠭᠤᠳᠴᠤ᠂ ᠭᠠᠯ ᠤᠨᠲᠠᠷᠠᠭᠠᠬᠤ᠂ ᠣᠶ ᠰᠢᠭᠤᠶ ᠪᠠ ᠨᠤᠲᠤᠭ | ᠪᠡᠯᠴᠢᠭᠡᠷ ᠤᠨ ᠭᠠᠯ ᠤᠨ ᠠᠶᠤᠯ ᠠᠴᠠ ᠠᠪᠤᠷᠠᠬᠤ᠂ ᠦᠶᠡᠷ ᠲᠠᠢ ᠲᠡᠮᠡᠴᠡᠨ ᠠᠶᠤᠯ ᠠᠴᠠ ᠠᠪᠤᠷᠠᠬᠤ᠂ ᠭᠠᠵᠠᠷ ᠬᠥᠳᠡᠯᠦᠯᠲᠡ ᠪᠠ ᠭᠠᠵᠠᠷ ᠰᠢᠨᠵᠢᠯᠡᠭᠡᠨ ᠤ ᠭᠠᠮᠰᠢᠭ | ᠠᠴᠠ ᠠᠪᠤᠷᠠᠨ ᠲᠤᠰᠠᠯᠠᠬᠤ᠂ ᠦᠢᠯᠡᠳᠪᠦᠷᠢᠯᠡᠯ ᠤᠨ ᠠᠶᠦᠯᠭᠦᠢ ᠶᠢᠨ ᠠᠳᠡᠯ ᠠᠴᠠ ᠠᠪᠤᠷᠠᠨ ᠲᠤᠰᠠᠯᠠᠬᠤ ᠵᠡᠷᠭᠡ ᠪᠠᠴᠢᠮ ᠪᠠᠶᠢᠳᠠᠯ ᠢ ᠠᠷᠭᠠᠴᠠᠵᠤ ᠠᠪᠤᠷᠠᠨ | ᠲᠤᠰᠠᠯᠠᠬᠤ ᠲᠤᠰᠬᠠᠶ ᠬᠦᠴᠦᠨ ᠤ ᠪᠠᠶᠢᠭᠤᠯᠤᠯᠲᠠ ᠶᠢ ᠵᠣᠬᠢᠶᠠᠨ ᠪᠠᠶᠢᠭᠤᠯᠤᠨ ᠵᠣᠬᠢᠴᠠᠭᠤᠯᠤᠨ ᠵᠢᠯᠣᠭᠤᠳᠴᠤ᠂ ᠡᠯ᠎ᠡ ᠬᠤᠰᠢᠭᠤ ᠲᠣᠭᠤᠷᠢᠭ ᠵᠢᠴᠢ ᠨᠡᠶᠢᠭᠡᠮ ᠤᠨ | ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠬᠦᠴᠦᠨ ᠤ ᠪᠠᠶᠢᠭᠤᠯᠤᠯᠲᠠ ᠶᠢ ᠵᠣᠬᠢᠶᠠᠨ ᠪᠠᠶᠢᠭᠤᠯᠤᠨ ᠠᠬᠢᠭᠤᠯᠤᠨ᠎ᠠ᠃ | ︵ᠨᠠᠶᠮᠠ︶ ᠪᠦᠬᠦ ᠬᠤᠲᠠ ᠶᠢᠨ ᠭᠠᠯ ᠤᠨᠲᠠᠷᠠᠭᠠᠬᠤ ᠳᠤ ᠬᠢᠨᠠᠯᠲᠠ ᠲᠠᠯᠪᠢᠬᠤ᠂ ᠭᠠᠯ ᠤᠨ ᠠᠶᠤᠯ ᠢ ᠰᠡᠷᠭᠡᠶᠢᠯᠡᠬᠦ᠂ ᠭᠠᠯ ᠲᠦᠢᠮᠡᠷ ᠢ ᠳᠠᠷᠤᠵᠤ ᠠᠶᠤᠯ ᠠᠴᠠ | ᠠᠪᠤᠷᠠᠬᠤ ᠵᠡᠷᠭᠡ ᠠᠵᠢᠯ ᠢ ᠡᠷᠬᠡ ᠮᠡᠳᠡᠯ ᠤᠨ ᠬᠡᠪᠴᠢᠶᠡᠨ ᠳᠤ ᠵᠣᠬᠢᠴᠠᠭᠤᠯᠤᠨ ᠵᠢᠯᠣᠭᠤᠳᠤᠨ᠎ᠠ᠃ | ︵ᠶᠢᠰᠦ ︶ ᠪᠦᠬᠦ ᠬᠤᠲᠠ ᠶᠢᠨ ᠣᠶ ᠰᠢᠭᠤᠶ ᠂ ᠨᠤᠲᠤᠭ ᠪᠡᠯᠴᠢᠭᠡᠷ ᠤᠨ ᠭᠠᠯ ᠤᠨ ᠠᠶᠤᠯ᠂ ᠦᠶᠡᠷ ᠭᠠᠩ ᠤᠨ ᠭᠠᠮᠰᠢᠭ᠂ ᠭᠠᠵᠠᠷ ᠬᠥᠳᠡᠯᠦᠯᠲᠡ ᠪᠠ | ᠭᠠᠵᠠᠷ ᠰᠢᠨᠵᠢᠯᠡᠭᠡᠨ ᠤ ᠭᠠᠮᠰᠢᠭ ᠵᠡᠷᠭᠡ ᠶᠢ ᠰᠡᠷᠭᠡᠶᠢᠯᠡᠨ ᠵᠠᠰᠠᠬᠤ ᠠᠵᠢᠯ ᠢ ᠵᠢᠯᠣᠭᠤᠳᠤᠨ ᠵᠣᠬᠢᠴᠠᠭᠤᠯᠵᠤ᠂ ᠪᠠᠶᠢᠭᠠᠯᠢ ᠶᠢᠨ ᠭᠠᠮᠰᠢᠭ ᠢ ᠶᠡᠷᠦᠩᠬᠡᠶᠢᠯᠡᠨ ᠬᠢᠨᠠᠨ | ᠬᠡᠮᠵᠢᠵᠦ ᠰᠡᠷᠡᠮᠵᠢᠯᠡᠭᠦᠯᠬᠦ ᠠᠵᠢᠯ ᠢ ᠬᠠᠷᠢᠭᠤᠴᠠᠨ᠂ ᠪᠠᠶᠢᠭᠠᠯᠢ ᠶᠢᠨ ᠭᠠᠮᠰᠢᠭ ᠤᠨ ᠶᠡᠷᠦᠩᠬᠡᠶᠢᠯᠡᠭᠰᠡᠨ ᠲᠦᠭᠰᠢᠭᠦᠷᠢ ᠦᠨᠡᠯᠡᠯᠲᠡ ᠶᠢᠨ ᠠᠵᠢᠯ ᠢ ᠵᠣᠬᠢᠶᠠᠨ ᠪᠠᠶᠢᠭᠤᠯᠤᠨ | ᠵᠢᠯᠣᠭᠤᠳᠤᠨ᠎ᠠ᠃ | ︵ᠠᠷᠪᠠ︶ ᠭᠠᠮᠰᠢᠭ ᠠᠴᠠ ᠠᠪᠤᠷᠠᠨ ᠲᠤᠰᠠᠯᠠᠬᠤ ᠠᠵᠢᠯ ᠢ ᠵᠣᠬᠢᠶᠠᠨ ᠪᠠᠶᠢᠭᠤᠯᠤᠨ ᠵᠣᠬᠢᠴᠠᠭᠤᠯᠵᠤ᠂ ᠭᠠᠮᠰᠢᠭ ᠤᠨ ᠪᠠᠶᠢᠳᠠᠯ ᠢ ᠬᠠᠷᠭᠤᠭᠤᠯᠤᠨ | ᠪᠠᠶᠢᠴᠠᠭᠠᠵᠤ ᠳᠡᠭᠡᠭᠰᠢ ᠮᠡᠳᠡᠭᠦᠯᠬᠦ᠂ ᠬᠤᠬᠢᠷᠠᠯ ᠢ ᠦᠨᠡᠯᠡᠨ ᠵᠢᠱᠢᠬᠦ᠂ ᠭᠠᠮᠰᠢᠭ ᠠᠴᠠ ᠠᠪᠤᠷᠠᠬᠤ ᠬᠠᠨᠳᠢᠪᠯᠠᠨ ᠬᠦᠷᠭᠡᠬᠦ ᠠᠵᠢᠯ ᠢ ᠵᠣᠬᠢᠶᠠᠨ ᠪᠠᠶᠢᠭᠤᠯᠤᠨ | ᠵᠢᠯᠣᠭᠤᠳᠴᠤ᠂ ᠬᠤᠲᠠ ᠶᠢᠨ ᠭᠠᠮᠰᠢᠭ ᠠᠴᠠ ᠠᠪᠤᠷᠠᠬᠤ ᠵᠣᠭᠤᠰ ᠮᠥᠩᠭᠦ ᠡᠳ᠋ ᠪᠣᠳᠠᠰ ᠢ ᠬᠠᠮᠢᠶᠠᠷᠴᠤ ᠬᠤᠪᠢᠶᠠᠷᠢᠯᠠᠬᠤ ᠶᠢᠨ ᠬᠠᠮᠲᠤ ᠬᠡᠷᠡᠭᠯᠡᠯᠲᠡ ᠳᠤ ᠬᠢᠨᠠᠯᠲᠠ | ᠲᠠᠯᠪᠢᠨ᠎ᠠ᠃ | ︵ᠠᠷᠪᠠᠨ ᠨᠢᠭᠡ︶ ᠭᠠᠵᠠᠷ ᠬᠥᠳᠡᠯᠦᠯᠲᠡ ᠠᠴᠠ ᠰᠡᠷᠭᠡᠶᠢᠯᠡᠵᠦ ᠭᠠᠮᠰᠢᠭ ᠢ ᠪᠠᠭᠠᠰᠬᠠᠬᠤ ᠠᠵᠢᠯ ᠢ ᠬᠠᠤᠯᠢ ᠶᠣᠰᠣᠭᠠᠷ ᠬᠢᠨᠠᠯᠲᠠ ᠲᠠᠯᠪᠢᠨ ᠪᠠᠶᠢᠴᠠᠭᠠᠵᠤ᠂ | ᠭᠠᠵᠠᠷ ᠬᠥᠳᠡᠯᠦᠯᠲᠡ ᠠᠴᠠ ᠰᠡᠷᠭᠡᠶᠢᠯᠡᠵᠦ ᠭᠠᠮᠰᠢᠭ ᠢ ᠪᠠᠭᠠᠰᠬᠠᠬᠤ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ ᠲᠤᠭᠤᠷᠪᠢᠬᠤ ᠶᠢᠨ ᠬᠠᠮᠲᠤ ᠵᠣᠬᠢᠶᠠᠨ | ᠪᠠᠶᠢᠭᠤᠯᠤᠨ ᠬᠡᠷᠡᠭᠵᠢᠭᠦᠯᠵᠦ᠂ ᠭᠠᠵᠠᠷ ᠬᠥᠳᠡᠯᠦᠯᠲᠡ ᠠᠴᠠ ᠰᠡᠷᠭᠡᠶᠢᠯᠡᠵᠦ ᠭᠠᠮᠰᠢᠭ ᠢ ᠪᠠᠭᠠᠰᠬᠠᠬᠤ ᠦᠶᠯᠡᠰ ᠤᠨ ᠬᠥᠭᠵᠢᠯᠲᠡ ᠶᠢᠨ ᠲᠥᠯᠥᠪᠵᠢᠭᠦᠯᠭᠡ ᠪᠠ | ᠲᠥᠯᠥᠪᠯᠡᠭᠡ ᠶᠢ ᠲᠣᠭᠲᠠᠭᠠᠵᠤ᠂ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠠᠶᠦᠯᠭᠦᠢ ᠶᠢ ᠦᠨᠡᠯᠡᠬᠦ ᠬᠠᠮᠢᠶᠠᠷᠤᠯᠲᠠ ᠪᠣᠯᠤᠨ ᠭᠠᠵᠠᠷ ᠬᠥᠳᠡᠯᠦᠯᠲᠡ ᠶᠢ | ᠳᠠᠭᠠᠭᠠᠬᠤ ᠰᠡᠷᠭᠡᠶᠢᠯᠡᠯᠲᠡ ᠪᠠᠶᠢᠷᠢᠯᠠᠭᠤᠯᠬᠤ ᠱᠠᠭᠠᠷᠳᠠᠯᠭ᠎ᠠ ᠶᠢ ᠲᠣᠭᠲᠠᠭᠠᠬᠤ ᠠᠵᠢᠯ ᠢ ᠡᠭᠦᠷᠭᠡᠯᠡᠨ᠎ᠡ᠃ | ︵ᠠᠷᠪᠠᠨ ᠬᠤᠶᠠᠷ︶ ᠬᠤᠲᠠ ᠶᠢᠨ ᠠᠶᠦᠯᠭᠦᠢ ᠦᠶᠯᠡᠳᠪᠦᠷᠢᠯᠡᠯ ᠤᠨ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢᠨ ᠡᠷᠬᠡ ᠲᠤᠰᠢᠶᠠᠯ ᠢᠶᠠᠨ ᠬᠠᠤᠯᠢ | ᠶᠣᠰᠣᠭᠠᠷ ᠬᠡᠷᠡᠭᠵᠢᠭᠦᠯᠵᠦ᠂ ᠬᠤᠲᠠ ᠶᠢᠨ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ ᠪᠣᠯᠤᠨ ᠡᠯ᠎ᠡ ᠬᠤᠰᠢᠭᠤ ᠲᠣᠭᠤᠷᠢᠭ ᠤᠨ ᠠᠷᠠᠳ ᠤᠨ ᠵᠠᠰᠠᠭ | ᠤᠨ ᠣᠷᠳᠣᠨ ᠤ ᠠᠶᠦᠯᠭᠦᠢ ᠦᠶᠯᠡᠳᠪᠦᠷᠢᠯᠡᠯ ᠤᠨ ᠠᠵᠢᠯ ᠢ ᠵᠢᠯᠣᠭᠤᠳᠤᠨ ᠵᠣᠬᠢᠴᠠᠭᠤᠯᠵᠤ᠂ ᠬᠢᠨᠠᠯᠲᠠ ᠲᠠᠯᠪᠢᠨ ᠪᠠᠶᠢᠴᠠᠭᠠᠵᠤ᠂ ᠠᠶᠦᠯᠭᠦᠢ ᠦᠶᠯᠡᠳᠪᠦᠷᠢᠯᠡᠯ ᠤᠨ | ᠠᠵᠢᠯ ᠢ ᠲᠣᠭᠤᠷᠢᠨ ᠪᠠᠶᠢᠴᠠᠭᠠᠵᠤ᠂ ᠬᠢᠨᠠᠨ ᠰᠢᠯᠭᠠᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ | ︵ᠠᠷᠪᠠᠨ ᠭᠤᠷᠪᠠ︶ ᠱᠠᠲᠤ ᠬᠤᠪᠢᠶᠠᠬᠤ᠂ ᠬᠠᠷᠢᠶ᠎ᠠ ᠭᠠᠵᠠᠷ ᠲᠤᠨᠢ ᠬᠠᠷᠢᠶᠠᠯᠠᠭᠤᠯᠬᠤ ᠵᠠᠷᠴᠢᠮ ᠤᠨ ᠶᠣᠰᠣᠭᠠᠷ᠂ ᠨᠡᠭᠦᠷᠡᠰᠦᠨ ᠤ ᠪᠤᠰᠤ ᠠᠭᠤᠷᠬᠠᠶ᠂ | ᠲᠡᠮᠦᠷᠯᠢᠭ᠂ ᠥᠩᠭᠡᠲᠦ ᠲᠡᠮᠦᠷᠯᠢᠭ᠂ ᠪᠠᠷᠢᠯᠭ᠎ᠠ ᠶᠢᠨ ᠮᠠᠲ᠋ᠧᠷᠢᠶᠠᠯ᠂ ᠮᠧᠬᠠᠨᠢᠭ᠂ ᠬᠥᠩᠭᠡᠨ ᠠᠵᠤ ᠦᠢᠯᠡᠳᠪᠦᠷᠢ᠂ ᠨᠡᠬᠡᠮᠡᠯ᠂ ᠨᠠᠪᠴᠢᠨ ᠲᠠᠮᠠᠬᠢ ᠦᠢᠯᠡᠳᠪᠦᠷᠢᠯᠡᠵᠦ | ᠡᠵᠡᠩᠨᠡᠬᠦ ᠨᠢᠭᠡᠴᠢ ᠶᠢᠨ ᠠᠶᠦᠯᠭᠦᠢ ᠦᠢᠯᠡᠳᠪᠦᠷᠢᠯᠡᠯ ᠤᠨ ᠬᠠᠤᠯᠢ ᠴᠠᠭᠠᠵᠠ ᠬᠠᠤᠯᠢ ᠲᠣᠭᠲᠠᠭᠠᠯ ᠢ ᠲᠤᠭᠤᠰᠢᠯᠠᠭᠤᠯᠤᠨ ᠬᠡᠷᠡᠭᠵᠢᠭᠦᠯᠵᠦ ᠪᠠᠶᠢᠭ᠎ᠠ ᠪᠠᠶᠢᠳᠠᠯ ᠬᠢᠭᠡᠳ | ᠠᠶᠦᠯᠭᠦᠢ ᠦᠢᠯᠡᠳᠪᠦᠷᠢᠯᠡᠯ ᠤᠨ ᠨᠥᠬᠦᠴᠡᠯ ᠪᠣᠯᠤᠨ ᠬᠤᠯᠪᠣᠭᠳᠠᠯ ᠪᠦᠬᠦᠢ ᠲᠥᠬᠦᠭᠡᠷᠦᠮᠵᠢ ︵ᠣᠨᠴᠠ ᠲᠥᠷᠥᠯ ᠤᠨ ᠲᠥᠬᠦᠭᠡᠷᠦᠮᠵᠢ ᠪᠠᠭᠲᠠᠬᠤ ᠦᠭᠡᠶ︶᠂ | ᠮᠠᠲ᠋ᠧᠷᠢᠶᠠᠯ᠂ ᠬᠥᠳᠡᠯᠮᠦᠷᠢ ᠶᠢᠨ ᠬᠠᠮᠠᠭᠠᠯᠠᠯᠲᠠ ᠶᠢᠨ ᠬᠡᠷᠡᠭᠰᠡᠯ ᠤᠨ ᠠᠶᠦᠯᠭᠦᠢ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠠᠵᠢᠯ ᠢ ᠬᠠᠤᠯᠢ ᠶᠣᠰᠣᠭᠠᠷ ᠬᠢᠨᠠᠨ | ᠪᠠᠶᠢᠴᠠᠭᠠᠨ᠎ᠠ᠃ ᠠᠶᠤᠯᠭᠦᠢ ᠦᠢᠯᠡᠳᠪᠦᠷᠢᠯᠡᠯ ᠤᠨ ᠵᠥᠪᠰᠢᠶᠡᠷᠡᠯ ᠤᠨ ᠲᠦᠷᠢᠮ ᠢ ᠬᠡᠷᠡᠭᠵᠢᠭᠦᠯᠬᠦ ᠶᠢ ᠬᠠᠤᠯᠢ ᠶᠣᠰᠣᠭᠠᠷ ᠵᠣᠬᠢᠶᠠᠨ ᠪᠠᠶᠢᠭᠤᠯᠬᠤ ᠶᠢᠨ ᠬᠠᠮᠲᠤ | ᠵᠢᠯᠣᠭᠤᠳᠤᠨ ᠬᠢᠨᠠᠯᠲᠠ ᠲᠠᠯᠪᠢᠨ᠎ᠠ᠃ ᠠᠶᠤᠯ ᠲᠠᠢ ᠬᠢᠮᠢ ᠶᠢᠨ ᠪᠣᠳᠠᠰ ᠤᠨ ᠠᠶᠦᠯᠭᠦᠢ ᠶᠢᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠠᠵᠢᠯ ᠪᠣᠯᠤᠨ ᠬᠤᠸᠠᠷ | ᠫᠤᠤᠵᠢᠩ ᠤᠨ ᠠᠶᠦᠯᠭᠦᠢ ᠶᠢᠨ ᠬᠢᠨᠠᠯᠲᠠ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ | ︵ᠠᠷᠪᠠᠨ ᠳᠥᠷᠪᠡ︶ ᠦᠢᠯᠡᠳᠪᠦᠷᠢᠯᠡᠯ ᠤᠨ ᠠᠶᠦᠯᠭᠦᠢ ᠶᠢᠨ ᠠᠳᠡᠯ ᠢ ᠪᠠᠶᠢᠴᠠᠭᠠᠨ ᠰᠢᠶᠳᠪᠦᠷᠢᠯᠡᠬᠦ ᠶᠢ ᠬᠠᠤᠯᠢ ᠶᠣᠰᠣᠭᠠᠷ ᠵᠣᠬᠢᠶᠠᠨ ᠪᠠᠶᠢᠭᠤᠯᠤᠨ | ᠵᠢᠯᠣᠭᠤᠳᠴᠤ᠂ ᠠᠳᠡᠯ ᠢ ᠪᠠᠶᠢᠴᠠᠭᠠᠨ ᠰᠢᠶᠳᠪᠦᠷᠢᠯᠡᠬᠦ ᠪᠠ ᠬᠠᠷᠢᠭᠤᠴᠠᠯᠭ᠎ᠠ ᠨᠡᠬᠡᠮᠵᠢᠯᠡᠬᠦ ᠶᠢ ᠨᠠᠶᠢᠲᠠᠪᠤᠷᠢᠵᠢᠭᠤᠯᠤᠭᠰᠠᠨ ᠪᠠᠶᠢᠳᠠᠯ ᠳᠤ ᠬᠢᠨᠠᠯᠲᠠ ᠲᠠᠯᠪᠢᠨ᠎ᠠ᠃ | ᠪᠠᠶᠢᠭᠠᠯᠢ ᠶᠢᠨ ᠭᠠᠮᠰᠢᠭ ᠤᠨ ᠲᠥᠷᠥᠯ ᠤᠨ ᠭᠡᠨᠡᠳᠲᠡ ᠶᠢᠨ ᠬᠡᠷᠡᠭ ᠢ ᠪᠠᠶᠢᠴᠠᠭᠠᠵᠤ ᠦᠨᠡᠯᠡᠨ ᠵᠢᠱᠢᠬᠦ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ | ︵ᠠᠷᠪᠠᠨ ᠲᠠᠪᠤ︶ ᠪᠠᠴᠢᠮ ᠪᠠᠶᠢᠳᠠᠯ ᠢ ᠠᠷᠭᠠᠴᠠᠬᠤ ᠡᠳ᠋ ᠪᠠᠷᠠᠭ᠎ᠠ ᠨᠥᠭᠡᠴᠡᠯᠡᠬᠦ ᠪᠠ ᠪᠠᠴᠢᠮ ᠪᠠᠶᠢᠳᠠᠯ ᠢ ᠠᠷᠭᠠᠴᠠᠬᠤ ᠠᠪᠤᠷᠠᠨ ᠲᠤᠰᠠᠯᠠᠬᠤ ᠲᠣᠨᠤᠭ | ᠲᠥᠬᠦᠭᠡᠷᠦᠮᠵᠢ ᠶᠢᠨ ᠲᠥᠯᠥᠪᠵᠢᠭᠦᠯᠭᠡ ᠶᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠠᠮᠤ ᠪᠤᠳᠠᠭ᠎ᠠ ᠂ ᠡᠳ᠋ ᠪᠠᠷᠠᠭ᠎ᠠ ᠨᠥᠭᠡᠴᠡᠯᠡᠬᠦ ᠵᠡᠷᠭᠡ | ᠰᠠᠯᠠᠭ᠎ᠠ ᠮᠥᠴᠢᠷ ᠲᠠᠢ ᠬᠠᠮᠲᠤᠷᠠᠨ ᠪᠠᠴᠢᠮ ᠪᠠᠶᠢᠳᠠᠯ ᠢ ᠠᠷᠭᠠᠴᠠᠬᠤ ᠡᠳ᠋ ᠪᠠᠷᠠᠭ᠎ᠠ ᠶᠢᠨ ᠮᠡᠳᠡᠭᠡ ᠵᠠᠩᠭᠢ ᠶᠢᠨ ᠲᠠᠪᠴᠠᠩ ᠪᠣᠯᠤᠨ ᠰᠢᠯᠵᠢᠭᠦᠯᠦᠨ ᠥᠭᠬᠦ ᠳᠦᠷᠢᠮ ᠢ | ᠪᠠᠶᠢᠭᠤᠯᠤᠨ ᠪᠦᠷᠢᠨᠰᠢᠭᠦᠯᠵᠦ᠂ ᠭᠠᠮᠰᠢᠭ ᠠᠴᠠ ᠠᠪᠤᠷᠠᠬᠤ ᠡᠳ᠋ ᠪᠠᠷᠠᠭ᠎ᠠ ᠶᠢ ᠨᠢᠭᠡᠳᠦᠯᠲᠡᠶ ᠲᠣᠬᠢᠷᠠᠭᠤᠯᠬᠤ ᠶᠢ ᠬᠡᠷᠡᠭᠵᠢᠭᠦᠯᠦᠨ᠎ᠡ᠃ | ︵ᠠᠷᠪᠠᠨ ᠵᠢᠷᠭᠤᠭ᠎ᠠ︶ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ᠂ ᠠᠶᠦᠯᠭᠦᠢ ᠦᠶᠯᠡᠳᠪᠦᠷᠢᠯᠡᠯ ᠤᠨ ᠤᠬᠠᠭᠤᠯᠭ᠎ᠠ ᠬᠥᠮᠦᠵᠢᠯ ᠪᠣᠯᠤᠨ | ᠪᠣᠯᠪᠠᠰᠤᠷᠠᠭᠤᠯᠤᠯ ᠤᠨ ᠠᠵᠢᠯ ᠢ ᠬᠠᠷᠢᠭᠤᠴᠠᠵᠤ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ᠂ ᠠᠶᠦᠯᠭᠦᠢ ᠦᠶᠯᠡᠳᠪᠦᠷᠢᠯᠡᠯ ᠤᠨ ᠰᠢᠨᠵᠢᠯᠡᠬᠦ ᠤᠬᠠᠭᠠᠨ | ᠮᠡᠷᠭᠡᠵᠢᠯ ᠤᠨ ᠰᠤᠳᠤᠯᠤᠯ᠂ ᠳᠡᠯᠭᠡᠷᠡᠭᠦᠯᠦᠨ ᠬᠡᠷᠡᠭᠯᠡᠬᠦ ᠪᠠ ᠮᠡᠳᠡᠭᠡ ᠵᠠᠩᠭᠢᠵᠢᠭᠤᠯᠬᠤ ᠪᠠᠶᠢᠭᠤᠯᠤᠯᠲᠠ ᠶᠢᠨ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠤᠨ᠎ᠠ᠃ | ︵ᠠᠷᠪᠠᠨ ᠳᠣᠯᠤᠭ᠎ᠠ︶ ᠬᠤᠲᠠ ᠶᠢᠨ ᠲᠤᠰ ᠱᠠᠲᠤᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ᠂ ᠠᠶᠦᠯᠭᠦᠢ ᠦᠶᠯᠡᠳᠪᠦᠷᠢᠯᠡᠯ ᠤᠨ ᠬᠦᠷᠢᠶᠡᠨ ᠤ | ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠢ ᠬᠠᠷᠢᠭᠤᠴᠠᠵᠤ᠂ ᠪᠦᠬᠦ ᠬᠤᠲᠠ ᠶᠢᠨ ᠴᠢᠨᠠᠷᠲᠠᠶ᠂ ᠬᠤᠰᠢᠭᠤ ᠲᠣᠭᠤᠷᠢᠭ ᠠᠯᠤᠰᠯᠠᠭᠰᠠᠨ ᠬᠠᠤᠯᠢ ᠠᠴᠠ | ᠵᠥᠷᠢᠴᠡᠭᠰᠡᠨ ᠦᠢᠯᠡ ᠠᠵᠢᠯᠯᠠᠭ᠎ᠠ ᠶᠢ ᠪᠠᠶᠢᠴᠠᠭᠠᠨ ᠰᠢᠶᠳᠪᠦᠷᠢᠯᠡᠵᠦ᠂ ᠵᠠᠰᠠᠭ ᠵᠠᠬᠢᠷᠭᠠᠨ ᠤ ᠬᠦᠨᠳᠦ ᠶᠡᠭᠡ ᠬᠡᠷᠡᠭ ᠢ ᠰᠢᠶᠳᠪᠦᠷᠢᠯᠡᠨ᠎ᠡ᠃ ᠬᠤᠰᠢᠭᠤ ᠲᠣᠭᠤᠷᠢᠭ ᠤᠨ | ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ᠂ ᠠᠶᠤᠯᠭᠦᠶ ᠦᠶᠯᠡᠳᠪᠦᠷᠢᠯᠡᠯ ᠤᠨ ᠬᠦᠷᠢᠶᠡᠨ ᠳᠠᠬᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠢ | ᠵᠢᠯᠣᠭᠤᠳᠴᠤ᠂ ᠬᠢᠨᠠᠨ ᠬᠠᠮᠢᠶᠠᠷᠤᠨ᠎ᠠ᠃ | ︵ᠠᠷᠪᠠᠨ ᠨᠠᠶᠮᠠ︶ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃ | ︵ᠠᠷᠪᠠ ᠶᠢᠰᠦ︶ ᠴᠢᠳᠠᠪᠬᠢ ᠶᠢᠨ ᠬᠤᠪᠢᠷᠠᠭᠤᠯᠤᠯᠳᠠ | ᠣᠷᠳᠣᠰ ᠬᠤᠲᠠ ᠶᠢᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠪᠥᠬᠦ ᠬᠤᠲᠠ ᠶᠢᠨ ᠪᠠᠴᠢᠮ ᠪᠠᠶᠢᠳᠠᠯ ᠢ ᠠᠷᠭᠠᠴᠠᠬᠤ ᠴᠢᠳᠠᠪᠤᠷᠢ | ᠶᠢᠨ ᠪᠠᠶᠢᠭᠤᠯᠤᠯᠲᠠ ᠶᠢ ᠴᠢᠩᠭᠠᠳᠬᠠᠨ ᠰᠢᠯᠢᠳᠡᠭᠵᠢᠭᠦᠯᠵᠦ᠂ ᠨᠢᠭᠡᠳᠦᠯᠲᠡᠶ ᠲᠥᠯᠥᠪᠯᠡᠵᠦ᠂ ᠨᠢᠭᠡᠳᠦᠯᠲᠡᠶ ᠤᠳᠤᠷᠢᠳᠤᠭᠰᠠᠨ᠂ ᠡᠷᠬᠡ ᠬᠠᠷᠢᠭᠤᠴᠠᠯᠭ᠎ᠠ ᠨᠢ ᠨᠢᠭᠡᠳᠦᠯᠲᠡᠶ | ᠂ ᠡᠷᠬᠡ ᠰᠦᠷᠲᠦ ᠥᠨᠳᠥᠷ ᠪᠦᠲᠦᠮᠵᠢᠲᠡᠶ ᠪᠠᠴᠢᠮ ᠪᠠᠶᠢᠳᠠᠯ ᠢ ᠠᠷᠭᠠᠴᠠᠬᠤ ᠴᠢᠳᠠᠪᠤᠷᠢ ᠶᠢᠨ ᠲᠣᠭᠲᠠᠯᠴᠠᠭ᠎ᠠ ᠶᠢ ᠪᠠᠶᠢᠭᠤᠯᠵᠤ᠂ ᠨᠢᠭᠡᠳᠦᠯᠲᠡᠶ ᠵᠢᠯᠣᠭᠤᠳᠤᠭᠰᠠᠨ᠂ | ᠲᠤᠰᠬᠠᠢ ᠪᠠ ᠪᠠᠶᠢᠩᠭᠤ ᠶᠢᠨ ᠬᠢ ᠶᠢ ᠤᠶᠠᠯᠳᠤᠭᠤᠯᠤᠭᠰᠠᠨ᠂ ᠲᠤᠰᠬᠠᠯ ᠢᠶᠠᠷ ᠬᠤᠷᠴᠠ ᠰᠡᠷᠭᠡᠭ᠂ ᠳᠡᠭᠡᠳᠦ ᠳᠣᠤᠷᠠᠳᠤ ᠱᠠᠲᠤ ᠬᠠᠮᠲᠤᠷᠠᠨ ᠬᠥᠳᠡᠯᠦᠯᠴᠡᠭᠰᠡᠨ᠂ ᠡᠩ | ᠤᠨ ᠦᠶ᠎ᠡ ᠪᠠ ᠴᠢᠬᠤᠯᠠ ᠵᠠᠩᠭᠢᠯᠠᠭ᠎ᠠ ᠶᠢᠨ ᠦᠶ᠎ᠡ ᠶᠢ ᠤᠶᠠᠯᠳᠤᠭᠤᠯᠤᠭᠰᠠᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠪᠠᠶᠢᠭᠤᠯᠤᠯ ᠢ ᠪᠣᠶ ᠪᠣᠯᠭᠠᠬᠤ ᠶᠢ | ᠠᠬᠢᠭᠤᠯᠤᠨ᠎ᠠ᠃ ᠰᠡᠷᠭᠡᠶᠢᠯᠡᠬᠦ ᠪᠠᠷ ᠭᠤᠣᠯ ᠪᠣᠯᠭᠠᠬᠤ᠂ ᠰᠡᠷᠭᠡᠶᠢᠯᠡᠬᠦ ᠡᠰᠡᠷᠭᠦᠴᠡᠬᠦ ᠠᠪᠤᠷᠠᠬᠤ ᠶᠢ ᠤᠶᠠᠯᠳᠤᠭᠤᠯᠬᠤ ᠶᠢ ᠪᠠᠷᠢᠮᠲᠠᠯᠠᠵᠤ᠂ ᠬᠡᠪ ᠤᠨ ᠪᠠᠶᠢᠳᠠᠯ ᠢᠶᠠᠷ | ᠭᠠᠮᠰᠢᠭ ᠢ ᠪᠠᠭᠠᠰᠬᠠᠬᠤ ᠪᠠ ᠬᠡᠪ ᠤᠨ ᠪᠤᠰᠤ ᠪᠠᠷ ᠭᠠᠮᠰᠢᠭ ᠠᠴᠠ ᠠᠪᠤᠷᠠᠬᠤ ᠶᠢ ᠬᠠᠷᠢᠯᠴᠠᠨ ᠨᠢᠭᠡᠳᠬᠡᠬᠦ ᠶᠢ ᠪᠠᠷᠢᠮᠲᠠᠯᠠᠵᠤ᠂ ᠭᠠᠮᠰᠢᠭ ᠤᠨ ᠳᠠᠷᠠᠭ᠎ᠠ ᠠᠪᠤᠷᠠᠨ | ᠲᠤᠰᠠᠯᠠᠬᠤ ᠶᠢ ᠴᠢᠬᠤᠯᠠᠴᠢᠯᠠᠵᠤ ᠪᠠᠶᠢᠭᠰᠠᠨ ᠠᠴᠠ ᠭᠠᠮᠰᠢᠭ ᠤᠨ ᠡᠮᠦᠨ᠎ᠡ ᠤᠷᠢᠳᠴᠢᠯᠠᠨ ᠰᠡᠷᠭᠡᠶᠢᠯᠡᠬᠦ ᠶᠢ ᠴᠢᠬᠤᠯᠠᠴᠢᠯᠠᠬᠤ ᠲᠡᠰᠢ ᠬᠤᠪᠢᠷᠠᠭᠤᠯᠬᠤ᠂ ᠳᠠᠩ ᠭᠠᠭᠴᠠ | ᠭᠠᠮᠰᠢᠭ ᠤᠨ ᠲᠥᠷᠥᠯ ᠢ ᠠᠷᠭᠠᠴᠠᠬᠤ ᠠᠴᠠ ᠭᠠᠮᠰᠢᠭ ᠢ ᠶᠡᠷᠦᠩᠬᠡᠶᠢᠯᠡᠨ ᠪᠠᠭᠠᠰᠬᠠᠬᠤ ᠲᠡᠰᠢ ᠬᠤᠪᠢᠷᠠᠭᠤᠯᠬᠤ᠂ ᠭᠠᠮᠰᠢᠭ ᠤᠨ ᠬᠤᠬᠢᠷᠠᠯ ᠢ ᠪᠠᠭᠠᠰᠬᠠᠬᠤ ᠠᠴᠠ | ᠭᠠᠮᠰᠢᠭ ᠤᠨ ᠲᠦᠭᠰᠢᠭᠦᠷᠢ ᠶᠢ ᠬᠥᠩᠭᠡᠷᠡᠭᠦᠯᠬᠦ ᠲᠡᠰᠢ ᠬᠤᠪᠢᠷᠠᠭᠤᠯᠬᠤ ᠶᠢ ᠴᠢᠷᠮᠠᠶᠢᠨ ᠪᠡᠶᠡᠯᠡᠭᠦᠯᠵᠦ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠬᠢᠷᠢ | ᠲᠥᠪᠰᠢᠨ ᠪᠠ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠵᠤ ᠭᠠᠮᠰᠢᠭ ᠠᠴᠠ ᠠᠪᠤᠷᠠᠬᠤ ᠴᠢᠳᠠᠪᠤᠷᠢ ᠶᠢ ᠳᠡᠭᠡᠭᠰᠢᠯᠡᠭᠦᠯᠦᠨ᠂ ᠬᠦᠨᠳᠦ ᠣᠨᠴᠠ ᠶᠡᠭᠡ ᠠᠮᠤᠷ | ᠲᠦᠪᠰᠢᠨ ᠤ ᠲᠦᠭᠰᠢᠭᠦᠷᠢ ᠶᠢ ᠰᠡᠷᠭᠡᠶᠢᠯᠡᠨ ᠠᠷᠢᠯᠭᠠᠨ᠎ᠠ᠃ ᠬᠥᠮᠦᠨ ᠢᠶᠠᠷ ᠦᠨᠳᠦᠰᠦ ᠪᠣᠯᠭᠠᠬᠤ ᠶᠢ ᠪᠠᠷᠢᠮᠲᠠᠯᠠᠨ᠂ ᠠᠷᠠᠳ ᠣᠯᠠᠨ ᠤ ᠠᠮᠢ ᠨᠠᠰᠤᠨ ᠤ ᠠᠮᠤᠷ | ᠲᠦᠪᠰᠢᠨ ᠢ ᠦᠨᠡᠨᠬᠦ ᠪᠠᠲᠤᠯᠠᠬᠤ ᠶᠢ ᠲᠡᠷᠢᠭᠦᠨ ᠪᠠᠶᠢᠷᠢᠨ ᠳᠤ ᠲᠠᠯᠪᠢᠵᠤ᠂ ᠭᠠᠮᠰᠢᠭᠳᠠᠭᠰᠠᠨ ᠣᠯᠠᠨ ᠲᠦᠮᠡᠨ ᠤ ᠦᠨᠳᠦᠰᠦᠨ ᠠᠮᠢᠳᠤᠷᠠᠯ ᠢ ᠦᠨᠡᠨᠬᠦ ᠪᠠᠲᠤᠯᠠᠨ᠂ | ᠪᠠᠴᠢᠮ ᠪᠠᠶᠢᠳᠠᠯ ᠢ ᠠᠷᠭᠠᠴᠠᠬᠤ ᠲᠥᠰᠦᠯ ᠤᠨ ᠰᠣᠷᠢᠯᠲᠠ ᠶᠢ ᠴᠢᠩᠭᠠᠳᠬᠠᠵᠤ᠂ ᠪᠦᠬᠦ ᠠᠷᠠᠳ ᠤᠨ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠦᠵᠡᠯ | ᠤᠬᠠᠮᠰᠠᠷ ᠢ ᠨᠡᠮᠡᠭᠳᠡᠭᠦᠯᠦᠨ᠂ ᠨᠡᠶᠢᠲᠡ ᠣᠯᠠᠨ ᠤ ᠮᠡᠳᠡᠯᠭᠡ ᠶᠢ ᠲᠦᠭᠡᠮᠡᠯᠵᠢᠭᠦᠯᠬᠦ ᠬᠢᠷᠢ ᠲᠦᠪᠰᠢᠨ ᠪᠣᠯᠤᠨ ᠥᠪᠡᠷ ᠢ ᠪᠠᠨ ᠠᠪᠤᠷᠠᠬᠤ᠂ ᠬᠠᠷᠢᠯᠴᠠᠨ ᠠᠪᠤᠷᠠᠬᠤ | ᠮᠡᠷᠭᠡᠵᠢᠯ ᠴᠢᠳᠠᠪᠤᠷᠢ ᠶᠢ ᠳᠡᠭᠡᠭᠰᠢᠯᠡᠭᠦᠯᠵᠦ᠂ ᠬᠥᠮᠦᠨ ᠦᠬᠦᠵᠦ ᠰᠢᠷᠬᠠᠲᠤᠬᠤ ᠪᠠ ᠡᠳ᠋ ᠬᠥᠷᠥᠩᠭᠡ ᠶᠢᠨ ᠬᠤᠬᠢᠷᠠᠯ ᠢ ᠦᠨᠡᠨᠬᠦ ᠪᠠᠭᠠᠰᠬᠠᠨ᠎ᠠ᠃ ᠠᠮᠤᠷ ᠲᠦᠪᠰᠢᠨ | ᠬᠥᠭᠵᠢᠯᠲᠡ ᠶᠢᠨ ᠣᠶᠢᠯᠠᠭᠠᠭᠳᠠᠬᠤᠨ ᠢ ᠪᠤᠢ ᠪᠣᠯᠭᠠᠵᠤ᠂ ᠠᠮᠢ ᠨᠠᠰᠤ ᠶᠢ ᠳᠡᠭᠡᠳᠦᠯᠡᠬᠦ᠂ ᠠᠮᠤᠷ ᠲᠦᠪᠰᠢᠨ ᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂ ᠠᠶᠤᠯᠭᠦᠢ | ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠳᠦᠷᠢᠮ ᠢ ᠲᠡᠭᠦᠯᠳᠡᠷᠵᠢᠭᠦᠯᠵᠦ᠂ ᠣᠨᠴᠠ ᠬᠦᠨᠳᠦ ᠶᠡᠭᠡ ᠠᠮᠤᠷ ᠲᠦᠪᠰᠢᠨ ᠤ ᠠᠳᠡᠯ ᠢ ᠡᠷᠡᠰ ᠬᠤᠷᠢᠭᠯᠠᠨ᠎ᠠ᠃ | ︵ᠬᠤᠷᠢ ︶ ᠬᠠᠮᠢᠶ᠎ᠠ ᠪᠦᠬᠦᠢ ᠲᠤᠰᠢᠶᠠᠯ ᠬᠠᠷᠢᠭᠤᠴᠠᠯᠭ᠎ᠠ ᠶᠢᠨ ᠬᠤᠪᠢᠶᠠᠷᠢᠯᠠᠯ | 1 . ᠬᠤᠲᠠ ᠶᠢᠨ ᠡᠨᠧᠷᠭᠢ ᠶᠢᠨ ᠲᠣᠪᠴᠢᠶ᠎ᠠ᠂ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠬᠤᠲᠠ ᠶᠢᠨ ᠤᠰᠤᠨ ᠠᠰᠢᠭᠯᠠᠯᠲᠠ ᠶᠢᠨ | ᠲᠣᠪᠴᠢᠶ᠎ᠠ᠂ ᠬᠤᠲᠠ ᠶᠢᠨ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠵᠡᠷᠭᠡ ᠰᠠᠯᠠᠭ᠎ᠠ ᠮᠥᠴᠢᠷ ᠯᠦᠭᠡ ᠶᠢᠨ ᠪᠠᠶᠢᠭᠠᠯᠢ ᠶᠢᠨ ᠭᠠᠮᠰᠢᠭ ᠢ ᠰᠡᠷᠭᠡᠶᠢᠯᠡᠨ | ᠠᠪᠤᠷᠬᠠᠤ ᠲᠠᠯ᠎ᠠ ᠪᠠᠷ ᠬᠢ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ | ︵1︶ ᠬᠤᠲᠠ ᠶᠢᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠨᠢ ᠪᠥᠬᠦ ᠬᠤᠲᠠ ᠶᠢᠨ ᠪᠠᠴᠢᠮ ᠪᠠᠶᠢᠳᠠᠯ ᠢ ᠠᠷᠭᠠᠴᠠᠬᠤ ᠶᠡᠷᠦᠩᠬᠡᠶ | ᠪᠡᠯᠡᠳᠬᠡᠯ ᠲᠥᠰᠥᠪ ᠪᠠ ᠠᠶᠦᠯᠭᠦᠢ ᠦᠶᠯᠡᠳᠪᠦᠷᠢᠯᠡᠯ ᠤᠨ ᠲᠥᠷᠥᠯ᠂ ᠪᠠᠶᠢᠭᠠᠯᠢ ᠶᠢᠨ ᠭᠠᠮᠰᠢᠭ ᠤᠨ ᠲᠥᠷᠥᠯ ᠤᠨ ᠲᠤᠰᠬᠠᠶ ᠪᠡᠯᠡᠳᠬᠡᠯ ᠲᠥᠰᠦᠪ ᠢ ᠵᠣᠬᠢᠶᠠᠨ | ᠪᠠᠶᠢᠭᠤᠯᠤᠨ ᠨᠠᠶᠢᠷᠠᠭᠤᠯᠤᠨ ᠵᠣᠬᠢᠶᠠᠬᠤ ᠶᠢ ᠬᠠᠷᠢᠭᠤᠴᠠᠵᠤ᠂ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠪ ᠢ ᠵᠣᠯᠭᠠᠭᠤᠯᠬᠤ ᠠᠵᠢᠯ ᠢ ᠶᠡᠷᠦᠩᠬᠡᠶᠢᠯᠡᠨ | ᠵᠣᠬᠢᠴᠠᠭᠤᠯᠵᠤ᠂ ᠬᠠᠮᠢᠶ᠎ᠠ ᠪᠥᠬᠦᠶ ᠪᠡᠯᠡᠳᠬᠡᠯ ᠲᠥᠰᠦᠪ ᠤᠨ ᠰᠣᠷᠢᠯᠲᠠ ᠶᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠱᠠᠲᠤ ᠬᠤᠪᠢᠶᠠᠨ ᠬᠠᠷᠢᠭᠤᠴᠠᠬᠤ ᠵᠠᠷᠴᠢᠮ | ᠤᠨ ᠶᠣᠰᠣᠭᠠᠷ᠂ ᠪᠠᠶᠢᠭᠠᠯᠢ ᠶᠢᠨ ᠭᠠᠮᠰᠢᠭ ᠤᠨ ᠲᠥᠷᠥᠯ ᠤᠨ ᠪᠠᠴᠢᠮ ᠪᠠᠶᠢᠳᠠᠯ ᠢ ᠠᠷᠭᠠᠴᠠᠬᠤ᠂ ᠠᠪᠤᠷᠠᠨ ᠲᠤᠰᠠᠯᠠᠬᠤ ᠠᠵᠢᠯ ᠢ ᠵᠣᠬᠢᠶᠠᠨ ᠪᠠᠶᠢᠭᠤᠯᠤᠨ | ᠵᠢᠯᠣᠭᠤᠳᠴᠤ ᠵᠣᠬᠢᠴᠠᠭᠤᠯᠤᠨ᠎ᠠ︔ ᠬᠦᠨᠳᠦ ᠶᠡᠭᠡ ᠭᠠᠮᠰᠢᠭ ᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠠᠵᠢᠯ ᠢ ᠵᠣᠬᠢᠶᠠᠨ ᠪᠠᠶᠢᠭᠤᠯᠤᠨ | ᠵᠣᠬᠢᠴᠠᠭᠤᠯᠬᠤ ᠶᠢᠨ ᠬᠠᠮᠲᠤ ᠡᠷᠬᠡ ᠶᠢᠨ ᠬᠠᠷᠢᠶᠠᠯᠠᠯ ᠶᠣᠰᠣᠭᠠᠷ ᠲᠣᠭᠲᠠᠭᠠᠯ ᠭᠠᠷᠭᠠᠨ᠎ᠠ︔ ᠬᠤᠲᠠ ᠶᠢᠨ ᠬᠦᠨᠳᠦ ᠶᠡᠭᠡ ᠭᠠᠮᠰᠢᠭ ᠢ ᠠᠷᠭᠠᠴᠠᠬᠤ ᠵᠢᠯᠣᠭᠤᠳᠬᠤ | ᠭᠠᠵᠠᠷ ᠤᠨ ᠠᠵᠢᠯ ᠢ ᠡᠭᠦᠷᠭᠡᠯᠡᠵᠦ᠂ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ ᠵᠢᠭᠠᠨ ᠲᠣᠭᠲᠠᠭᠠᠭᠰᠠᠨ ᠬᠠᠷᠢᠭᠤᠴᠠᠯᠭᠠᠲᠠᠨ ᠢ | ᠬᠠᠪᠰᠤᠷᠤᠨ ᠭᠠᠮᠰᠢᠭ ᠤᠨ ᠪᠠᠴᠢᠮ ᠪᠠᠶᠢᠳᠠᠯ ᠢ ᠠᠷᠭᠠᠴᠠᠨ ᠰᠢᠶᠳᠪᠦᠷᠢᠯᠡᠬᠦ ᠠᠵᠢᠯ ᠢ ᠵᠣᠬᠢᠶᠠᠨ ᠪᠠᠶᠢᠭᠤᠯᠤᠨ᠎ᠠ᠃ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ | ᠶᠡᠷᠦᠩᠬᠡᠶᠢᠯᠡᠭᠰᠡᠨ ᠲᠥᠯᠥᠪᠵᠢᠭᠦᠯᠭᠡ ᠶᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠵᠤ᠂ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠣᠶ ᠰᠢᠭᠤᠶ ᠪᠠ ᠨᠤᠲᠤᠭ | ᠪᠡᠯᠴᠢᠭᠡᠷ ᠤᠨ ᠭᠠᠯ ᠤᠨ ᠠᠶᠤᠯ᠂ ᠦᠶᠡᠷ ᠭᠠᠩ ᠤᠨ ᠭᠠᠮᠰᠢᠭ᠂ ᠭᠠᠵᠠᠷ ᠬᠥᠳᠡᠯᠦᠯᠲᠡ ᠪᠠ ᠭᠠᠵᠠᠷ ᠤᠨ ᠭᠠᠮᠰᠢᠭ ᠵᠡᠷᠭᠡ ᠶᠢ ᠰᠡᠷᠭᠡᠶᠢᠯᠡᠨ ᠵᠠᠰᠠᠬᠤ ᠠᠵᠢᠯ ᠢ | ᠵᠢᠯᠣᠭᠤᠳᠤᠨ ᠵᠣᠬᠢᠴᠠᠭᠤᠯᠤᠨ᠎ᠠ᠃ ᠬᠤᠲᠠ ᠶᠢᠨ ᠡᠨᠧᠷᠭᠢ ᠶᠢᠨ ᠲᠣᠪᠴᠢᠶ᠎ᠠ᠂ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠬᠤᠲᠠ ᠶᠢᠨ ᠤᠰᠤᠨ | ᠠᠰᠢᠭᠯᠠᠯᠲᠠ ᠶᠢᠨ ᠲᠣᠪᠴᠢᠶ᠎ᠠ᠂ ᠬᠤᠲᠠ ᠶᠢᠨ ᠴᠠᠭ ᠠᠭᠤᠷ ᠤᠨ ᠲᠣᠪᠴᠢᠶ᠎ᠠ᠂ ᠬᠤᠲᠠ ᠶᠢᠨ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠵᠡᠷᠭᠡ | ᠬᠤᠯᠪᠣᠭᠳᠠᠯ ᠪᠥᠬᠦᠶ ᠰᠠᠯᠠᠭ᠎ᠠ ᠮᠥᠴᠢᠷ ᠲᠠᠢ ᠬᠠᠮᠲᠤᠷᠠᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠨᠢᠭᠡᠳᠦᠯᠲᠡᠶ ᠮᠡᠳᠡᠭᠡ ᠵᠠᠩᠭᠢ ᠶᠢᠨ ᠲᠠᠪᠴᠠᠩ ᠢ | ᠪᠠᠶᠢᠭᠤᠯᠵᠤ᠂ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠪᠠ ᠭᠠᠮᠰᠢᠭ ᠤᠨ ᠪᠠᠶᠢᠳᠠᠯ ᠢ ᠮᠡᠳᠡᠭᠦᠯᠬᠦ ᠲᠦᠷᠢᠮ ᠢ ᠪᠠᠶᠢᠭᠤᠯᠤᠨ᠂ ᠪᠠᠶᠢᠭᠠᠯᠢ ᠶᠢᠨ ᠭᠠᠮᠰᠢᠭ ᠤᠨ | ᠮᠡᠳᠡᠭᠡ ᠵᠠᠩᠭᠢ ᠶᠢᠨ ᠡᠬᠢ ᠪᠠᠶᠠᠯᠢᠭ ᠢ ᠤᠯᠬᠤ ᠪᠠ ᠬᠠᠮᠲᠤ ᠪᠠᠷ ᠡᠳ᠋ᠯᠡᠬᠦ ᠲᠣᠭᠲᠠᠴᠠ ᠶᠢ ᠪᠦᠷᠢᠨᠰᠢᠭᠦᠯᠵᠦ᠂ ᠭᠠᠮᠰᠢᠭ ᠤᠨ ᠪᠠᠶᠢᠳᠠᠯ ᠵᠢᠴᠢ ᠪᠠᠴᠢᠮ ᠪᠠᠶᠢᠳᠠᠯ ᠢ | ᠠᠷᠭᠠᠴᠠᠵᠤ ᠠᠪᠤᠷᠠᠨ ᠲᠤᠰᠠᠯᠠᠭᠰᠠᠨ ᠪᠠᠶᠢᠳᠠᠯ ᠢ ᠬᠠᠤᠯᠢ ᠶᠣᠰᠣᠭᠠᠷ ᠨᠡᠶᠢᠲᠡᠯᠡᠨ᠎ᠡ᠃ ᠭᠠᠮᠰᠢᠭ ᠤᠨ ᠣᠯᠠᠨ ᠲᠥᠷᠥᠯ ᠪᠠ ᠭᠠᠮᠰᠢᠭ ᠤᠨ ᠬᠡᠯᠬᠢᠶᠡᠵᠢᠯ ᠢ ᠶᠡᠷᠦᠩᠬᠡᠶᠢᠯᠡᠨ | ᠬᠢᠨᠠᠨ ᠰᠢᠨᠵᠢᠵᠦ ᠤᠷᠢᠳᠴᠢᠯᠠᠨ ᠰᠡᠷᠡᠮᠵᠢᠯᠡᠭᠦᠯᠬᠦ ᠶᠢ ᠥᠷᠨᠢᠭᠦᠯᠵᠦ᠂ ᠪᠠᠶᠢᠭᠠᠯᠢ ᠶᠢᠨ ᠭᠠᠮᠰᠢᠭ ᠤᠨ ᠶᠡᠷᠦᠩᠬᠡᠶᠢᠯᠡᠭᠰᠡᠨ ᠲᠦᠭᠰᠢᠭᠦᠷᠢ ᠶᠢ ᠦᠨᠡᠯᠡᠨ ᠵᠢᠱᠢᠬᠦ ᠠᠵᠢᠯ ᠢ | ᠵᠢᠯᠣᠭᠤᠳᠤᠨ ᠥᠷᠨᠢᠭᠦᠯᠦᠨ᠎ᠡ᠃ ᠡᠷᠬᠡ ᠣᠯᠭᠤᠯᠲᠠ ᠶᠣᠰᠣᠭᠠᠷ ᠣᠶ ᠰᠢᠭᠤᠶ ᠪᠠ ᠨᠤᠲᠤᠭ ᠪᠡᠯᠴᠢᠭᠡᠷ ᠤᠨ ᠭᠠᠯ ᠤᠨ ᠪᠠᠶᠢᠳᠠᠯ ᠢ ᠬᠢᠨᠠᠨ ᠬᠡᠮᠵᠢᠵᠦ ᠰᠡᠷᠡᠮᠵᠢᠯᠡᠭᠦᠯᠬᠦ ᠂ | ᠭᠠᠯ ᠤᠨ ᠠᠶᠤᠯ᠂ ᠭᠠᠯ ᠤᠨ ᠠᠶᠤᠯ ᠤᠨ ᠮᠡᠳᠡᠭᠡ ᠵᠠᠩᠭᠢ ᠨᠡᠶᠢᠲᠡᠯᠡᠬᠦ ᠠᠵᠢᠯ ᠢ ᠬᠠᠷᠢᠭᠤᠴᠠᠨ᠎ᠠ᠃ | ︵2︶ ᠬᠤᠳᠠ ᠶᠢᠨ ᠡᠨᠧᠷᠭᠢ ᠶᠢᠨ ᠲᠣᠪᠴᠢᠶ᠎ᠠ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠶᠡᠷᠦᠩᠬᠡᠶᠢᠯᠡᠭᠰᠡᠨ ᠲᠥᠯᠥᠪᠵᠢᠭᠦᠯᠭᠡ ᠶᠢᠨ ᠬᠠᠮᠢᠶ᠎ᠠ | ᠪᠦᠬᠦᠢ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠶᠢ ᠬᠠᠷᠢᠭᠤᠴᠠᠵᠤ᠂ ᠨᠡᠭᠦᠷᠡᠰᠦ᠂ ᠴᠢᠯᠠᠭᠤᠨ ᠲᠤᠰᠤ᠂ ᠪᠠᠶᠢᠭᠠᠯᠢ ᠶᠢᠨ ᠰᠢᠲᠠᠮᠠᠬᠠᠢ ᠬᠡᠢ ᠶᠢᠨ ᠬᠤᠭᠤᠯᠠᠢ᠂ | ᠴᠠᠬᠢᠯᠭᠠᠨ ᠬᠦᠴᠦᠨ ᠵᠡᠷᠭᠡ ᠠᠵᠢᠯ ᠲᠦᠷᠦᠯ ᠤᠨ ᠭᠠᠮᠰᠢᠭ ᠢ ᠰᠡᠷᠭᠡᠶᠢᠯᠡᠨ ᠵᠠᠰᠠᠬᠤ ᠲᠥᠯᠥᠪᠵᠢᠭᠦᠯᠭᠡ ᠪᠠ ᠰᠡᠷᠭᠡᠶᠢᠯᠡᠨ ᠬᠠᠮᠠᠭᠠᠯᠠᠬᠤ ᠪᠠᠷᠢᠮᠵᠢᠶ᠎ᠠ ᠶᠢ ᠵᠣᠬᠢᠶᠠᠨ | ᠪᠠᠶᠢᠭᠤᠯᠤᠨ ᠨᠠᠶᠢᠷᠠᠭᠤᠯᠤᠨ ᠵᠣᠬᠢᠶᠠᠬᠤ ᠶᠢᠨ ᠬᠠᠮᠲᠤ ᠵᠢᠯᠣᠭᠤᠳᠤᠨ ᠬᠡᠷᠡᠭᠵᠢᠭᠦᠯᠦᠨ᠎ᠡ᠃ ᠨᠡᠭᠦᠷᠡᠰᠦ᠂ ᠴᠢᠯᠠᠭᠤᠨ ᠲᠣᠰᠣ᠂ ᠪᠠᠶᠢᠭᠠᠯᠢ ᠶᠢᠨ ᠰᠢᠲᠠᠮᠠᠬᠠᠶ ᠬᠡᠢ ᠶᠢᠨ | ᠬᠤᠭᠤᠯᠠᠶ᠂ ᠴᠠᠬᠢᠯᠭᠠᠨ ᠬᠦᠴᠦᠨ ᠵᠡᠷᠭᠡ ᠭᠠᠮᠰᠢᠭ ᠤᠨ ᠪᠠᠶᠢᠴᠠᠭᠠᠯᠲᠠ ᠦᠨᠡᠯᠡᠯᠲᠡ ᠵᠢᠴᠢ ᠳᠠᠯᠳᠠ ᠭᠡᠮ ᠤᠨ ᠨᠡᠶᠢᠳᠡᠮ ᠪᠠᠶᠢᠴᠠᠭᠠᠯᠲᠠ ᠨᠠᠷᠢᠨ ᠪᠠᠶᠢᠴᠠᠭᠠᠯᠲᠠ᠂ | ᠵᠢᠭᠰᠠᠭᠠᠨ ᠪᠠᠶᠢᠴᠠᠭᠠᠯᠲᠠ ᠶᠢ ᠵᠣᠬᠢᠶᠠᠨ ᠪᠠᠶᠢᠭᠤᠯᠤᠨ ᠵᠢᠯᠣᠭᠤᠳᠬᠤ ᠪᠠ ᠬᠢᠨᠠᠯᠲᠠ ᠲᠠᠯᠪᠢᠨ᠎ᠠ᠃ ᠣᠯᠠᠨ ᠢᠶᠠᠷ ᠢᠶᠠᠨ ᠬᠢᠨᠠᠨ ᠬᠡᠮᠵᠢᠵᠦ ᠣᠯᠠᠨ ᠢᠶᠠᠷ ᠢᠶᠠᠨ ᠰᠡᠷᠭᠡᠶᠢᠯᠡᠬᠦ | ᠂ ᠲᠤᠰᠬᠠᠶ ᠬᠢᠨᠠᠨ ᠬᠡᠮᠵᠢᠬᠦ ᠪᠠ ᠤᠷᠢᠳᠴᠢᠯᠠᠨ ᠮᠡᠳᠡᠭᠡᠯᠡᠵᠦ ᠰᠡᠷᠡᠮᠵᠢᠯᠡᠭᠦᠯᠬᠦ ᠵᠡᠷᠭᠡ ᠠᠵᠢᠯ ᠢ ᠵᠢᠯᠣᠭᠤᠳᠤᠨ ᠥᠷᠨᠢᠭᠦᠯᠵᠦ᠂ ᠨᠡᠭᠦᠷᠡᠰᠦ᠂ ᠴᠢᠯᠠᠭᠤᠨ ᠲᠣᠰᠣ | ᠪᠠᠶᠢᠭᠠᠯᠢ ᠶᠢᠨ ᠰᠢᠲᠠᠮᠠᠬᠠᠶ ᠬᠡᠢ ᠶᠢᠨ ᠬᠤᠭᠤᠯᠠᠶ᠂ ᠴᠠᠬᠢᠯᠭᠠᠨ ᠬᠦᠴᠦᠨ ᠵᠡᠷᠭᠡ ᠭᠠᠮᠰᠢᠭ ᠢ ᠴᠡᠭᠴᠡᠨ ᠵᠠᠰᠠᠬᠤ ᠠᠵᠢᠯ ᠢ ᠵᠢᠯᠣᠭᠤᠳᠤᠨ ᠥᠷᠨᠢᠭᠦᠯᠦᠨ᠎ᠡ᠃ ᠨᠡᠭᠦᠷᠡᠰᠦ᠂ | ᠴᠢᠯᠠᠭᠤᠨ ᠲᠣᠰᠣ᠂ ᠪᠠᠶᠢᠭᠠᠯᠢ ᠶᠢᠨ ᠰᠢᠲᠠᠮᠠᠬᠠᠶ ᠬᠡᠢ ᠶᠢᠨ ᠬᠤᠭᠤᠯᠠᠶ᠂ ᠴᠠᠬᠢᠯᠭᠠᠨ ᠬᠦᠴᠦᠨ ᠵᠡᠷᠭᠡ ᠭᠠᠮᠰᠢᠭ ᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠨ | ᠲᠤᠰᠠᠯᠠᠬᠤ ᠮᠡᠷᠭᠡᠵᠢᠯ ᠤᠨ ᠲᠤᠯᠭᠠᠭᠤᠷᠢᠯᠠᠬᠤ ᠠᠵᠢᠯ ᠢ ᠡᠭᠦᠷᠭᠡᠯᠡᠨ᠎ᠡ᠃ | ᠳᠥᠷᠪᠡᠳᠦᠭᠡᠷ ᠵᠦᠢᠯ | ᠣᠷᠳᠣᠰ ᠬᠤᠲᠠ ᠶᠢᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠡᠳᠡᠭᠡᠷ ᠳᠣᠲᠣᠭᠠᠳᠤ ᠪᠠᠶᠢᠭᠤᠯᠤᠮᠵᠢ ᠶᠢ ᠪᠠᠶᠢᠭᠤᠯᠤᠨ᠎ᠠ᠃ | ︵ᠨᠢᠭᠡ ︶ ᠠᠯᠪᠠᠨ ᠭᠡᠷ | ᠪᠠᠶᠢᠭᠤᠯᠭ᠎ᠠ ᠶᠢᠨ ᠡᠳᠦᠷ ᠲᠤᠲᠤᠮ ᠤᠨ ᠠᠵᠢᠯ ᠢ ᠬᠠᠷᠢᠭᠤᠴᠠᠵᠤ᠂ ᠮᠡᠳᠡᠭᠡ ᠵᠠᠩᠭᠢ᠂ ᠠᠮᠤᠷ ᠲᠦᠪᠰᠢᠨ᠂ ᠨᠢᠭᠤᠴᠠ ᠶᠢ ᠬᠠᠮᠠᠭᠠᠯᠠᠬᠤ᠂ ᠵᠠᠬᠢᠳᠠᠯ | ᠰᠤᠷᠪᠤᠯᠵᠢᠯᠠᠭ᠎ᠠ᠂ ᠵᠠᠰᠠᠭ ᠤᠨ ᠶᠠᠪᠤᠳᠠᠯ ᠢ ᠢᠯᠡ ᠪᠣᠯᠭᠠᠬᠤ᠂ ᠴᠢᠬᠤᠯᠠ ᠪᠢᠴᠢᠭ ᠮᠠᠲ᠋ᠧᠷᠢᠶᠠᠯ ᠲᠤᠭᠤᠷᠪᠢᠬᠤ᠂ ᠳᠠᠩᠰᠠ ᠡᠪᠬᠡᠮᠡᠯ ᠤᠨ ᠬᠠᠮᠢᠶᠠᠷᠤᠯᠲᠠ ᠵᠡᠷᠭᠡ ᠠᠵᠢᠯ | ᠢ ᠡᠭᠦᠷᠭᠡᠯᠡᠨ᠎ᠡ᠃ ᠪᠠᠶᠢᠭᠤᠯᠭ᠎ᠠ ᠪᠣᠯᠤᠨ ᠬᠠᠷᠢᠶ᠎ᠠ ᠠᠵᠢᠯ ᠦᠶᠯᠡᠰ ᠤᠨ ᠨᠢᠭᠡᠴᠢ ᠶᠢᠨ ᠲᠥᠰᠦᠪ ᠪᠠ ᠲᠥᠰᠦᠪ ᠤᠨ ᠭᠦᠶᠴᠡᠳᠬᠡᠯ᠂ ᠡᠳ᠋ ᠤᠨ ᠶᠠᠪᠤᠳᠠᠯ᠂ | ᠲᠣᠨᠣᠭᠯᠠᠯ ᠂ ᠡᠳ᠋ ᠬᠥᠷᠥᠩᠭᠡ ᠶᠢᠨ ᠬᠠᠮᠢᠶᠠᠷᠤᠯᠲᠠ᠂ ᠳᠣᠲᠣᠭᠠᠳᠤ ᠬᠢᠨᠠᠨ ᠪᠣᠳᠣᠯᠲᠠ ᠵᠡᠷᠭᠡ ᠠᠵᠢᠯ ᠢ ᠬᠠᠷᠢᠭᠤᠴᠠᠨ᠎ᠠ᠃ ᠪᠠᠶᠢᠭᠤᠯᠭ᠎ᠠ ᠪᠣᠯᠤᠨ ᠬᠠᠷᠢᠶ᠎ᠠ ᠠᠵᠢᠯ | ᠦᠶᠯᠡᠰ ᠤᠨ ᠨᠢᠭᠡᠴᠢ ᠶᠢᠨ ᠺᠠᠳ᠋ᠷ ᠠᠵᠢᠯᠲᠠᠨ ᠤ ᠶᠠᠪᠤᠳᠠᠯ᠂ ᠪᠠᠶᠢᠭᠤᠯᠤᠮᠵᠢ ᠶᠢᠨ ᠣᠷᠣᠨ ᠲᠤᠭ᠎ᠠ᠂ ᠬᠥᠳᠡᠯᠮᠦᠷᠢ ᠴᠠᠯᠢᠩ᠂ ᠠᠵᠢᠯ ᠠᠴᠠ ᠪᠠᠨ ᠠᠮᠠᠷᠠᠭᠰᠠᠳ | ᠪᠠᠭᠤᠭᠰᠠᠳ ᠵᠡᠷᠭᠡ ᠠᠵᠢᠯ ᠢ ᠬᠠᠷᠢᠭᠤᠴᠠᠨ᠎ᠠ᠃ ᠪᠦᠬᠦ ᠬᠤᠲᠠ ᠶᠢᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠰᠢᠰᠲ᠋ᠧᠮ ᠤᠨ ᠺᠠᠳ᠋ᠷ ᠤᠨ ᠡᠩᠨᠡᠭᠡᠨ ᠤ | ᠪᠠᠶᠢᠭᠤᠯᠤᠯᠲᠠ ᠶᠢᠨ ᠠᠵᠢᠯ ᠢ ᠵᠢᠯᠣᠭᠤᠳᠤᠨ᠎ᠠ᠃ ᠠᠶᠦᠯᠭᠦᠢ ᠦᠢᠯᠡᠳᠪᠦᠷᠢᠯᠡᠯ ᠤᠨ ᠲᠤᠰᠬᠠᠶ ᠮᠡᠷᠭᠡᠵᠢᠯᠲᠡᠨ ᠤ ᠬᠥᠮᠥᠷᠭᠡ ᠶᠢᠨ ᠪᠠᠶᠢᠭᠤᠯᠤᠯᠲᠠ ᠪᠣᠯᠤᠨ ᠲᠤᠰᠬᠠᠶ | ᠮᠡᠷᠭᠡᠵᠢᠯᠲᠡᠨ ᠤ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ | ︵ ᠬᠤᠶᠠᠷ ︶ ᠪᠠᠴᠢᠮ ᠪᠠᠶᠢᠳᠠᠯ ᠢ ᠠᠷᠭᠠᠴᠠᠬᠤ ᠠᠯᠪᠠᠨ ᠬᠡᠷ | ᠲᠤᠰᠢᠶᠠᠯ ᠬᠠᠷᠢᠭᠤᠴᠠᠯᠭ᠎ᠠ ᠶᠢᠨ ᠬᠡᠪᠴᠢᠶᠡᠨ ᠳᠣᠲᠣᠷᠠᠬᠢ ᠪᠠᠴᠢᠮ ᠪᠠᠶᠢᠳᠠᠯ ᠢ ᠠᠷᠭᠠᠴᠠᠬᠤ ᠵᠢᠵᠢᠭᠦᠷ᠂ ᠵᠠᠰᠠᠭ ᠤᠨ ᠶᠠᠪᠤᠳᠠᠯ ᠤᠨ ᠵᠢᠵᠢᠭᠦᠷ ᠵᠡᠷᠭᠡ ᠠᠵᠢᠯ ᠢ | ᠡᠭᠦᠷᠭᠡᠯᠡᠨ᠎ᠡ᠃ ᠤᠯᠤᠰ ᠤᠨ ᠠᠳᠡᠯ ᠤᠨ ᠭᠠᠶ ᠭᠠᠮᠰᠢᠭ ᠪᠣᠯᠤᠨ ᠪᠠᠶᠢᠭᠠᠯᠢ ᠶᠢᠨ ᠭᠠᠮᠰᠢᠭ ᠢ ᠱᠠᠲᠤ ᠬᠤᠪᠢᠶᠠᠨ ᠠᠷᠭᠠᠴᠠᠬᠤ ᠳᠦᠷᠢᠮ ᠢ ᠨᠠᠶᠢᠳᠠᠪᠤᠷᠢᠵᠢᠭᠤᠯᠤᠨ᠂ | ᠤᠷᠢᠳᠴᠢᠯᠠᠨ ᠰᠡᠷᠡᠮᠵᠢᠯᠡᠭᠦᠯᠬᠦ ᠪᠠ ᠭᠠᠮᠰᠢᠭ ᠤᠨ ᠪᠠᠶᠢᠳᠠᠯ ᠤᠨ ᠮᠡᠳᠡᠭᠡ ᠵᠠᠩᠭᠢ ᠶᠢ ᠨᠡᠶᠢᠲᠡᠯᠡᠵᠦ᠂ ᠪᠦᠬᠦ ᠬᠤᠲᠠ ᠶᠢᠨ ᠬᠡᠪᠴᠢᠶᠡᠨ ᠳᠠᠬᠢ ᠠᠪᠤᠷᠠᠨ ᠲᠤᠰᠠᠯᠠᠬᠤ | ᠬᠦᠴᠦᠨ ᠢ ᠵᠣᠬᠢᠴᠠᠭᠤᠯᠬᠤ ᠶᠢᠨ ᠬᠠᠮᠲᠤ ᠬᠡᠷᠡᠭᠴᠡᠭᠡ ᠪᠠᠨ ᠦᠨᠳᠦᠰᠦᠯᠡᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠢᠩᠬᠢᠮ ᠳᠤ ᠲᠤᠰᠠᠯᠠᠮᠵᠢ | ᠭᠤᠶᠤᠴᠢᠯᠠᠨ᠎ᠠ᠃ ᠭᠠᠯ ᠤᠨᠲᠠᠷᠠᠭᠠᠬᠤ᠂ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠡᠩᠨᠡᠭᠡ᠂ ᠴᠢᠯᠥᠭᠡᠯᠡᠬᠦ ᠴᠡᠷᠢᠭ ᠪᠣᠯᠤᠨ ᠵᠡᠪᠰᠡᠭᠲᠦ ᠴᠠᠭᠳᠠᠭ᠎ᠠ ᠶᠢᠨ | ᠴᠡᠷᠢᠭ ᠠᠩᠭᠢ ᠶᠢ ᠵᠣᠯᠭᠠᠭᠤᠯᠵᠤ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠠᠵᠢᠯ ᠳᠤ ᠣᠷᠤᠯᠴᠠᠭᠤᠯᠤᠨ᠎ᠠ᠃ ᠪᠠᠴᠢᠮ ᠪᠠᠶᠢᠳᠠᠯ ᠢ ᠠᠷᠭᠠᠴᠠᠬᠤ ᠠᠪᠤᠷᠠᠨ | ᠲᠤᠰᠠᠯᠠᠬᠤ ᠮᠡᠳᠡᠭᠡ ᠵᠠᠩᠭᠢ ᠶᠢᠨ ᠰᠢᠰᠲ᠋ᠧᠮ ᠤᠨ ᠬᠠᠮᠢᠶᠠᠷᠤᠯᠲᠠ ᠪᠣᠯᠤᠨ ᠬᠤᠶᠢᠨᠠᠬᠢ ᠪᠠᠲᠤᠯᠠᠭ᠎ᠠ ᠶᠢᠨ ᠠᠵᠢᠯ ᠢ ᠬᠠᠷᠢᠭᠤᠴᠠᠨ᠎ᠠ᠃ ᠪᠠᠴᠢᠮ ᠪᠠᠶᠢᠳᠠᠯ ᠢ ᠠᠷᠭᠠᠴᠠᠬᠤ | ᠪᠡᠯᠡᠳᠬᠡᠯ ᠲᠥᠰᠦᠯ ᠤᠨ ᠪᠠᠶᠢᠭᠤᠯᠤᠯᠲᠠ ᠶᠢ ᠨᠢᠭᠡᠳᠦᠯᠲᠡᠶ ᠲᠥᠯᠥᠪᠯᠡᠨ᠂ ᠪᠠᠴᠢᠮ ᠪᠠᠶᠢᠳᠠᠯ ᠢ ᠠᠷᠭᠠᠴᠠᠬᠤ ᠶᠡᠷᠦᠩᠬᠡᠶ ᠪᠡᠯᠡᠳᠬᠡᠯ ᠲᠥᠰᠦᠯ ᠪᠣᠯᠤᠨ ᠠᠶᠦᠯᠭᠦᠢ | ᠦᠶᠯᠡᠳᠪᠦᠷᠢᠯᠡᠯ ᠤᠨ ᠲᠥᠷᠥᠯ᠂ ᠪᠠᠶᠢᠭᠠᠯᠢ ᠶᠢᠨ ᠭᠠᠮᠰᠢᠭ ᠤᠨ ᠲᠥᠷᠥᠯ ᠤᠨ ᠲᠤᠰᠬᠠᠶ ᠵᠦᠶᠯ ᠤᠨ ᠪᠡᠯᠡᠳᠬᠡᠯ ᠲᠥᠰᠦᠯ ᠢ ᠵᠣᠬᠢᠶᠠᠨ ᠪᠠᠶᠢᠭᠤᠯᠤᠨ ᠨᠠᠶᠢᠷᠠᠭᠤᠯᠤᠨ | ᠵᠣᠬᠢᠶᠠᠬᠤ ᠶᠢᠨ ᠬᠠᠮᠲᠤ ᠪᠠᠴᠢᠮ ᠪᠠᠶᠢᠳᠠᠯ ᠢ ᠠᠷᠭᠠᠴᠠᠬᠤ ᠡᠯ᠎ᠡ ᠲᠥᠷᠥᠯ ᠤᠨ ᠪᠡᠯᠡᠳᠬᠡᠯ ᠲᠥᠰᠦᠯ ᠢ ᠵᠣᠯᠭᠠᠯᠳᠤᠭᠤᠯᠤᠨ ᠵᠣᠬᠢᠴᠠᠭᠤᠯᠬᠤ ᠶᠢ ᠬᠠᠷᠢᠭᠤᠴᠠᠨ᠎ᠠ᠃ | ᠪᠠᠴᠢᠮ ᠪᠠᠶᠢᠳᠠᠯ ᠢ ᠠᠷᠭᠠᠴᠠᠬᠤ ᠤᠷᠢᠳᠴᠢᠯᠠᠭᠰᠠᠨ ᠲᠥᠰᠦᠯ ᠤᠨ ᠰᠣᠷᠢᠯᠲᠠ ᠶᠢ ᠵᠣᠬᠢᠶᠠᠨ ᠪᠠᠶᠢᠭᠤᠯᠤᠨ ᠶᠠᠪᠤᠭᠳᠠᠭᠤᠯᠬᠤ ᠪᠠ ᠵᠢᠯᠣᠭᠤᠳᠴᠤ ᠬᠢᠨᠠᠯᠲᠠ ᠲᠠᠯᠪᠢᠬᠤ | ᠠᠵᠢᠯ ᠢ ᠡᠭᠦᠷᠭᠡᠯᠡᠨ᠎ᠡ᠃ ᠬᠤᠲᠠ ᠶᠢᠨ ᠬᠦᠨᠳᠦ ᠶᠡᠭᠡ ᠭᠠᠮᠰᠢᠭ ᠢ ᠠᠷᠭᠠᠴᠠᠬᠤ ᠵᠢᠯᠣᠭᠤᠳᠬᠤ ᠭᠠᠵᠠᠷ ᠤᠨ ᠲᠤᠬᠠᠶ ᠶᠢᠨ ᠲᠠᠯᠠᠪᠠᠢ ᠶᠢᠨ ᠵᠣᠬᠢᠴᠠᠭᠤᠯᠤᠨ ᠪᠠᠲᠤᠯᠠᠬᠤ | ᠠᠵᠢᠯ ᠢ ᠡᠭᠦᠷᠭᠡᠯᠡᠨ᠎ᠡ᠃ ᠡᠯ᠎ᠡ ᠬᠤᠰᠢᠭᠤ ᠲᠣᠭᠤᠷᠢᠭ ᠵᠢᠴᠢ ᠨᠡᠶᠢᠭᠡᠮ ᠤᠨ ᠪᠠᠴᠢᠮ ᠪᠠᠶᠢᠳᠠᠯ ᠢ ᠠᠷᠭᠠᠴᠠᠬᠤ ᠠᠪᠤᠷᠠᠨ ᠲᠤᠰᠠᠯᠠᠬᠤ ᠬᠦᠴᠦᠨ ᠤ ᠪᠠᠶᠢᠭᠤᠯᠤᠯᠲᠠ ᠶᠢ | ᠵᠢᠯᠣᠭᠤᠳᠴᠤ᠂ ᠬᠤᠲᠠ ᠶᠢᠨ ᠪᠠᠴᠢᠮ ᠪᠠᠶᠢᠳᠠᠯ ᠢ ᠠᠷᠭᠠᠴᠠᠬᠤ ᠠᠪᠤᠷᠠᠨ ᠲᠤᠰᠠᠯᠠᠬᠤ ᠡᠩᠨᠡᠭᠡᠨ ᠤ ᠬᠠᠮᠢᠶᠠᠷᠤᠯᠲᠠ ᠶᠢᠨ ᠪᠠᠲᠤᠯᠠᠭ᠎ᠠ ᠶᠢᠨ ᠠᠷᠭ᠎ᠠ ᠶᠢ ᠲᠤᠭᠤᠷᠪᠢᠨ | ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ | ︵ᠭᠤᠷᠪᠠ ︶ ᠠᠶᠦᠯᠭᠦᠢ ᠦᠢᠯᠡᠳᠪᠦᠷᠢᠯᠡᠯ ᠢ ᠶᠡᠷᠦᠩᠬᠡᠶᠢᠯᠡᠨ ᠵᠣᠬᠢᠴᠠᠭᠤᠯᠬᠤ ᠠᠯᠪᠠᠨ ᠭᠡᠷ | ᠠᠶᠦᠯᠭᠦᠢ ᠦᠢᠯᠡᠳᠪᠦᠷᠢᠯᠡᠯ ᠢ ᠲᠤᠰᠬᠠᠶ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠠᠢ ᠠᠵᠢᠯ ᠲᠥᠷᠥᠯ ᠪᠣᠯᠤᠨ ᠬᠦᠷᠢᠶᠡᠨ ᠤ ᠠᠶᠦᠯᠭᠦᠢ ᠦᠢᠯᠡᠳᠪᠦᠷᠢᠯᠡᠯ | ᠳᠤ ᠬᠢᠨᠠᠯᠲᠠ ᠲᠠᠯᠪᠢᠵᠤ ᠬᠠᠮᠢᠶᠠᠷᠬᠤ ᠠᠵᠢᠯ ᠢ ᠬᠠᠤᠯᠢ ᠲᠣᠭᠲᠠᠭᠠᠯ ᠶᠣᠰᠣᠭᠠᠷ ᠵᠢᠯᠣᠭᠤᠳᠤᠨ ᠵᠣᠬᠢᠴᠠᠭᠤᠯᠬᠤ ᠪᠠ ᠬᠢᠨᠠᠯᠲᠠ ᠲᠠᠯᠪᠢᠨ᠎ᠠ᠃ ᠪᠦᠬᠦ ᠬᠤᠲᠠ ᠶᠢᠨ | ᠴᠢᠨᠠᠷᠲᠠᠢ ᠠᠶᠤᠯᠭᠦᠢ ᠦᠢᠯᠡᠳᠪᠦᠷᠢᠯᠡᠯ ᠤᠨ ᠪᠠᠶᠢᠴᠠᠭᠠᠯᠲᠠ ᠵᠢᠴᠢ ᠲᠤᠰᠬᠠᠢ ᠲᠥᠷᠥᠯ ᠤᠨ ᠱᠠᠭᠠᠷᠳᠠᠨ ᠪᠠᠶᠢᠴᠠᠭᠠᠯᠲᠠ᠂ ᠴᠡᠭᠴᠡᠯᠡᠨ ᠵᠠᠰᠠᠯᠲᠠ ᠵᠡᠷᠭᠡ ᠠᠵᠢᠯ ᠢ | ᠵᠣᠬᠢᠶᠠᠨ ᠪᠠᠶᠢᠭᠤᠯᠤᠨ ᠵᠣᠬᠢᠴᠠᠭᠤᠯᠵᠤ᠂ ᠠᠶᠤᠯᠭᠦᠢ ᠦᠢᠯᠡᠳᠪᠦᠷᠢᠯᠡᠯ ᠤᠨ ᠲᠣᠭᠤᠷᠢᠨ ᠪᠠᠶᠢᠴᠠᠭᠠᠯᠲᠠ᠂ ᠬᠢᠨᠠᠨ ᠰᠢᠯᠭᠠᠯᠲᠠ ᠶᠢᠨ ᠠᠵᠢᠯ ᠢ ᠵᠣᠬᠢᠶᠠᠨ ᠪᠠᠶᠢᠭᠤᠯᠤᠨ | ᠬᠡᠷᠡᠭᠵᠢᠭᠦᠯᠦᠨ᠎ᠡ᠃ ᠬᠤᠲᠠ ᠶᠢᠨ ᠠᠶᠤᠯᠭᠦᠶ ᠦᠶᠯᠡᠳᠪᠦᠷᠢᠯᠡᠯ ᠤᠨ ᠵᠥᠪᠯᠡᠯ ᠤᠨ ᠠᠯᠪᠠᠨ ᠭᠡᠷ ᠤᠨ ᠡᠳᠦᠷ ᠲᠤᠲᠤᠮ ᠤᠨ ᠠᠵᠢᠯ ᠢ ᠡᠭᠦᠷᠭᠡᠯᠡᠨ᠎ᠡ᠃ | ︵ᠳᠥᠷᠪᠡ ︶ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ ᠤᠨ ᠰᠠᠯᠠᠭ᠎ᠠ | ᠲᠣᠪᠴᠢᠶ᠎ᠠ ᠪᠠᠶᠢᠭᠤᠯᠭ᠎ᠠ ᠶᠢᠨ ᠭᠤᠶᠤᠴᠢᠯᠠᠭᠰᠠᠨ ᠵᠠᠰᠠᠭ ᠵᠠᠬᠢᠷᠭᠠᠨ ᠤ ᠵᠥᠪᠰᠢᠶᠡᠷᠡᠯ᠂ ᠨᠤᠲᠠᠯᠠᠬᠤ᠂ ᠱᠠᠩᠨᠠᠬᠤ᠂ ᠣᠯᠭᠤᠬᠤ ᠵᠦᠢᠯᠡᠰ ᠢ ᠬᠦᠯᠢᠶᠡᠨ ᠠᠪᠴᠤ | ᠰᠢᠶᠳᠪᠦᠷᠢᠯᠡᠬᠦ᠂ ᠬᠢᠨᠠᠨ ᠵᠥᠪᠰᠢᠶᠡᠷᠡᠬᠦ᠂ ᠰᠢᠯᠵᠢᠭᠦᠯᠦᠨ ᠮᠡᠳᠡᠭᠦᠯᠬᠦ ᠵᠡᠷᠭᠡ ᠠᠵᠢᠯ ᠪᠠ ᠡᠳᠦᠷ ᠲᠤᠲᠤᠮ ᠤᠨ ᠬᠠᠮᠢᠶᠠᠷᠤᠯᠲᠠ ᠦᠢᠯᠡᠴᠢᠯᠡᠭᠡᠨ ᠤ ᠲᠥᠷᠥᠯ ᠵᠡᠷᠭᠡ | ᠵᠦᠢᠯᠡᠰ ᠢ ᠬᠢᠨᠠᠨ ᠬᠠᠷᠭᠤᠭᠤᠯᠬᠤ᠂ ᠵᠥᠪᠰᠢᠶᠡᠷᠡᠬᠦ᠂ ᠳᠠᠩᠰᠠᠯᠠᠬᠤ ᠵᠡᠷᠭᠡ ᠠᠵᠢᠯ ᠢ ᠡᠭᠦᠷᠭᠡᠯᠡᠨ᠎ᠡ᠃ ᠡᠯ᠎ᠡ ᠲᠤᠬᠠᠶᠢᠯᠠᠭᠰᠠᠨ ᠠᠵᠢᠯ ᠤᠨ ᠰᠠᠯᠠᠭ᠎ᠠ ᠲᠠᠰᠤᠭ ᠤᠨ ᠵᠠᠰᠠᠭ | ᠵᠠᠬᠢᠷᠭᠠᠨ ᠤ ᠬᠢᠨᠠᠨ ᠵᠥᠪᠰᠢᠶᠡᠷᠡᠯ ᠤᠨ ᠵᠦᠶᠯᠡᠰ ᠤᠨ ᠠᠷᠤ ᠲᠠᠪᠴᠠᠩ ᠳᠤ ᠳᠡᠮᠵᠢᠯᠭᠡ ᠦᠵᠡᠭᠦᠯᠬᠦ ᠠᠵᠢᠯ ᠢ ᠬᠠᠷᠢᠭᠤᠴᠠᠨ ᠵᠣᠬᠢᠴᠠᠭᠤᠯᠤᠨ᠎ᠠ᠃ | ︵ᠲᠠᠪᠤ ︶ ᠠᠶᠤᠯᠲᠠᠢ ᠬᠢᠮᠢ ᠶᠢᠨ ᠪᠣᠳᠠᠰ ᠤᠨ ᠠᠶᠤᠯᠭᠦᠢ ᠶᠢᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ | ᠬᠢᠮᠢ ᠶᠢᠨ ᠠᠵᠤ ᠦᠢᠯᠡᠳᠪᠦᠷᠢ ︵ᠴᠢᠯᠠᠭᠤᠨ ᠲᠣᠰᠣᠨ ᠤ ᠬᠢᠮᠢ ᠶᠢᠨ ᠠᠵᠤ ᠦᠢᠯᠡᠳᠪᠦᠷᠢ ᠪᠠᠭᠲᠠᠨ᠎ᠠ ︶᠂ ᠡᠮ ᠡᠮᠨᠡᠯᠭᠡ᠂ ᠠᠶᠤᠯ ᠲᠠᠢ ᠬᠢᠮᠢ ᠶᠢᠨ ᠪᠣᠳᠠᠰ | ᠪᠣᠯᠤᠨ ᠬᠤᠸᠠᠷ ᠫᠤᠤᠵᠢᠩ ᠤᠨ ᠠᠶᠦᠯᠭᠦᠢ ᠦᠢᠯᠡᠳᠪᠦᠷᠢᠯᠡᠯ ᠢ ᠬᠢᠨᠠᠨ ᠬᠠᠮᠢᠶᠠᠷᠬᠤ ᠠᠵᠢᠯ ᠢ ᠬᠠᠷᠢᠭᠤᠴᠠᠨ᠂ ᠬᠠᠮᠢᠶ᠎ᠠ ᠪᠦᠬᠦᠢ ᠠᠵᠢᠯ ᠲᠥᠷᠥᠯ ᠤᠨ ᠦᠢᠯᠡᠳᠪᠦᠷᠢᠯᠡᠯ | ᠡᠵᠡᠩᠨᠡᠯᠲᠡ ᠶᠢᠨ ᠨᠢᠭᠡᠴᠢ ᠶᠢᠨ ᠠᠶᠦᠯᠭᠦᠢ ᠦᠢᠯᠡᠳᠪᠦᠷᠢᠯᠡᠯ ᠤᠨ ᠬᠠᠤᠯᠢ ᠴᠠᠭᠠᠵᠠ ᠬᠠᠤᠯᠢ ᠲᠣᠭᠲᠠᠭᠠᠯ ᠪᠣᠯᠤᠨ ᠪᠠᠷᠢᠮᠵᠢᠶ᠎ᠠ ᠶᠢ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ ᠪᠠᠶᠢᠭ᠎ᠠ ᠪᠠᠶᠢᠳᠠᠯ ᠢ ᠬᠠᠤᠯᠢ ᠶᠣᠰᠣᠭᠠᠷ ᠬᠢᠨᠠᠨ ᠪᠠᠶᠢᠴᠠᠭᠠᠨ᠎ᠠ᠃ ᠠᠶᠤᠯᠲᠠᠢ ᠬᠢᠮᠢ ᠶᠢᠨ ᠪᠣᠳᠠᠰ ᠤᠨ ᠠᠶᠤᠯᠭᠦᠢ ᠶᠢᠨ ᠬᠢᠨᠠᠯᠲᠠ ᠬᠠᠮᠢᠶᠠᠷᠤᠯᠲᠠ | ᠶᠢᠨ ᠶᠡᠷᠦᠩᠬᠡᠶᠢᠯᠡᠭᠰᠡᠨ ᠠᠵᠢᠯ ᠢ ᠡᠭᠦᠷᠭᠡᠯᠡᠵᠦ᠂ ᠠᠶᠤᠯᠲᠠᠢ ᠬᠢᠮᠢ ᠶᠢᠨ ᠪᠣᠳᠠᠰ ᠢ ᠳᠠᠩᠰᠠᠯᠠᠬᠤ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠴᠤ᠂ ᠡᠮ ᠤᠨ ᠵᠦᠢᠯ | ᠤᠨ ᠪᠤᠰᠤ ᠲᠦᠷᠦᠯ ᠤᠨ ᠬᠤᠣᠷᠲᠤ ᠡᠳ᠋ ᠦᠢᠯᠡᠳᠴᠦ ᠪᠣᠯᠬᠤ ᠬᠢᠮᠢ ᠶᠢᠨ ᠪᠣᠳᠠᠰ ᠤᠨ ᠦᠢᠯᠡᠳᠪᠦᠷᠢᠯᠡᠯ ᠡᠵᠡᠩᠨᠡᠯᠲᠡ ᠶᠢ ᠬᠢᠨᠠᠨ ᠬᠠᠮᠢᠶᠠᠷᠬᠤ ᠠᠵᠢᠯ ᠢ | ᠵᠢᠯᠣᠭᠤᠳᠤᠨ᠎ᠠ᠃ | ︵ᠵᠢᠷᠭᠤᠭ᠎ᠠ︶ ᠠᠶᠦᠯᠭᠦᠢ ᠦᠶᠯᠡᠳᠪᠦᠷᠢᠯᠡᠯ ᠤᠨ ᠰᠠᠭᠤᠷᠢ ᠰᠠᠯᠠᠭ᠎ᠠ | ᠨᠡᠭᠦᠷᠡᠰᠦᠨ ᠤ ᠪᠤᠰᠤ ᠠᠭᠤᠷᠬᠠᠶ ︵ᠭᠠᠵᠠᠷ ᠰᠢᠨᠵᠢᠯᠡᠭᠡᠨ ᠤ ᠬᠠᠶᠢᠨ ᠰᠢᠨᠵᠢᠯᠡᠯᠲᠡ ᠪᠠᠭᠲᠠᠨ᠎ᠠ︶᠂ ᠴᠢᠯᠠᠭᠤᠨ ᠲᠣᠰᠣ ︵ᠪᠣᠯᠪᠠᠰᠤᠷᠠᠭᠤᠯᠬᠤ᠂ | ᠪᠣᠯᠪᠠᠰᠤᠷᠠᠭᠤᠯᠤᠭᠰᠠᠨ ᠴᠢᠯᠠᠭᠤᠨ ᠲᠣᠰᠣᠨ ᠤ ᠬᠤᠭᠤᠯᠠᠶ ᠪᠠᠭᠲᠠᠬᠤ ᠦᠭᠡᠶ︶᠂ ᠲᠡᠮᠦᠷᠯᠢᠭ᠂ ᠥᠩᠭᠡᠲᠦ ᠲᠡᠮᠦᠷᠯᠢᠭ᠂ ᠪᠠᠷᠢᠯᠭ᠎ᠠ ᠶᠢᠨ ᠮᠠᠲ᠋ᠧᠷᠢᠶᠠᠯ᠂ ᠮᠧᠬᠠᠨᠢᠭ᠂ | ᠬᠥᠩᠭᠡᠨ ᠠᠵᠤ ᠦᠢᠯᠡᠳᠪᠦᠷᠢ᠂ ᠨᠡᠬᠡᠮᠡᠯ᠂ ᠲᠠᠮᠠᠬᠢ᠂ ᠦᠢᠯᠡᠳᠪᠦᠷᠢ ᠠᠭᠤᠷᠬᠠᠶ ᠠᠷᠠᠯᠵᠢᠶ᠎ᠠ ᠬᠤᠳᠠᠯᠳᠤᠭᠠᠨ ᠤ ᠠᠵᠢᠯ ᠲᠥᠷᠥᠯ ᠤᠨ ᠠᠶᠦᠯᠭᠦᠢ ᠦᠢᠯᠡᠳᠪᠦᠷᠢᠯᠡᠯ ᠤᠨ | ᠰᠠᠭᠤᠷᠢ ᠠᠵᠢᠯ ᠢ ᠬᠠᠷᠢᠭᠤᠴᠠᠵᠤ᠂ ᠣᠷᠣᠨ ᠨᠤᠲᠤᠭ ᠤᠨ ᠬᠠᠮᠢᠶ᠎ᠠ ᠪᠦᠬᠦᠢ ᠠᠵᠢᠯ ᠲᠥᠷᠥᠯ ᠤᠨ ᠠᠶᠦᠯᠭᠦᠢ ᠦᠢᠯᠡᠳᠪᠦᠷᠢᠯᠡᠯ ᠤᠨ ᠳᠦᠷᠢᠮ ᠲᠣᠭᠲᠠᠭᠠᠯ ᠢ | ᠲᠤᠭᠤᠷᠪᠢᠨ ᠲᠣᠭᠲᠠᠭᠠᠵᠤ᠂ ᠬᠠᠮᠢᠶ᠎ᠠ ᠪᠦᠬᠦᠢ ᠠᠵᠢᠯ ᠲᠥᠷᠥᠯ ᠤᠨ ᠠᠵᠤ ᠠᠬᠤᠶᠢᠯᠠᠯ ᠤᠨ ᠠᠶᠦᠯᠭᠦᠢ ᠦᠢᠯᠡᠳᠪᠦᠷᠢᠯᠡᠯ ᠤᠨ ᠪᠠᠷᠢᠮᠵᠢᠶᠠᠵᠢᠭᠤᠯᠤᠯᠲᠠ᠂ ᠠᠶᠦᠯᠭᠦᠢ | ᠶᠢᠨ ᠰᠡᠷᠭᠡᠶᠢᠯᠡᠨ ᠡᠵᠡᠮᠳᠡᠬᠦ ᠪᠠᠶᠢᠭᠤᠯᠤᠯᠲᠠ ᠵᠡᠷᠭᠡ ᠠᠵᠢᠯ ᠢ ᠵᠢᠯᠣᠭᠤᠳᠤᠨ ᠬᠢᠨᠠᠯᠲᠠ ᠲᠠᠯᠪᠢᠨ᠎ᠠ᠃ | ︵ᠳᠣᠯᠤᠭ᠎ᠠ ︶ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠪᠠ ᠲᠥᠯᠥᠪᠵᠢᠭᠦᠯᠭᠡ ᠰᠢᠨᠵᠢᠯᠡᠬᠦ ᠤᠬᠠᠭᠠᠨ ᠮᠡᠷᠭᠡᠵᠢᠯ ᠤᠨ ᠰᠠᠯᠠᠭ᠎ᠠ | ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠪᠣᠯᠤᠨ ᠠᠶᠦᠯᠭᠦᠢ ᠦᠶᠯᠡᠳᠪᠦᠷᠢᠯᠡᠯ ᠤᠨ ᠬᠠᠤᠯᠢ ᠴᠠᠭᠠᠵᠠ᠂ ᠬᠠᠤᠯᠢ ᠲᠣᠭᠲᠠᠭᠠᠯ ᠪᠣᠯᠤᠨ ᠳᠦᠷᠢᠮ ᠢ | ᠲᠤᠭᠤᠰᠢᠯᠠᠭᠤᠯᠤᠨ ᠬᠡᠷᠡᠭᠵᠢᠭᠦᠯᠵᠦ᠂ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢᠨ ᠰᠤᠳᠤᠯᠭᠠᠨ ᠤ ᠠᠵᠢᠯ ᠢ ᠡᠭᠦᠷᠭᠡᠯᠡᠨ᠎ᠡ᠃ ᠪᠠᠶᠢᠭᠤᠯᠭ᠎ᠠ ᠶᠢᠨ ᠵᠢᠷᠤᠮᠵᠢᠯ ᠤᠨ | ᠴᠢᠨᠠᠷᠲᠠᠶ ᠪᠢᠴᠢᠭ ᠮᠠᠲ᠋ᠧᠷᠢᠶᠠᠯ ᠤᠨ ᠬᠠᠤᠯᠢ ᠶᠣᠰᠣᠴᠢ ᠴᠢᠨᠠᠷ ᠢ ᠬᠢᠨᠠᠨ ᠪᠠᠶᠢᠴᠠᠭᠠᠬᠤ᠂ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ᠂ ᠵᠠᠰᠠᠭ ᠵᠠᠬᠢᠷᠭᠠᠨ ᠢᠶᠠᠷ | ᠳᠠᠬᠢᠨ ᠵᠥᠪᠯᠡᠬᠦ ᠪᠠ ᠵᠠᠰᠠᠭ ᠵᠠᠬᠢᠷᠭᠠᠨ ᠤ ᠵᠠᠷᠭᠤ ᠬᠦᠯᠢᠶᠡᠬᠦ ᠵᠡᠷᠭᠡ ᠠᠵᠢᠯ ᠢ ᠡᠭᠦᠷᠭᠡᠯᠡᠨ᠎ᠡ᠃ ᠪᠠᠴᠢᠮ ᠪᠠᠶᠢᠳᠠᠯ ᠢ ᠠᠷᠭᠠᠴᠠᠬᠤ ᠲᠣᠭᠲᠠᠯᠴᠠᠭ᠎ᠠ ᠶᠢᠨ ᠪᠠᠶᠢᠭᠤᠯᠤᠯᠲᠠ | ᠂ ᠠᠶᠦᠯᠭᠦᠢ ᠦᠢᠯᠡᠳᠪᠦᠷᠢᠯᠡᠯ ᠪᠣᠯᠤᠨ ᠶᠡᠷᠦᠩᠬᠡᠶᠢᠯᠡᠭᠰᠡᠨ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠶᠢᠨ | ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠶᠢ ᠰᠤᠳᠤᠯᠤᠨ ᠳᠤᠷᠠᠳᠴᠤ᠂ ᠪᠠᠴᠢᠮ ᠪᠠᠶᠢᠳᠠᠯ ᠢ | ᠠᠷᠭᠠᠴᠠᠬᠤ ᠭᠤᠣᠯᠳᠠᠯᠭ᠎ᠠ ᠲᠠᠢ ᠢᠨᠵᠧᠨᠧᠷᠢᠩ ᠪᠣᠯᠤᠨ ᠠᠶᠤᠯ ᠠᠴᠠ ᠵᠠᠶᠢᠯᠠᠬᠤ ᠲᠥᠬᠦᠭᠡᠷᠦᠮᠵᠢ ᠶᠢᠨ ᠪᠠᠶᠢᠭᠤᠯᠤᠯᠲᠠ ᠶᠢ ᠠᠬᠢᠭᠤᠯᠤᠨ᠎ᠠ᠃ ᠪᠠᠴᠢᠮ ᠪᠠᠶᠢᠳᠠᠯ ᠢ | ᠠᠷᠭᠠᠴᠠᠬᠤ ᠬᠠᠮᠢᠶᠠᠷᠤᠯᠲᠠ᠂ ᠠᠶᠤᠯᠭᠦᠢ ᠦᠢᠯᠡᠳᠪᠦᠷᠢᠯᠡᠯ ᠤᠨ ᠰᠢᠨᠵᠢᠯᠡᠬᠦ ᠤᠬᠠᠭᠠᠨ ᠮᠡᠷᠭᠡᠵᠢᠯ ᠪᠠ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢᠨ ᠬᠠᠮᠢᠶᠠᠷᠤᠯᠲᠠ | ᠶᠢᠨ ᠠᠵᠢᠯ ᠢ ᠡᠭᠦᠷᠭᠡᠯᠡᠵᠦ᠂ ᠪᠠᠶᠢᠭᠠᠯᠢ ᠶᠢᠨ ᠭᠠᠮᠰᠢᠭ ᠤᠨ ᠮᠡᠳᠡᠭᠡ ᠵᠠᠩᠭᠢ ᠶᠢᠨ ᠡᠬᠢ ᠪᠠᠶᠠᠯᠢᠭ ᠢ ᠤᠯᠬᠤ ᠪᠠ ᠬᠠᠮᠲᠤ ᠪᠠᠷ ᠡᠳ᠋ᠯᠡᠬᠦ ᠲᠣᠭᠲᠠᠴᠠ ᠶᠢ | ᠲᠡᠭᠦᠯᠳᠡᠷᠵᠢᠭᠦᠯᠦᠨ᠂ ᠬᠤᠯᠪᠣᠭᠳᠠᠯ ᠪᠦᠬᠦᠢ ᠰᠢᠨᠵᠢᠯᠡᠬᠦ ᠤᠬᠠᠭᠠᠨ ᠮᠡᠷᠭᠡᠵᠢᠯ ᠤᠨ ᠲᠥᠯᠥᠪᠵᠢᠭᠦᠯᠭᠡ᠂ ᠲᠥᠯᠥᠪᠯᠡᠭᠡ ᠶᠢ ᠲᠤᠭᠤᠷᠪᠢᠨ ᠲᠣᠭᠲᠠᠭᠠᠬᠤ ᠪᠥᠭᠡᠳ | ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ ᠠᠶᠦᠯᠭᠦᠢ ᠶᠢ ᠦᠨᠡᠯᠡᠵᠦ ᠪᠠᠶᠢᠴᠠᠭᠠᠨ ᠬᠡᠮᠵᠢᠬᠦ ᠪᠠᠶᠢᠭᠤᠯᠤᠮᠵᠢ ᠶᠢᠨ ᠬᠠᠮᠢᠶᠠᠷᠤᠯᠲᠠ ᠶᠢᠨ ᠠᠵᠢᠯ ᠢ ᠡᠭᠦᠷᠭᠡᠯᠡᠨ᠎ᠡ᠃ | ︵ᠨᠠᠢᠮᠠ︶ ᠤᠬᠠᠭᠤᠯᠭ᠎ᠠ ᠪᠣᠯᠪᠠᠰᠤᠷᠠᠯ ᠤᠨ ᠰᠠᠯᠠᠭ᠎ᠠ | ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠪᠣᠯᠤᠨ ᠠᠶᠦᠯᠭᠦᠢ ᠦᠢᠯᠡᠳᠪᠦᠷᠢᠯᠡᠯ ᠤᠨ ᠰᠣᠨᠢᠨ ᠮᠡᠳᠡᠭᠡᠨ ᠤ ᠤᠬᠠᠭᠤᠯᠭ᠎ᠠ᠂ ᠶᠠᠷᠢᠶ᠎ᠠ ᠬᠡᠯᠡᠯᠴᠡᠭᠡᠨ ᠤ | ᠪᠠᠶᠢᠳᠠᠯ ᠢ ᠠᠷᠭᠠᠴᠠᠬᠤ᠂ ᠰᠣᠶᠣᠯ ᠤᠨ ᠪᠠᠶᠢᠭᠤᠯᠤᠯᠲᠠ ᠵᠡᠷᠭᠡ ᠠᠵᠢᠯ ᠢ ᠡᠭᠦᠷᠭᠡᠯᠡᠨ᠂ ᠣᠨᠴᠠ ᠲᠥᠷᠥᠯ ᠤᠨ ᠠᠵᠢᠯ ᠬᠢᠭᠰᠡᠳ ᠪᠣᠯᠤᠨ ᠬᠤᠯᠪᠣᠭᠳᠠᠯ ᠪᠦᠬᠦᠢ | ᠦᠢᠯᠡᠳᠪᠦᠷᠢ ᠠᠭᠤᠷᠬᠠᠶ ᠬᠤᠳᠠᠯᠳᠤᠭ᠎ᠠ ᠠᠷᠠᠯᠵᠢᠶᠠᠨ ᠤ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠢ ᠳᠤ ᠠᠵᠢᠯᠯᠠᠵᠤ ᠪᠠᠶᠢᠭ᠎ᠠ ᠬᠥᠮᠦᠰ ᠤᠨ ᠠᠶᠦᠯᠭᠦᠢ | ᠦᠢᠯᠡᠳᠪᠦᠷᠢᠯᠡᠯ ᠤᠨ ᠪᠣᠯᠪᠠᠰᠤᠷᠠᠯ ᠤᠨ ᠠᠵᠢᠯ ᠢ ᠬᠠᠤᠯᠢ ᠶᠣᠰᠣᠭᠠᠷ ᠵᠣᠬᠢᠶᠠᠨ ᠪᠠᠶᠢᠭᠤᠯᠤᠨ ᠵᠢᠯᠣᠭᠤᠳᠬᠤ ᠶᠢᠨ ᠬᠠᠮᠲᠤ ᠬᠢᠨᠠᠯᠲᠠ ᠲᠠᠯᠪᠢᠵᠤ᠂ ᠬᠤᠯᠪᠣᠭᠳᠠᠯ ᠪᠦᠬᠦᠢ | ᠦᠢᠯᠡᠳᠪᠦᠷᠢ ᠠᠭᠤᠷᠬᠠᠶ᠂ ᠠᠷᠠᠯᠵᠢᠶ᠎ᠠ ᠬᠤᠳᠠᠯᠳᠤᠭᠠᠨ ᠤ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠢ ᠶᠢᠨ ᠠᠶᠦᠯᠭᠦᠢ ᠦᠢᠯᠡᠳᠪᠦᠷᠢᠯᠡᠯ ᠤᠨ ᠪᠣᠯᠪᠠᠰᠤᠷᠠᠯ᠂ | ᠰᠢᠯᠭᠠᠯᠲᠠ ᠶᠢᠨ ᠠᠵᠢᠯ ᠢ ᠬᠢᠨᠠᠨ ᠪᠠᠶᠢᠴᠠᠭᠠᠵᠤ᠂ ᠪᠣᠯᠪᠠᠰᠤᠷᠠᠯ ᠤᠨ ᠪᠠᠶᠢᠭᠤᠯᠤᠮᠵᠢ ᠶᠢᠨ ᠬᠢᠷᠢ ᠬᠡᠮ ᠤᠨ ᠭᠤᠶᠤᠴᠢᠯᠠᠯᠲᠠ ᠪᠠ ᠬᠠᠮᠢᠶᠠᠷᠤᠯᠲᠠ ᠶᠢ ᠬᠠᠷᠢᠭᠤᠴᠠᠨ᠂ | ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠪᠣᠯᠤᠨ ᠠᠶᠦᠯᠭᠦᠢ ᠦᠢᠯᠡᠳᠪᠦᠷᠢᠯᠡᠯ ᠤᠨ ᠮᠡᠳᠡᠯᠭᠡ ᠶᠢ ᠲᠦᠭᠡᠮᠡᠯᠵᠢᠭᠦᠯᠬᠦ ᠠᠵᠢᠯ ᠢ ᠡᠭᠦᠷᠭᠡᠯᠡᠨ᠎ᠡ᠃ ᠪᠠᠴᠢᠮ ᠪᠠᠶᠢᠳᠠᠯ | ᠢ ᠠᠷᠭᠠᠴᠠᠬᠤ ᠬᠠᠮᠢᠶᠠᠷᠤᠯᠲᠠ ᠶᠢᠨ ᠰᠢᠰᠲ᠋ᠧᠮ ᠤᠨ ᠺᠠᠳ᠋ᠷ ᠤᠨ ᠬᠥᠮᠦᠵᠢᠯ ᠪᠣᠯᠪᠠᠰᠤᠷᠠᠯ ᠤᠨ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠴᠤ᠂ ᠪᠠᠴᠢᠮ ᠪᠠᠶᠢᠳᠠᠯ ᠢ | ᠠᠷᠭᠠᠴᠠᠬᠤ ᠠᠪᠤᠷᠠᠨ ᠲᠤᠰᠠᠯᠠᠬᠤ ᠡᠩᠨᠡᠭᠡᠨ ᠤ ᠬᠥᠮᠦᠵᠢᠯ ᠪᠣᠯᠪᠠᠰᠤᠷᠠᠯ ᠢ ᠵᠢᠯᠣᠭᠤᠳᠤᠨ᠎ᠠ᠃ | ︵ᠶᠢᠰᠦ︶ ᠶᠡᠷᠦᠩᠬᠡᠶᠢᠯᠡᠭᠰᠡᠨ ᠭᠠᠮᠰᠢᠭ ᠢ ᠪᠠᠭᠠᠰᠬᠠᠬᠤ ᠰᠠᠯᠠᠭ᠎ᠠ | ᠬᠦᠨᠳᠦ ᠶᠡᠭᠡ ᠠᠶᠦᠯᠭᠦᠢ ᠦᠢᠯᠡᠳᠪᠦᠷᠢᠯᠡᠯ ᠤᠨ ᠲᠦᠭᠰᠢᠭᠦᠷᠢ ᠶᠢ ᠬᠢᠨᠠᠨ ᠬᠡᠮᠵᠢᠵᠦ ᠰᠡᠷᠡᠮᠵᠢᠯᠡᠭᠦᠯᠬᠦ ᠪᠠ ᠦᠨᠡᠯᠡᠨ ᠵᠢᠱᠢᠵᠦ ᠨᠤᠲᠠᠯᠠᠬᠤ ᠲᠣᠭᠲᠠᠴᠠ ᠶᠢ | ᠪᠠᠶᠢᠭᠤᠯᠤᠨ᠂ ᠪᠠᠶᠢᠭᠠᠯᠢ ᠶᠢᠨ ᠭᠠᠮᠰᠢᠭ ᠢ ᠶᠡᠷᠦᠩᠬᠡᠶᠢᠯᠡᠨ ᠬᠢᠨᠠᠨ ᠬᠡᠮᠵᠢᠵᠦ ᠰᠡᠷᠡᠮᠵᠢᠯᠡᠭᠦᠯᠬᠦ ᠠᠵᠢᠯ ᠢ ᠡᠭᠦᠷᠭᠡᠯᠡᠵᠦ᠂ ᠪᠠᠶᠢᠭᠠᠯᠢ ᠶᠢᠨ ᠭᠠᠮᠰᠢᠭ ᠤᠨ ᠶᠡᠷᠦᠩᠬᠡᠶᠢᠯᠡᠭᠰᠡᠨ | ᠲᠦᠭᠰᠢᠭᠦᠷᠢ ᠬᠢᠭᠡᠳ ᠭᠠᠮᠰᠢᠭ ᠢ ᠪᠠᠭᠠᠰᠬᠠᠬᠤ ᠴᠢᠳᠠᠪᠤᠷᠢ ᠶᠢ ᠪᠠᠶᠢᠴᠠᠭᠠᠨ ᠦᠨᠡᠯᠡᠬᠦ ᠶᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠭᠠᠮᠰᠢᠭ ᠤᠨ ᠪᠠᠶᠢᠳᠠᠯ ᠢ | ᠬᠠᠷᠭᠤᠭᠤᠯᠤᠨ ᠪᠠᠶᠢᠴᠠᠭᠠᠵᠤ ᠳᠡᠭᠡᠭᠰᠢ ᠮᠡᠳᠡᠭᠦᠯᠬᠦ᠂ ᠬᠤᠬᠢᠷᠠᠯ ᠢ ᠦᠨᠡᠯᠡᠨ ᠵᠢᠱᠢᠬᠦ᠂ ᠭᠠᠮᠰᠢᠭ ᠠᠴᠠ ᠠᠪᠤᠷᠬᠠᠤ ᠬᠠᠨᠳᠢᠪᠯᠠᠯᠲᠠ ᠵᠡᠷᠭᠡ ᠭᠠᠮᠰᠢᠭ ᠠᠴᠠ ᠠᠪᠤᠷᠠᠨ | ᠲᠤᠰᠠᠯᠠᠬᠤ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠴᠤ᠂ ᠪᠠᠴᠢᠮ ᠪᠠᠶᠢᠳᠠᠯ ᠢ ᠠᠷᠭᠠᠴᠠᠬᠤ ᠡᠳ᠋ ᠪᠣᠳᠠᠰ ᠢ ᠨᠥᠭᠡᠴᠡᠯᠡᠬᠦ ᠲᠥᠯᠥᠪᠵᠢᠭᠦᠯᠭᠡ ᠪᠠ ᠬᠡᠷᠡᠭᠴᠡᠭᠡ | ᠱᠠᠭᠠᠷᠳᠠᠯᠭ᠎ᠠ ᠶᠢᠨ ᠲᠥᠯᠥᠪᠯᠡᠭᠡ ᠶᠢ ᠲᠣᠭᠲᠠᠭᠠᠨ᠂ ᠪᠠᠴᠢᠮ ᠪᠠᠶᠢᠳᠠᠯ ᠢ ᠠᠷᠭᠠᠴᠠᠬᠤ ᠡᠳ᠋ ᠪᠣᠳᠠᠰ ᠢ ᠬᠠᠮᠲᠤ ᠪᠠᠷ ᠬᠡᠷᠡᠭᠯᠡᠵᠦ ᠬᠠᠮᠲᠤ ᠪᠠᠷ ᠡᠳ᠋ᠯᠡᠬᠦ ᠪᠠ | ᠵᠣᠬᠢᠴᠠᠭᠤᠯᠬᠤ ᠲᠣᠭᠲᠠᠴᠠ ᠶᠢ ᠪᠠᠶᠢᠭᠤᠯᠵᠤ᠂ ᠪᠠᠴᠢᠮ ᠪᠠᠶᠢᠳᠠᠯ ᠢ ᠠᠷᠭᠠᠴᠠᠬᠤ ᠴᠢᠬᠤᠯᠠ ᠡᠳ᠋ ᠪᠣᠳᠠᠰ ᠢ ᠨᠥᠭᠡᠴᠡᠯᠡᠬᠦ᠂ ᠰᠢᠯᠵᠢᠭᠦᠯᠦᠨ ᠥᠭᠬᠦ ᠪᠠ ᠪᠠᠴᠢᠮ | ᠲᠣᠬᠢᠷᠠᠭᠤᠯᠤᠨ ᠬᠦᠷᠭᠡᠬᠦ ᠶᠢ ᠵᠣᠬᠢᠶᠠᠨ ᠪᠠᠶᠢᠭᠤᠯᠤᠨ ᠵᠣᠬᠢᠴᠠᠭᠤᠯᠵᠤ᠂ ᠭᠠᠮᠰᠢᠭ ᠠᠴᠠ ᠠᠪᠤᠷᠬᠠᠤ ᠡᠳ᠋ ᠮᠥᠩᠭᠦ ᠶᠢ ᠬᠠᠮᠢᠶᠠᠷᠬᠤ᠂ ᠬᠤᠪᠢᠶᠠᠷᠢᠯᠠᠬᠤ ᠪᠠ ᠬᠢᠨᠠᠯᠲᠠ | ᠲᠠᠯᠪᠢᠵᠤ ᠬᠡᠷᠡᠭᠯᠡᠬᠦ ᠠᠵᠢᠯ ᠢ ᠡᠭᠦᠷᠭᠡᠯᠡᠨ᠂ ᠬᠤᠯᠪᠣᠭᠳᠠᠯ ᠪᠥᠬᠦᠶ ᠲᠠᠯ᠎ᠠ ᠶᠢᠨ ᠬᠢᠨ ᠲᠠᠢ ᠬᠠᠮᠲᠤᠷᠠᠨ ᠭᠠᠮᠰᠢᠭᠳᠠᠭᠰᠠᠨ ᠣᠯᠠᠨ ᠲᠦᠮᠡᠨ ᠢ ᠪᠠᠴᠢᠮ ᠰᠢᠯᠵᠢᠭᠦᠯᠦᠨ | ᠲᠥᠪᠬᠢᠨᠡᠭᠦᠯᠬᠦ᠂ ᠭᠠᠮᠰᠢᠭ ᠠᠴᠠ ᠪᠣᠯᠵᠣ ᠡᠪᠳᠡᠭᠳᠡᠭᠰᠡᠨ ᠬᠡᠷ ᠪᠠᠶᠢᠰᠢᠩ ᠢ ᠰᠡᠷᠭᠦᠭᠡᠨ ᠳᠠᠬᠢᠨ ᠵᠠᠰᠠᠬᠤ ᠨᠥᠬᠦᠪᠥᠷᠢ ᠪᠠ ᠭᠠᠮᠰᠢᠭᠳᠠᠭᠰᠠᠨ ᠣᠯᠠᠨ ᠲᠦᠮᠡᠨ ᠤ | ᠠᠮᠢᠳᠤᠷᠠᠯ ᠢ ᠠᠪᠤᠷᠠᠨ ᠲᠤᠰᠠᠯᠠᠬᠤ ᠶᠢ ᠵᠣᠬᠢᠶᠠᠨ ᠪᠠᠶᠢᠭᠤᠯᠤᠨ ᠵᠣᠬᠢᠴᠠᠭᠤᠯᠤᠨ᠎ᠠ᠃ ᠭᠠᠵᠠᠷ ᠬᠥᠳᠡᠯᠦᠯᠲᠡ ᠠᠴᠠ ᠰᠡᠷᠭᠡᠶᠢᠯᠡᠨ ᠭᠠᠮᠰᠢᠭ ᠢ ᠪᠠᠭᠠᠰᠬᠠᠬᠤ ᠠᠵᠢᠯ ᠢ | ᠬᠠᠤᠯᠢ ᠶᠣᠰᠣᠭᠠᠷ ᠬᠢᠨᠠᠨ ᠪᠠᠶᠢᠴᠠᠭᠠᠵᠤ᠂ ᠭᠠᠵᠠᠷ ᠬᠥᠳᠡᠯᠦᠯᠲᠡ ᠠᠴᠠ ᠰᠡᠷᠭᠡᠶᠢᠯᠡᠨ ᠭᠠᠮᠰᠢᠭ ᠢ ᠪᠠᠭᠠᠰᠬᠠᠬᠤ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠶᠢᠨ | ᠠᠷᠭ᠎ᠠ ᠶᠢ ᠲᠤᠭᠤᠷᠪᠢᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠭᠠᠵᠠᠷ ᠬᠥᠳᠡᠯᠦᠯᠲᠡ ᠠᠴᠠ ᠰᠡᠷᠭᠡᠶᠢᠯᠡᠨ ᠭᠠᠮᠰᠢᠭ ᠢ ᠪᠠᠭᠠᠰᠬᠠᠬᠤ ᠦᠢᠯᠡᠰ ᠤᠨ | ᠬᠥᠭᠵᠢᠯᠲᠡ ᠶᠢᠨ ᠲᠥᠯᠥᠪᠵᠢᠭᠦᠯᠭᠡ ᠪᠠ ᠲᠥᠯᠥᠪᠯᠡᠭᠡ ᠲᠣᠭᠲᠠᠭᠠᠨ᠂ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠠᠶᠦᠯᠭᠦᠢ ᠶᠢ ᠦᠨᠡᠯᠡᠬᠦ ᠬᠠᠮᠢᠶᠠᠷᠤᠯᠲᠠ᠂ | ᠭᠠᠵᠠᠷ ᠬᠥᠳᠡᠯᠦᠯᠲᠡ ᠶᠢ ᠳᠠᠭᠠᠭᠠᠬᠤ ᠰᠡᠷᠭᠡᠶᠢᠯᠡᠯᠲᠡ ᠪᠠᠶᠢᠷᠢᠯᠠᠭᠤᠯᠬᠤ ᠱᠠᠭᠠᠷᠳᠠᠯᠭ᠎ᠠ ᠶᠢ ᠲᠣᠭᠲᠠᠭᠠᠬᠤ ᠠᠵᠢᠯ ᠢ ᠡᠭᠦᠷᠭᠡᠯᠡᠨ᠎ᠡ᠃ ᠭᠠᠵᠠᠷ ᠬᠥᠳᠡᠯᠦᠯᠲᠡ ᠶᠢᠨ ᠪᠠᠴᠢᠮ | ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠭᠠᠮᠰᠢᠭ ᠢ ᠰᠡᠷᠭᠡᠶᠢᠯᠡᠨ ᠵᠠᠰᠠᠬᠤ ᠬᠠᠮᠢᠶ᠎ᠠ ᠪᠦᠬᠦᠢ ᠠᠵᠢᠯ ᠢ | ᠵᠢᠯᠣᠭᠤᠳᠤᠨ ᠵᠣᠬᠢᠴᠠᠭᠤᠯᠵᠤ᠂ ᠬᠦᠨᠳᠦ ᠶᠡᠭᠡ ᠭᠠᠮᠰᠢᠭ ᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠶᠢ ᠵᠣᠬᠢᠶᠠᠨ ᠪᠠᠶᠢᠭᠤᠯᠤᠨ᠎ᠠ᠃ ᠤᠯᠠᠨ ᠤᠯᠤᠰ | ᠤᠨ ᠬᠤᠯᠪᠣᠭᠳᠠᠯ ᠪᠦᠬᠦᠢ ᠬᠠᠮᠲᠤᠷᠠᠯᠴᠠᠭ᠎ᠠ ᠪᠠ ᠠᠪᠤᠷᠠᠨ ᠲᠤᠰᠠᠯᠠᠬᠤ ᠠᠵᠢᠯ ᠢ ᠡᠭᠦᠷᠭᠡᠯᠡᠨ᠎ᠡ᠃ | ︵ᠠᠷᠪᠠ ︶ ᠦᠶᠡᠷ ᠢ ᠰᠡᠷᠭᠡᠶᠢᠯᠡᠵᠦ ᠭᠠᠩ ᠢ ᠡᠰᠡᠷᠭᠦᠴᠡᠬᠦ ᠰᠠᠯᠠᠭ᠎ᠠ | ᠦᠶᠡᠷ ᠭᠠᠩ ᠤᠨ ᠭᠠᠮᠰᠢᠭ ᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠠᠵᠢᠯ ᠢ ᠵᠣᠬᠢᠶᠠᠨ ᠪᠠᠶᠢᠭᠤᠯᠤᠨ ᠵᠣᠬᠢᠴᠠᠭᠤᠯᠵᠤ᠂ ᠴᠢᠬᠤᠯᠠ ᠭᠤᠣᠯ | ᠮᠥᠷᠡᠨ ᠨᠠᠭᠤᠷ ᠴᠥᠭᠦᠷᠥᠮ ᠪᠣᠯᠤᠨ ᠴᠢᠬᠤᠯᠠ ᠤᠰᠤᠨ ᠤ ᠢᠨᠵᠧᠨᠧᠷᠢᠩ ᠢ ᠵᠣᠬᠢᠴᠠᠭᠤᠯᠵᠤ ᠪᠠᠶᠢᠭᠠᠳ ᠦᠶᠡᠷ ᠢ ᠰᠡᠷᠭᠡᠶᠢᠯᠡᠨ ᠭᠠᠩ ᠢ ᠡᠰᠡᠷᠭᠦᠴᠡᠬᠦ ᠲᠣᠬᠢᠷᠠᠭᠤᠯᠭ᠎ᠠ | ᠪᠠ ᠪᠠᠴᠢᠮ ᠪᠠᠶᠢᠳᠠᠯ ᠢ ᠠᠷᠭᠠᠴᠠᠬᠤ ᠤᠰᠤᠨ ᠤ ᠬᠡᠮᠵᠢᠶ᠎ᠡ ᠶᠢ ᠲᠣᠬᠢᠷᠠᠭᠤᠯᠬᠤ ᠠᠵᠢᠯ ᠢ ᠬᠡᠷᠡᠭᠵᠢᠭᠦᠯᠦᠨ᠎ᠡ᠃ ᠬᠤᠲᠠ ᠶᠢᠨ ᠦᠶᠡᠷ ᠢ ᠰᠡᠷᠭᠡᠶᠢᠯᠡᠵᠦ ᠭᠠᠩ ᠢ | ᠡᠰᠡᠷᠭᠦᠴᠡᠬᠦ ᠵᠢᠯᠣᠭᠤᠳᠬᠤ ᠭᠠᠵᠠᠷ ᠤᠨ ᠡᠳᠦᠷ ᠲᠤᠲᠤᠮ ᠤᠨ ᠠᠵᠢᠯ ᠢ ᠡᠭᠦᠷᠭᠡᠯᠡᠨ᠎ᠡ᠃ | ︵ᠠᠷᠪᠠᠨ ᠨᠢᠭᠡ ︶ ᠭᠠᠯ ᠤᠨ ᠠᠶᠤᠯ ᠢ ᠰᠡᠷᠭᠡᠶᠢᠯᠡᠨ ᠵᠠᠰᠠᠬᠤ ᠬᠠᠮᠢᠶᠠᠷᠤᠯᠲᠠ ᠶᠢᠨ ᠰᠠᠯᠠᠭ᠎ᠠ | ᠭᠠᠯ ᠤᠨᠲᠠᠷᠠᠭᠠᠬᠤ ᠬᠠᠤᠯᠢ ᠴᠠᠭᠠᠵᠠ ᠬᠠᠤᠯᠢ ᠲᠣᠭᠲᠠᠭᠠᠯ ᠪᠣᠯᠤᠨ ᠮᠡᠷᠭᠡᠵᠢᠯ ᠤᠨ ᠪᠠᠷᠢᠮᠵᠢᠶ᠎ᠠ ᠶᠢ ᠲᠤᠭᠤᠰᠢᠯᠠᠭᠤᠯᠤᠨ ᠬᠡᠷᠡᠭᠵᠢᠭᠦᠯᠵᠦ᠂ ᠪᠦᠬᠦ ᠬᠤᠲᠠ ᠶᠢᠨ | ᠬᠤᠲᠠ ᠪᠠᠯᠭᠠᠰᠤ᠂ ᠮᠠᠯᠵᠢᠬᠤ ᠲᠠᠷᠢᠶᠠᠯᠠᠬᠤ ᠣᠷᠣᠨ᠂ ᠣᠶ ᠰᠢᠭᠤᠶ᠂ ᠨᠤᠲᠤᠭ ᠪᠡᠯᠴᠢᠭᠡᠷ ᠤᠨ ᠭᠠᠯ ᠤᠨᠲᠠᠷᠠᠭᠠᠬᠤ ᠠᠵᠢᠯ ᠤᠨ ᠲᠥᠯᠥᠪᠵᠢᠭᠦᠯᠭᠡ ᠶᠢ ᠨᠠᠶᠢᠷᠠᠭᠤᠯᠤᠨ | ᠵᠣᠬᠢᠶᠠᠬᠤ ᠶᠢᠨ ᠬᠠᠮᠲᠤ ᠨᠠᠶᠢᠲᠠᠪᠤᠷᠢᠵᠢᠭᠤᠯᠬᠤ ᠶᠢ ᠠᠬᠢᠭᠤᠯᠵᠤ᠂ ᠭᠠᠯ ᠤᠨᠲᠠᠷᠠᠭᠠᠬᠤ ᠳᠤ ᠬᠢᠨᠠᠯᠲᠠ ᠲᠠᠯᠪᠢᠬᠤ᠂ ᠭᠠᠯ ᠤᠨ ᠠᠶᠤᠯ ᠢ ᠰᠡᠷᠭᠡᠶᠢᠯᠡᠬᠦ᠂ ᠭᠠᠯ ᠤᠨ | ᠠᠶᠤᠯ ᠠᠴᠠ ᠠᠪᠤᠷᠠᠬᠤ ᠠᠵᠢᠯ ᠢ ᠵᠢᠯᠣᠭᠤᠳᠤᠨ᠎ᠠ᠃ | ︵ᠠᠷᠪᠠᠨ ᠬᠤᠶᠠᠷ︶ ᠪᠠᠶᠢᠴᠠᠭᠠᠨ ᠦᠨᠡᠯᠡᠬᠦ ᠪᠠ ᠪᠦᠷᠢᠳᠬᠡᠬᠦ ᠰᠠᠯᠠᠭ᠎ᠠ | ᠦᠢᠯᠡᠳᠪᠦᠷᠢᠯᠡᠯ ᠤᠨ ᠠᠶᠦᠯᠭᠦᠢ ᠠᠳᠡᠯ ᠢ ᠪᠠᠶᠢᠴᠠᠭᠠᠨ ᠰᠢᠶᠳᠪᠦᠷᠢᠯᠡᠬᠦ ᠠᠵᠢᠯ ᠢ ᠬᠠᠤᠯᠢ ᠶᠣᠰᠣᠭᠠᠷ ᠡᠭᠦᠷᠭᠡᠯᠡᠨ᠂ ᠠᠳᠡᠯ ᠢ ᠪᠠᠶᠢᠴᠠᠭᠠᠨ ᠰᠢᠶᠳᠪᠦᠷᠢᠯᠡᠭᠰᠡᠨ | ᠪᠠ ᠬᠠᠷᠢᠭᠤᠴᠠᠯᠭ᠎ᠠ ᠨᠡᠬᠡᠮᠵᠢᠯᠡᠭᠰᠡᠨ ᠪᠠᠶᠢᠳᠠᠯ ᠳᠤ ᠬᠢᠨᠠᠯᠲᠠ ᠲᠠᠯᠪᠢᠵᠤ᠂ ᠪᠠᠶᠢᠭᠠᠯᠢ ᠶᠢᠨ ᠭᠠᠮᠰᠢᠭ ᠤᠨ ᠲᠥᠷᠥᠯ ᠤᠨ ᠭᠡᠨᠡᠳᠲᠡ ᠶᠢᠨ ᠬᠡᠷᠡᠭ ᠢ ᠪᠠᠶᠢᠴᠠᠭᠠᠵᠤ | ᠦᠨᠡᠯᠡᠨ ᠵᠢᠱᠢᠬᠦ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠪᠦᠷᠢᠳᠬᠡᠨ ᠵᠠᠳᠠᠯᠬᠤ ᠠᠵᠢᠯ ᠢ | ᠬᠠᠷᠢᠭᠤᠴᠠᠨ᠎ᠠ᠃ ᠢᠯᠡᠴᠢᠯᠡᠨ ᠮᠡᠳᠡᠭᠦᠯᠵᠦ ᠵᠠᠭᠠᠯᠳᠤᠭᠰᠠᠨ ᠵᠦᠶᠯ ᠢ ᠭᠦᠶᠴᠡᠳᠬᠡᠬᠦ ᠠᠵᠢᠯ ᠢ ᠬᠠᠷᠢᠭᠤᠴᠠᠨ᠎ᠠ᠃ | ᠪᠠᠶᠢᠭᠤᠯᠭ᠎ᠠ ᠶᠢᠨ ᠨᠠᠮ ᠤᠨ ᠬᠤᠷᠢᠶ᠎ᠠ | ᠪᠠᠶᠢᠭᠤᠯᠭ᠎ᠠ ᠪᠣᠯᠤᠨ ᠬᠠᠷᠢᠶ᠎ᠠ ᠠᠵᠢᠯ ᠦᠢᠯᠡᠰ ᠤᠨ ᠨᠢᠭᠡᠴᠢ ᠶᠢᠨ ᠨᠠᠮ ᠪᠠ ᠣᠯᠠᠨ ᠲᠦᠮᠡᠨ᠂ ᠰᠠᠬᠢᠯᠭ᠎ᠠ ᠪᠠᠲᠤ ᠪᠠᠶᠢᠴᠠᠭᠠᠬᠤ ᠵᠡᠷᠭᠡ ᠠᠵᠢᠯ ᠢ | ᠬᠠᠷᠢᠭᠤᠴᠠᠵᠤ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠵᠢᠨᠰᠢᠰᠲ᠋ᠧᠮ ᠤᠨ ᠦᠵᠡᠯ ᠰᠠᠨᠠᠭ᠎ᠠ ᠤᠯᠤᠰ ᠲᠥᠷᠥ ᠶᠢᠨ ᠪᠠᠶᠢᠭᠤᠯᠤᠯᠲᠠ ᠶᠢᠨ ᠠᠵᠢᠯ ᠢ | ᠵᠢᠯᠣᠭᠤᠳᠤᠨ᠎ᠠ᠃ | ᠲᠠᠪᠤᠳᠤᠭᠠᠷ ᠵᠦᠢᠯ | ᠣᠷᠳᠣᠰ ᠬᠤᠲᠠ ᠶᠢᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠶᠢᠨ ᠵᠠᠰᠠᠭ ᠵᠠᠬᠢᠷᠭᠠᠨ ᠤ ᠣᠷᠣᠨ ᠲᠤᠭ᠎ᠠ 24 ᠬᠦᠮᠦᠨ᠃ | ᠲᠣᠪᠴᠢᠶᠠᠨ ᠳᠠᠷᠤᠭ᠎ᠠ 1 ᠬᠦᠮᠦᠨ᠂ ᠳᠡᠳ᠋ ᠲᠣᠪᠴᠢᠶᠠᠨ ᠳᠠᠷᠤᠭ᠎ᠠ 4 ᠬᠦᠮᠦᠨ︔ ᠰᠠᠯᠠᠭᠠᠨ ᠲᠠᠰ ᠤᠨ ᠤᠳᠤᠷᠢᠳᠬᠤ ᠲᠤᠰᠢᠶᠠᠯ ᠤᠨ ᠲᠤᠭ᠎ᠠ 19 ᠬᠦᠮᠦᠨ᠂ 14 | ᠵᠢᠩᠬᠢᠨᠢ ᠰᠠᠯᠠᠭᠠᠨ ᠲᠡᠰ ( ᠶᠡᠷᠦᠩᠬᠡᠶ ᠢᠨᠵᠧᠨᠧᠷ 1 ᠬᠦᠮᠦᠨ᠂ ᠪᠠᠶᠢᠭᠤᠯᠭ᠎ᠠ ᠶᠢᠨ ᠨᠠᠮ ᠤᠨ ᠬᠤᠷᠢᠶᠠᠨ ᠤ ᠲᠤᠰᠬᠠᠶ ᠲᠤᠰᠢᠶᠠᠯᠲᠤ ᠳᠡᠳ᠋ ᠱᠦᠵᠢ 1 ᠬᠦᠮᠦᠨ | ᠪᠠᠭᠲᠠᠨ᠎ᠠ ) 5 ᠳᠡᠳ᠋ ᠰᠠᠯᠠᠭᠠᠨ ᠳᠡᠰ ᠪᠣᠶ᠃ | ᠵᠢᠷᠭᠤᠳᠤᠭᠠᠷ ᠵᠦᠢᠯ | ᠣᠷᠳᠣᠰ ᠬᠤᠲᠠ ᠶᠢᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠳᠤ ᠬᠠᠷᠢᠶᠠᠯᠠᠬᠤ ᠠᠵᠢᠯ ᠦᠢᠯᠡᠰ ᠤᠨ ᠨᠢᠭᠡᠴᠢ ᠶᠢᠨ | ᠪᠠᠶᠢᠷᠢᠯᠠᠭᠤᠯᠤᠯᠲᠠ᠂ ᠲᠤᠰᠢᠶᠠᠯ ᠬᠠᠷᠢᠭᠤᠴᠠᠯᠭ᠎ᠠ ᠪᠣᠯᠤᠨ ᠣᠷᠣᠨ ᠲᠤᠭ᠎ᠠ ᠶᠢᠨ ᠶᠠᠪᠤᠳᠠᠯ ᠢ ᠠᠰ ᠲᠤᠨᠢ ᠲᠣᠭᠲᠠᠭᠠᠨ᠎ᠠ᠃ | ᠳᠣᠯᠣᠳᠤᠭᠠᠷ ᠵᠦᠢᠯ | ᠲᠤᠰ ᠲᠣᠭᠲᠠᠭᠠᠯ ᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠣᠷᠳᠣᠰ ᠬᠤᠲᠠ ᠶᠢᠨ ᠬᠤᠷᠢᠶ᠎ᠠ ᠶᠢᠨ ᠪᠠᠶᠢᠭᠤᠯᠤᠮᠵᠢ ᠣᠷᠣᠨ ᠲᠣᠭᠠᠨ ᠤ ᠵᠥᠪᠯᠡᠯ | ᠤᠨ ᠠᠯᠪᠠᠨ ᠭᠡᠷ ᠠᠴᠠ ᠬᠠᠷᠢᠭᠤᠴᠠᠨ ᠲᠠᠶᠢᠯᠪᠤᠷᠢᠯᠠᠨ᠎ᠠ᠂ ᠲᠡᠭᠦᠨ ᠳᠤ ᠲᠣᠬᠢᠷᠠᠭᠤᠯᠤᠯᠲᠠ ᠬᠢᠬᠦ ᠶᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠣᠷᠳᠣᠰ ᠬᠤᠲᠠ | ᠶᠢᠨ ᠬᠤᠷᠢᠶ᠎ᠠ ᠶᠢᠨ ᠪᠠᠶᠢᠭᠤᠯᠤᠮᠵᠢ ᠣᠷᠣᠨ ᠲᠣᠭᠠᠨ ᠤ ᠵᠥᠪᠯᠡᠯ ᠤᠨ ᠠᠯᠪᠠᠨ ᠭᠡᠷ ᠠᠴᠠ ᠲᠣᠭᠲᠠᠭᠠᠭᠰᠠᠨ ᠳᠡᠰ ᠳᠠᠷᠠᠭᠠᠯᠠᠯ ᠢᠶᠠᠷ ᠭᠦᠢᠴᠡᠳᠬᠡᠨ᠎ᠡ᠃ | ᠨᠠᠢᠮᠠᠳᠤᠭᠠᠷ ᠵᠦᠢᠯ | ᠲᠤᠰ ᠲᠣᠭᠲᠠᠭᠠᠯ ᠢ 2019 ᠣᠨ ᠤ 9 ᠳ᠋ᠦ᠋ᠭᠡᠷ ᠰᠠᠷ᠎ᠠ ᠶᠢᠨ 30 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ | ᠠᠵᠢᠯᠯᠠᠬᠤ ᠬᠠᠶ᠋ᠢᠭ᠄ ᠣᠷᠳᠣᠰ ᠤᠨ ᠭᠦᠸᠧ ᠲᠠᠢ ᠬᠤᠳᠠᠯᠳᠤᠭᠠᠨ ᠤ ᠶᠠᠪᠤᠳᠠᠯ ᠤᠨ ᠲᠠᠯᠠᠪᠠᠶ ᠶᠢᠨ T 2 19 ᠳ᠋ᠦ᠋ᠭᠡᠷ ᠳᠠᠪᠬᠤᠷᠭ᠎ᠠ | ᠠᠯᠪᠠᠯᠠᠬᠤ ᠤᠲᠠᠰᠤ᠄ 0477 — 8589577 | ᠠᠵᠢᠯᠯᠠᠬᠤ ᠴᠠᠭ᠄ 9᠄ 00 —12᠄ 00 14᠄ 00—17᠄ 30 ( ᠭᠠᠷᠠᠭ ᠤᠨ ᠨᠢᠭᠡᠨ ᠠᠴᠠ ᠭᠠᠷᠠᠭ ᠤᠨ ᠲᠠᠪᠤᠨ᠂ ᠪᠠᠶᠠᠷ ᠳᠤᠷᠠᠰᠬᠠᠯ | ᠠᠮᠠᠷᠠᠯᠲᠠ ᠶᠢᠨ ᠡᠳᠦᠷ ᠠᠴᠠ ᠭᠠᠳᠠᠨ᠎ᠠ ) ᠰᠢᠦᠳᠠᠨ ᠳ᠋ᠤᠭᠠᠷ᠄ 017000 | ᠡᠭᠦᠳᠡᠨ ᠡᠷᠦᠬᠡ ᠶᠢᠨ ᠰᠦᠯᠵᠢᠶᠡᠨ ᠤ ᠬᠠᠶ᠋ᠢᠭ᠄ http᠄ / / yjglj . ordos . gov . cn᠃ | | |