ᠡᠨᠡ ᠬᠠᠪᠤᠷ 9.7 ᠳ᠋ᠦᠩᠰᠢᠭᠤᠷ ᠮᠤ᠋ ᠨᠤᠲᠤᠭ ᠪᠡᠯᠴᠢᠭᠡᠷ ᠲᠤ ᠪᠡᠯᠴᠢᠭᠡᠷᠯᠡᠬᠦᠯᠬᠦ ᠶᠢ ᠵᠤᠭᠰᠤᠭᠠᠨ᠎ᠠ
ᠨᠡᠶᠢᠲᠡᠯᠡᠭᠰᠡᠨ ᠴᠠᠭ᠄
2024/3/31
      ᠬᠠᠪᠤᠷ ᠤᠨ ᠤᠯᠠᠷᠢᠯ ᠤᠨ ᠪᠡᠯᠴᠢᠭᠡᠷ ᠥᠨᠵᠢᠭᠦᠯᠬᠦ ᠨᠢ ᠮᠠᠯ ᠡᠪᠡᠰᠦ ᠶᠢ ᠬᠡᠮᠡᠯᠢᠬᠦ᠂ ᠬᠢᠰᠭᠢᠯᠡᠬᠦ ᠶᠢ ᠪᠦᠲᠦᠮᠵᠢᠲᠠᠢ ᠪᠠᠭᠠᠰᠬᠠᠵᠤ᠂ ᠪᠡᠯᠴᠢᠭᠡᠷ ᠡᠪᠡᠰᠦ ᠭᠦᠢᠴᠡᠳ ᠨᠤᠭᠤᠭᠠᠷᠠᠬᠤ ᠪᠠ ᠦᠷᠭᠦᠯᠵᠢᠯᠡᠨ ᠤᠷᠭᠤᠬᠤ ᠳᠤ ᠠᠰᠢᠭᠲᠠᠢ ᠪᠠᠶᠢᠵᠤ᠂ ᠪᠡᠯᠴᠢᠭᠡᠷ ᠡᠪᠡᠰᠦ ᠶᠢᠨ ᠤᠨᠠᠯᠲᠠ ᠶᠢ ᠳᠡᠭᠡᠭᠰᠢᠯᠡᠭᠦᠯᠦᠨ᠂ ᠨᠤᠲᠤᠭ ᠪᠡᠯᠴᠢᠭᠡᠷ ᠢ ᠬᠠᠮᠠᠭᠠᠯᠠᠬᠤ ᠦᠢᠯᠡᠳᠦᠯ ᠦᠵᠡᠭᠦᠯᠳᠡᠭ᠃
微信图片_20240402100508.jpg
      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠢ ᠰᠢᠭᠤᠢ ᠪᠠ ᠨᠤᠲᠤᠭ ᠪᠡᠯᠴᠢᠭᠡᠷ ᠤᠨ ᠲᠤᠪᠴᠢᠶ᠎ᠠ ᠶᠢᠨ ᠮᠡᠳᠡᠭᠡ ᠶᠢ ᠦᠨᠳᠦᠰᠦᠯᠡᠪᠡᠯ᠂ ᠨᠤᠲᠤᠭ ᠪᠡᠯᠴᠢᠭᠡᠷ ᠤᠨ ᠠᠮᠢ ᠠᠬᠤᠢ ᠶᠢ ᠬᠠᠮᠠᠭᠠᠯᠠᠬᠤ ᠶᠢᠨ ᠲᠥᠯᠥᠭᠡ᠂ 4 ᠰᠠᠷ᠎ᠠ ᠶᠢᠨ 1᠎ ᠤ ᠡᠳᠦᠷ ᠠᠴᠠ ᠡᠬᠢᠯᠡᠨ ᠰᠢᠯᠢ ᠶᠢᠨ ᠭᠤᠣᠯ ᠠᠶᠢᠮᠠᠭ ᠤᠨ 2.2 ᠳ᠋ᠦᠩᠰᠢᠭᠤᠷ ᠮᠤ᠋ ᠨᠤᠲᠤᠭ ᠪᠡᠯᠴᠢᠭᠡᠷ ᠲᠤ ᠪᠡᠯᠴᠢᠭᠡᠷᠯᠡᠬᠦᠯᠬᠦ ᠶᠢ ᠵᠤᠭᠰᠤᠭᠠᠵᠤ ᠪᠡᠯᠴᠢᠭᠡᠷ ᠰᠡᠷᠭᠦᠭᠡᠬᠦ ᠪᠠᠷ ᠪᠤᠯᠵᠠᠢ᠃ ᠮᠠᠨ ᠤ ᠣᠷᠣᠨ ᠡᠯ᠎ᠡ ᠭᠠᠵᠠᠷ ᠤᠨ ᠡᠪᠡᠰᠦ ᠪᠡᠯᠴᠢᠭᠡᠷ ᠤᠨ ᠲᠥᠷᠥᠯ ᠬᠡᠯᠪᠡᠷᠢ᠂ ᠬᠤᠷ᠎ᠠ ᠲᠤᠨᠳᠠᠰᠤ ᠶᠢᠨ ᠬᠡᠮᠵᠢᠶ᠎ᠡ᠂ ᠠᠭᠠᠷ ᠤᠨ ᠳᠤᠯᠠᠭᠠᠨ ᠵᠢᠴᠢ ᠨᠤᠲᠤᠭ ᠪᠡᠯᠴᠢᠭᠡᠷ ᠤᠨ ᠤᠷᠭᠤᠯᠲᠠ ᠶᠢᠨ ᠣᠨᠴᠠᠯᠢᠭ ᠢ ᠦᠨᠳᠦᠰᠦᠯᠡᠨ ᠰᠡᠯᠭᠦᠨ ᠮᠠᠯᠵᠢᠬᠤ ᠴᠠᠭ ᠤᠨ ᠬᠢᠵᠠᠭᠠᠷ ᠢ ᠲᠤᠭᠲᠠᠭᠠᠵᠠᠢ᠂ ᠣᠳᠣᠬᠠᠨ ᠳᠤ ᠤᠯᠠᠭᠠᠨᠬᠠᠳᠠ᠂ ᠤᠷᠳᠤᠰ ᠤᠨ ᠬᠡᠰᠡᠭ ᠬᠤᠰᠢᠭᠤ ᠰᠢᠶᠠᠨ ᠨᠢᠭᠡᠨᠲᠡ ᠬᠠᠪᠤᠷ ᠤᠨ ᠤᠯᠠᠷᠢᠯ ᠤᠨ ᠰᠡᠯᠭᠦᠨ ᠮᠠᠯᠵᠢᠬᠤ ᠬᠤᠭᠤᠴᠠᠭᠠᠨ ᠳᠤ ᠤᠷᠤᠵᠤ᠂ ᠰᠡᠯᠭᠦᠨ ᠮᠠᠯᠵᠢᠬᠤ ᠬᠤᠭᠤᠴᠠᠭ᠎ᠠ ᠶᠢ 45 ᠡᠳᠦᠷ ᠠᠴᠠ ᠳᠣᠣᠷ᠎ᠠ ᠪᠠᠶᠢᠯᠭᠠᠬᠤ ᠦᠭᠡᠢ᠃ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠤᠷᠤᠨ ᠤ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠵᠤᠭᠰᠤᠭᠠᠵᠤ ᠰᠡᠯᠭᠦᠨ ᠮᠠᠯᠵᠢᠬᠤ ᠳᠥᠷᠢᠮ︾ ᠶᠤᠰᠤᠭᠠᠷ᠂ ᠡᠨᠡ ᠵᠢᠯ ᠪᠦᠬᠦ ᠣᠷᠣᠨ ᠤ ᠨᠤᠲᠤᠭ ᠪᠡᠯᠴᠢᠭᠡᠷ ᠲᠤ ᠬᠠᠪᠤᠷ ᠤᠨ ᠤᠯᠠᠷᠢᠯ ᠤᠨ ᠰᠡᠯᠭᠦᠨ ᠮᠠᠯᠵᠢᠬᠤ ᠶᠢ ᠬᠡᠷᠡᠭᠵᠢᠭᠦᠯᠵᠤ᠂ ᠰᠡᠯᠭᠦᠨ ᠮᠠᠯᠵᠢᠬᠤ ᠶᠡᠷᠦᠩᠬᠡᠢ ᠲᠠᠯᠠᠪᠠᠢ ᠶᠢ 9.7 ᠳ᠋ᠦᠩᠰᠢᠭᠤᠷ ᠮᠤ᠋ ᠳᠤ ᠬᠦᠷᠭᠡᠨ᠎ᠡ᠃      ᠥᠪᠥᠷ ᠮᠣᠩᠭᠤᠯ ᠪᠡᠯᠴᠢᠭᠡᠷᠯᠡᠭᠦᠯᠬᠦ ᠪᠠᠨ ᠵᠤᠭᠰᠤᠭᠰᠠᠨ ᠮᠠᠯᠵᠢᠬᠤ ᠡᠷᠦᠬᠡ ᠳᠤ ᠨᠥᠭᠦᠪᠦᠷᠢ ᠣᠯᠭᠤᠬᠤ ᠪᠠᠷ ᠳᠠᠮᠵᠢᠭᠤᠯᠤᠨ᠂ ᠨᠤᠲᠤᠭ ᠪᠡᠯᠴᠢᠭᠡᠷ ᠢ ᠰᠡᠷᠭᠦᠭᠡᠬᠦ ᠶᠢ ᠳᠠᠮᠵᠢᠵᠤ ᠪᠠᠶᠢᠨ᠎ᠠ᠃ ᠡᠭᠦᠨ ᠤ ᠬᠠᠮᠲᠤ᠂ ᠵᠠᠰᠠᠭ ᠤᠨ ᠤᠷᠳᠤᠨ ᠨᠥᠬᠡᠴᠡᠯᠡᠬᠦ᠂ ᠮᠠᠯᠴᠢᠳ ᠥᠪᠡᠷᠰᠡᠳ ᠢᠶᠠᠨ ᠪᠡᠯᠡᠳᠬᠡᠬᠦ᠂ ᠵᠤᠬᠢᠴᠠᠭᠤᠯᠤᠨ ᠲᠤᠬᠢᠷᠠᠭᠤᠯᠵᠤ ᠲᠡᠭᠡᠭᠡᠪᠦᠷᠢᠯᠡᠬᠦ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ ᠡᠪᠡᠰᠦ ᠪᠤᠷᠳᠤᠭ᠎ᠠ ᠨᠥᠬᠡᠴᠡᠯᠡᠵᠤ᠂ ᠲᠡᠵᠢᠭᠡᠯ ᠡᠪᠡᠰᠦ ᠪᠤᠷᠳᠤᠭᠠᠨ ᠤ ᠰᠠᠭᠤᠷᠢᠨ ᠭᠠᠵᠠᠷ᠂ ᠬᠠᠰᠢᠶᠠᠯᠠᠨ ᠲᠡᠵᠢᠭᠡᠬᠦ ᠫᠧᠩ ᠰᠠᠷᠠᠪᠴᠢ ᠵᠡᠷᠭᠡ ᠰᠠᠭᠤᠷᠢ ᠳᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠳᠦᠯᠬᠢᠨ ᠠᠬᠢᠭᠤᠯᠵᠤ᠂ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠵᠠᠰᠠᠬᠤ ᠮᠡᠷᠭᠡᠵᠢᠯ ᠤᠨ ᠦᠢᠯᠡᠴᠢᠯᠡᠭᠡᠨ ᠢ ᠴᠢᠩᠭᠠᠷᠠᠭᠤᠯᠤᠨ᠂ ᠮᠠᠯᠴᠢᠳ ᠤᠨ ᠥᠪᠡᠷ ᠤᠨ ᠮᠠᠯ ᠲᠡᠵᠢᠭᠡᠪᠦᠷᠢ ᠪᠠᠨ ᠬᠠᠰᠢᠶᠠᠯᠠᠨ ᠲᠡᠵᠢᠭᠡᠬᠦ ᠎ ᠶᠢ ᠳᠠᠮᠵᠢᠵᠤ ᠪᠠᠶᠢᠨ᠎ᠠ᠃  
ᠢᠷᠡᠯᠲᠡ᠄ ᠥᠪᠥᠷ ᠮᠣᠩᠭᠤᠯ ᠤᠨ ᠡᠳᠦᠷ ᠤᠨ ᠰᠤᠨᠢᠨ ᠤ ᠸᠢᠴᠠᠲ ᠳᠠᠪᠴᠠᠩ