ᠰᠣᠶᠣᠯ ᠤᠨ ᠰᠠᠶᠢᠨ ᠳᠤᠷᠠᠴᠤᠳ ᠤᠨ ᠠᠵᠢᠯᠯᠠᠭ᠎ᠠ ᠤᠯᠤᠰ ᠤᠨ ᠰᠢᠯᠢᠳᠡᠭ ᠲᠥᠷᠥᠯ ᠵᠦᠢᠯ ᠳᠤ ᠰᠣᠩᠭᠤᠭᠳᠠᠯ᠎ᠠ
ᠨᠡᠶᠢᠲᠡᠯᠡᠭᠰᠡᠨ ᠴᠠᠭ᠄
2024/3/7
     ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠠᠴᠠ ᠣᠶᠢᠯᠠᠭᠠᠭᠰᠠᠨ ᠢᠶᠠᠷ᠂ ᠮᠠᠨ ᠤ ᠣᠷᠣᠨ ᠤ 2023 ᠣᠨ ᠤ ︽ᠬᠠᠪᠤᠷ ᠤᠨ ᠬᠤᠷ᠎ᠠ ᠢᠨᠵᠧᠨᠧᠷᠢᠩ︾ ᠰᠣᠶᠣᠯ ᠤᠨ ᠰᠠᠶᠢᠨ ᠳᠤᠷᠠᠴᠤᠳ ᠤᠨ ᠭᠤᠸᠠᠩᠳᠦ᠋ᠩ ᠳᠠᠬᠢ ᠰᠣᠶᠣᠯ ᠤᠨ ᠰᠣᠯᠢᠯᠴᠠᠭᠠᠨ ᠤ ᠠᠵᠢᠯᠯᠠᠭ᠎ᠠ ᠨᠢ 2023 ᠣᠨ ᠤ ᠤᠯᠤᠰ ᠎ ᠤᠨ ︽ᠬᠠᠪᠤᠷ ᠤᠨ ᠬᠤᠷ᠎ᠠ ᠢᠨᠵᠧᠨᠧᠷᠢᠩ︾᠎ ᠤᠨ ᠰᠣᠶᠣᠯ ᠪᠠ ᠵᠢᠭᠤᠯᠴᠢᠯᠠᠯ ᠤᠨ ᠰᠠᠶᠢᠨ ᠳᠤᠷᠠᠴᠤᠳ ᠤᠨ ᠦᠢᠯᠡᠴᠢᠯᠡᠭᠡᠨ ᠤ ᠬᠢᠯᠢ ᠬᠢᠵᠠᠭᠠᠷ ᠤᠨ ᠠᠶᠠᠯᠠᠯ ᠤᠨ ᠰᠢᠯᠢᠳᠡᠭ ᠲᠥᠷᠥᠯ ᠵᠦᠢᠯ ᠳᠤ ᠰᠣᠩᠭᠤᠭᠳᠠᠪᠠ᠃     2023 ᠣᠨ ᠤ ᠮᠠᠨ ᠤ ᠣᠷᠣᠨ ᠤ ︽ᠬᠠᠪᠤᠷ ᠤᠨ ᠬᠤᠷ᠎ᠠ ᠢᠨᠵᠧᠨᠧᠷᠢᠩ︾ ᠰᠣᠶᠣᠯ ᠤᠨ ᠰᠠᠶᠢᠨ ᠳᠤᠷᠠᠴᠤᠳ ᠤᠨ ᠭᠤᠸᠠᠩᠳᠦ᠋ᠩ ᠳᠠᠬᠢ ᠰᠣᠶᠣᠯ ᠤᠨ ᠰᠣᠯᠢᠯᠴᠠᠭᠠᠨ ᠤ ᠠᠵᠢᠯᠯᠠᠭ᠎ᠠ ᠶᠢ ᠬᠥᠯᠥᠨ ᠪᠤᠶᠢᠷ ᠬᠤᠲᠠ ᠶᠢᠨ ᠰᠣᠶᠣᠯ ᠪᠠ ᠵᠢᠭᠤᠯᠴᠢᠯᠠᠯ ᠤᠨ ᠰᠠᠶᠢᠨ ᠲᠤᠷᠠᠴᠤᠳ ᠤᠨ ᠦᠢᠯᠡᠴᠢᠯᠡᠭᠡᠨ ᠤ ᠰᠠᠯᠪᠤᠷᠢ ᠠᠩᠭᠢ ᠳᠠᠭᠠᠭᠠᠴᠢᠯᠠᠨ ᠡᠷᠭᠢᠯᠡᠵᠦ᠂ ᠭᠤᠸᠠᠩᠵᠧᠦ ᠬᠤᠲᠠ᠂ ᠹᠦᠸᠧᠱᠠᠨ ᠬᠤᠲᠠ᠂ ᠵᠦᠬᠠᠢ ᠬᠤᠲᠠ ᠵᠡᠷᠭᠡ ᠭᠠᠵᠠᠷ ᠲᠤ 1 ᠳᠠᠯᠠᠪᠠᠢ ᠦᠵᠡᠰᠭᠦᠯᠡᠩ᠂ 3 ᠲᠠᠯᠠᠪᠠᠢ ᠠᠷᠠᠳ ᠲᠤ ᠠᠰᠢᠭ ᠬᠦᠷᠲᠡᠭᠡᠬᠦ ᠤᠷᠠᠨ ᠰᠠᠶᠢᠬᠠᠨ ᠤ ᠲᠣᠬᠯᠠᠯᠲᠠ ᠭᠠᠷᠭᠠᠵᠤ᠂ ᠲᠤᠬᠠᠢ ᠶᠢᠨ ᠭᠠᠵᠠᠷ ᠤᠨ ᠣᠯᠠᠨ ᠲᠦᠮᠡᠨ ᠤ ᠬᠠᠯᠠᠭᠤᠨ ᠬᠦᠷᠢᠶᠡᠯᠡᠯ ᠢ ᠣᠯᠵᠠᠢ᠃ ᠬᠥᠯᠥᠨ ᠪᠤᠶᠢᠷ ᠎ ᠤᠨ ᠠᠷᠠᠳ ᠤᠨ ᠵᠠᠩ ᠦᠢᠯᠡ ᠶᠢᠨ ᠭᠡᠷᠡᠯ ᠵᠢᠷᠤᠭ ᠤᠨ ᠦᠵᠡᠰᠭᠦᠯᠡᠩ ᠳᠤ ᠪᠠᠶᠠᠷ ᠳᠤᠷᠠᠰᠬᠠᠯ᠂ ᠠᠷᠠᠳ ᠤᠨ ᠠᠮᠢᠳᠤᠷᠠᠯ᠂ ᠢᠳᠡᠭᠡᠨ ᠤᠮᠳᠠᠭᠠᠨ᠂ ᠬᠤᠪᠴᠠᠰᠤ ᠵᠠᠰᠠᠯ᠂ ᠭᠠᠷ ᠤᠷᠠᠯᠠᠯ ᠪᠣᠯᠣᠨ ᠪᠣᠳᠠᠰ ᠤᠨ ᠪᠤᠰᠤ ᠰᠣᠶᠣᠯ ᠤᠨ ᠥᠪ ᠤᠨ ᠬᠠᠮᠠᠭᠠᠯᠠᠯᠲᠠ ᠵᠡᠷᠭᠡ ᠲᠠᠯ᠎ᠠ ᠶᠢᠨ 100 ᠪᠦᠲᠦᠭᠡᠯ ᠢ ᠳᠡᠯᠭᠡᠨ ᠦᠵᠡᠭᠦᠯᠵᠦ᠂ ᠳᠠᠭᠤᠤ ᠪᠥᠵᠢᠭ ᠎ ᠤᠨ ᠦᠳᠡᠰᠢᠯᠡᠭᠡ ᠳᠤ ᠪᠥᠵᠢᠭ᠂ ᠳᠠᠭᠤᠤ᠂ ᠬᠥᠭᠵᠢᠮ᠂ ᠬᠤᠪᠴᠠᠰᠤ ᠵᠠᠰᠠᠯ ᠤᠨ ᠲᠣᠬᠯᠠᠯᠲᠠ ᠵᠡᠷᠭᠡ ᠭᠤᠶᠢᠳᠠ ᠰᠠᠶᠢᠬᠠᠨ ᠲᠣᠬᠯᠠᠯᠲᠠ ᠶᠢ ᠨᠠᠷᠢᠨ ᠨᠢᠮᠪᠠᠢ ᠪᠡᠯᠡᠳᠬᠡᠵᠦ᠂ ᠮᠠᠨ ᠤ ᠣᠷᠣᠨ ᠤ ᠪᠠ ᠭᠤᠸᠠᠩᠳᠦ᠋ᠩ ᠮᠤᠵᠢ ᠶᠢᠨ ᠰᠣᠶᠣᠯ ᠤᠨ ᠰᠠᠶᠢᠨ ᠳᠤᠷᠠᠴᠤᠳ ᠬᠠᠮᠲᠤ ᠪᠠᠷ ᠤᠮᠠᠷᠠᠲᠤ ᠶᠢᠨ ᠦᠨᠳᠦᠰᠦᠲᠡᠨ ᠤ ᠣᠨᠴᠠᠯᠢᠭ ᠪᠠ ᠲᠣᠮᠣ ᠪᠤᠯᠤᠩ ᠎ ᠤᠨ ᠣᠷᠣᠨ ᠤ ᠣᠨᠴᠠᠯᠢᠭ ᠲᠠᠢ ᠭᠤᠴᠣ ᠰᠠᠶᠢᠬᠠᠨ ᠲᠣᠬᠯᠠᠯᠲᠠ ᠭᠠᠷᠭᠠᠨ᠂ ᠳᠤᠮᠳᠠᠳᠤ ᠶᠢᠨ ᠦᠨᠳᠦᠰᠦᠲᠡᠨ ᠤ ᠣᠯᠠᠨ ᠡᠰᠢᠲᠦ ᠰᠣᠶᠣᠯ ᠤᠨ ᠷᠢᠳᠢ ᠰᠢᠳᠢ ᠶᠢ ᠬᠠᠷᠠᠭᠤᠯᠵᠤ ᠦᠵᠡᠭᠴᠢᠳ ᠤᠨ ᠮᠠᠭᠲᠠᠭᠠᠯ ᠰᠠᠶᠢᠰᠢᠶᠠᠯ ᠢ ᠣᠯᠵᠠᠢ᠃     ︽ᠬᠠᠪᠤᠷ ᠤᠨ ᠬᠤᠷ᠎ᠠ ᠢᠨᠵᠧᠨᠧᠷᠢᠩ︾ ᠰᠣᠶᠣᠯ ᠪᠠ ᠵᠢᠭᠤᠯᠴᠢᠯᠠᠯ ᠤᠨ ᠰᠠᠶᠢᠨ ᠳᠤᠷᠠᠴᠤᠳ ᠤᠨ ᠬᠢᠯᠢ ᠬᠢᠵᠠᠭᠠᠷ ᠤᠨ ᠠᠶᠠᠯᠠᠯ ᠪᠣᠯ ᠰᠣᠶᠣᠯ ᠪᠠ ᠵᠢᠭᠤᠯᠴᠢᠯᠠᠯ ᠎ ᠤᠨ ᠶᠠᠮᠤᠨ ᠠᠴᠠ ᠤᠯᠤᠰ ᠤᠨ ᠦᠨᠳᠦᠰᠦᠲᠡᠨ ᠤ ᠬᠡᠷᠡᠭ ᠡᠷᠭᠢᠯᠡᠭᠦ ᠵᠥᠪᠯᠡᠯ ᠲᠠᠢ ᠬᠠᠮᠲᠤᠷᠠᠨ ᠵᠣᠬᠢᠶᠠᠨ ᠪᠠᠶᠢᠭᠤᠯᠵᠤ ᠥᠷᠨᠢᠭᠦᠯᠦᠭᠰᠡᠨ ᠰᠣᠶᠣᠯ ᠪᠠ ᠵᠢᠭᠤᠯᠴᠢᠯᠠᠯ ᠎ ᠤᠨ ᠰᠠᠶᠢᠨ ᠲᠤᠷᠠᠴᠤᠳ ᠤᠨ ᠦᠢᠯᠡᠴᠢᠯᠡᠭᠡ ᠪᠠᠷ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠠᠬᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠵᠣᠷᠢᠯᠭ᠎ᠠ ᠪᠤᠯᠭᠠᠬᠰᠠᠨ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠭᠤᠣᠯᠳᠠᠯᠭ᠎ᠠ ᠲᠠᠢ ᠢᠨᠵᠧᠨᠧᠷᠢᠩ ᠪᠣᠯᠣᠨ᠎ᠠ᠃ 2023 ᠣᠨ ᠳᠤ ᠮᠠᠨ ᠤ ᠣᠷᠣᠨ ᠵᠡᠭᠦᠨ ᠪᠠᠷᠠᠭᠤᠨ ᠣᠷᠣᠨ ᠤ ᠬᠠᠮᠵᠢᠯᠴᠠᠭ᠎ᠠ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ᠂ ᠵᠢᠭᠤᠯᠴᠢᠯᠠᠯ ᠤᠨ ᠲᠠᠨᠢᠯᠴᠠᠭᠤᠯᠭ᠎ᠠ ᠵᠡᠷᠭᠡ ᠲᠥᠷᠥ ᠶᠢᠨ ᠪᠣᠳᠣᠯᠭ᠎ᠠ ᠪᠠ ᠠᠵᠢᠯ ᠤᠨ ᠲᠣᠭᠲᠠᠴᠠ ᠲᠠᠢ ᠤᠶᠠᠯᠳᠤᠭᠤᠯᠤᠨ᠂ ︽ᠭᠠᠳᠠᠭᠰᠢ ᠭᠠᠷᠬᠤ + ᠤᠷᠢᠵᠤ ᠠᠪᠴᠢᠷᠠᠬᠤ︾ ᠵᠡᠷᠭᠡ ᠠᠷᠭ᠎ᠠ ᠭᠡᠯᠪᠡᠷᠢ ᠪᠠᠷ ︽ᠬᠠᠪᠤᠷ ᠤᠨ ᠬᠤᠷ᠎ᠠ ᠢᠨᠵᠧᠨᠧᠷᠢᠩ︾᠎ ᠤᠨ ᠲᠥᠷᠥᠯ ᠵᠦᠢᠯ ᠢ 45 ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠴᠢᠨᠠᠷ ᠰᠠᠶᠢᠲᠠᠢ ᠰᠣᠶᠣᠯ ᠵᠢᠭᠤᠯᠴᠢᠯᠠᠯ ᠤᠨ ᠡᠬᠢ ᠪᠠᠶᠠᠯᠢᠭ ᠢ ᠰᠠᠶᠢᠨ ᠲᠤᠷᠠᠴᠤᠳ ᠤᠨ ᠦᠢᠯᠡᠴᠢᠯᠡᠭᠡᠨ ᠤ ᠭᠡᠯᠪᠡᠷᠢ ᠪᠠᠷ ᠰᠣᠯᠢᠯᠴᠠᠨ ᠬᠥᠳᠡᠯᠦᠯᠴᠡᠬᠦ ᠶᠢ ᠠᠬᠢᠭᠤᠯᠵᠤ᠂ ᠠᠷᠠᠳ ᠣᠯᠠᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠤᠭᠰᠠᠨ ᠪᠠᠶᠢᠨ᠎ᠠ᠃
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ