ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠢ ᠡᠷᠭᠢᠯᠡᠭᠦ ᠪᠠᠷ ᠠᠵᠠ ᠲᠣᠭᠢᠶᠠᠯ ᠪᠤᠯᠭᠠᠵᠤ ᠥᠪᠥᠷ ᠮᠣᠩᠭᠤᠯ ᠰᠣᠶᠣᠯ ᠵᠢᠭᠤᠯᠴᠢᠯᠠᠯ ᠤᠨ ᠠᠵᠤ ᠦᠢᠯᠡᠰ ᠲᠤ ᠰᠢᠨ᠎ᠡ ᠬᠥᠳᠡᠯᠭᠡᠬᠦ ᠴᠢᠳᠠᠪᠤᠷᠢ ᠨᠡᠮᠡᠷᠢᠯᠡᠪᠡ
ᠨᠡᠶᠢᠲᠡᠯᠡᠭᠰᠡᠨ ᠴᠠᠭ᠄
2024/3/7
     ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠢ ᠡᠷᠭᠢᠯᠡᠭᠦ ᠪᠠᠷ ᠠᠵᠠ ᠲᠣᠭᠢᠶᠠᠯ ᠪᠤᠯᠭᠠᠵᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠰᠣᠶᠣᠯ ᠵᠢᠭᠤᠯᠴᠢᠯᠠᠯ ᠤᠨ ᠠᠵᠤ ᠦᠢᠯᠡᠰ ᠲᠤ ᠰᠢᠨ᠎ᠡ ᠬᠥᠳᠡᠯᠭᠡᠬᠦ ᠴᠢᠳᠠᠪᠤᠷᠢ ᠨᠡᠮᠡᠷᠢᠯᠡᠪᠡ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠤᠨ ᠣᠶᠢᠷ᠎ᠠ ᠳᠤ ᠨᠡᠶᠢᠲᠡᠯᠡᠭᠰᠡᠨ ᠲᠤᠭ᠎ᠠ ᠪᠠᠷᠢᠮᠲᠠ ᠳᠤ ᠢᠯᠡᠷᠡᠭᠦᠯᠦᠭᠰᠡᠨ ᠢᠶᠠᠷ᠂ ᠡᠨᠡ ᠵᠢᠯ ᠤᠨ ᠴᠠᠭᠠᠨ ᠰᠠᠷ᠎ᠠ ᠶᠢᠨ ᠠᠮᠠᠷᠠᠯᠲᠠ ᠶᠢᠨ ᠬᠤᠭᠤᠴᠠᠭᠠᠨ ᠳᠤ ᠪᠦᠭᠦ ᠣᠷᠣᠨ ᠢᠶᠠᠷ ᠢᠶᠠᠨ ᠤᠯᠤᠰ ᠤᠨ ᠳᠣᠲᠣᠭᠠᠳᠤ ᠶᠢᠨ ᠵᠢᠭᠤᠯᠴᠢᠯᠠᠭᠴᠢ ᠶᠢ 3140.55 ᠲᠦᠮᠡᠨ ᠬᠥᠮᠥᠨ ᠤᠳᠠᠭ᠎ᠠ ᠭᠥᠯᠢᠶᠡᠨ ᠠᠪᠤᠪᠠ᠂ ᠡᠨᠡ ᠨᠢ 2023 ᠣᠨ ᠤ 5.76 ᠳᠠᠭᠢᠨ ᠪᠤᠯᠪᠠ᠃  221.22 ᠳ᠋ᠦᠩᠰᠢᠭᠤᠷ ᠲᠥᠭᠦᠷᠢᠭ ᠤᠨ ᠵᠢᠭᠤᠯᠴᠢᠯᠠᠯ ᠤᠨ ᠣᠷᠣᠯᠭ᠎ᠠ ᠶᠢ ᠪᠡᠶᠡᠯᠡᠭᠦᠯᠪᠡ᠂ ᠡᠨᠡ ᠨᠢ 2023 ᠣᠨ ᠤ 7.63 ᠳᠠᠭᠢᠨ ᠪᠣᠯᠪᠠ᠃ ᠶᠡᠭᠡ ᠬᠡᠮᠵᠢᠶᠡᠨ ᠤ ᠨᠡᠮᠡᠭᠳᠡᠯ ᠎ ᠤᠨ ᠠᠷᠤ ᠳᠤ᠂ ᠲᠦᠭ ᠲᠦᠮᠡᠨ ᠬᠥᠮᠥᠨ ᠤ ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠳᠤ ᠢᠳᠡᠪᠬᠢᠲᠡᠢ ᠣᠷᠣᠯᠴᠠᠬᠰᠠᠨ ᠢ ᠬᠠᠷᠠᠭᠤᠯᠤᠭᠰᠠᠨ ᠢᠶᠠᠷ ᠦᠯᠦ ᠪᠠᠷᠠᠮ᠂ ᠪᠠᠰᠠ ᠲᠤᠬᠠᠢ ᠶᠢᠨ ᠭᠠᠵᠠᠷ ᠤᠨ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠲᠠᠰᠤᠷᠠᠯᠲᠠ ᠦᠭᠡᠢ ᠬᠥᠭᠵᠢᠨ ᠪᠤᠵᠠᠭᠠᠶᠢᠷᠠᠵᠤ ᠪᠠᠶᠢᠬᠤ ᠶᠢ ᠬᠠᠷᠠᠭᠤᠯᠵᠤ ᠪᠠᠶᠢᠨ᠎ᠠ᠃     ᠮᠥᠰᠥ ᠴᠠᠰᠤᠨ ᠤ ᠵᠢᠭᠤᠯᠴᠢᠯᠠᠯ ᠲᠦᠷᠭᠡᠨ ᠬᠥᠭᠵᠢᠪᠡ᠃ ᠡᠨᠡ ᠡᠪᠦᠯ᠂ ᠥᠪᠥᠷ ᠮᠣᠩᠭᠤᠯ ᠤᠨ ᠡᠯ᠎ᠡ ᠭᠠᠵᠠᠷ ᠤᠨ ᠬᠢᠨ ︽ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ︾᠎ ᠤ ᠲᠣᠭᠤᠷᠢᠨ ᠳᠤ ᠡᠯᠪᠡᠭ ᠪᠠᠶᠠᠯᠢᠭ ᠤᠯᠠᠨ ᠵᠦᠢᠯ ᠤᠨ ᠰᠣᠶᠣᠯ ᠵᠢᠭᠤᠯᠴᠢᠯᠠᠯ ᠤᠨ ᠠᠵᠢᠯᠯᠠᠭ᠎ᠠ ᠥᠷᠨᠢᠭᠦᠯᠵᠦ᠂ ᠵᠢᠭᠤᠯᠴᠢᠯᠠᠯ ᠤᠨ ᠬᠥᠮᠥᠨ ᠤᠳᠠᠭ᠎ᠠ᠂ ᠵᠢᠭᠤᠯᠴᠢᠯᠠᠯ ᠤᠨ ᠣᠷᠣᠯᠭ᠎ᠠ ᠶᠡᠭᠡ ᠪᠠᠷ ᠨᠡᠮᠡᠭᠳᠡᠬᠦ ᠶᠢ ᠳᠠᠶᠢᠴᠢᠯᠠᠪᠠ᠃ ᠭᠦᠭᠡᠬᠤᠲᠠ ᠳᠠᠬᠢ ᠮᠠ ᠽᠥᠩ ᠱᠠᠨ ᠴᠠᠰᠤᠨ ᠳᠤ ᠭᠤᠯᠭᠤᠬᠤ ᠲᠠᠯᠠᠪᠤᠷ ᠤᠨ ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠨᠢ ᠴᠠᠭᠠᠨ ᠰᠠᠷ᠎ᠠ ᠶᠢᠨ ᠲᠣᠭᠯᠠᠭᠠᠮ ᠳᠤ ᠠᠭᠤᠰᠤᠨ ᠣᠷᠣᠵᠤ᠂ ᠮᠠᠰᠢ ᠣᠯᠠᠨ ᠵᠢᠭᠤᠯᠴᠢᠯᠠᠭᠴᠢᠳ ᠤᠨ ᠰᠠᠶᠢᠨ ᠦᠨᠡᠯᠡᠯᠲᠡ ᠶᠢ ᠣᠯᠣᠭᠰᠠᠨ ᠪᠠᠶᠢᠨ᠎ᠠ᠃ ᠤᠯᠠᠭᠠᠨᠬᠠᠳᠠ ᠳᠤ ᠠᠩᠬᠠᠳᠤᠭᠠᠷ ᠬᠤᠭᠤᠴᠠᠭᠠᠨ ᠤ ᠬᠤᠳᠠ ᠶᠢᠨ ᠮᠥᠰᠥ ᠴᠠᠰᠤᠨ ᠤ ᠨᠠᠭᠠᠳᠤᠮ ᠮᠠᠰᠢ ᠭᠦᠷ ᠬᠥᠭᠵᠢᠶᠡᠨ ᠲᠠᠢ ᠶᠠᠪᠤᠭᠳᠠᠵᠤ᠂ ᠡᠳᠦᠷ ᠪᠦᠷᠢ ᠵᠢᠭᠤᠯᠴᠢᠯᠠᠭᠴᠢ ᠶᠢ ᠲᠦᠮᠡ ᠰᠢᠬᠠᠮ ᠬᠥᠮᠥᠨ ᠤᠳᠠᠭ᠎ᠠ ᠭᠥᠯᠢᠶᠡᠨ ᠠᠪᠴᠠᠢ᠃ ᠬᠥᠯᠥᠨ ᠪᠤᠶᠢᠷ ᠤᠨ ᠣᠷᠴᠣᠨ ᠤ ᠥᠪᠡᠷᠲᠡᠭᠡᠨ ᠵᠠᠰᠠᠬᠤ ᠬᠤᠰᠢᠭᠤᠨ ᠳᠤ᠂ ᠮᠥᠰᠥ ᠴᠠᠰᠤᠨ ᠤ ᠴᠤᠭᠯᠠᠭᠠᠨ ᠤ ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ ᠪᠠᠶᠠᠷ ᠭᠦᠷ ᠢᠶᠠᠷ ᠪᠢᠯᠬᠠᠵᠤ᠂ ᠡᠯ᠎ᠡ ᠭᠠᠵᠠᠷ ᠤᠨ ᠵᠢᠭᠤᠯᠴᠢᠯᠠᠭᠴᠢᠳ ᠲᠦᠳᠡᠭ ᠭᠠᠯ ᠢ ᠲᠣᠭᠤᠷᠢᠨ ᠳᠠᠭᠤᠯᠠᠨ ᠪᠥᠵᠢᠭᠯᠡᠵᠡᠭᠡᠨ᠎ᠡ᠃ ᠬᠥᠯᠥᠨ ᠪᠤᠶᠢᠷ ᠤᠨ ᠡᠪᠦᠯ ᠤᠨ ᠤᠯᠠᠷᠢᠯ ᠤᠨ 10 ᠰᠣᠳᠣᠨ ᠵᠢᠭᠤᠯᠴᠢᠯᠠᠯ ᠤᠨ ᠵᠠᠮ ᠱᠤᠭᠤᠮ ᠨᠠᠢᠮᠠᠨ ᠵᠦᠭ ᠠᠴᠠ ᠬᠦᠷᠦᠯᠴᠡᠨ ᠢᠷᠡᠭᠰᠡᠨ ᠵᠣᠴᠢᠳ ᠢ ᠲᠠᠲᠠᠵᠤ᠂ 161 ᠵᠦᠢᠯ ᠤᠨ ᠰᠣᠶᠣᠯ ᠵᠢᠭᠤᠯᠴᠢᠯᠠᠯ ᠤᠨ ᠠᠵᠢᠯᠯᠠᠭ᠎ᠠ ᠨᠢ ᠲᠤᠬᠠᠢ ᠶᠢᠨ ᠭᠠᠵᠠᠷ ᠤᠨ ᠡᠪᠦᠯ ᠤᠨ ᠤᠯᠠᠷᠢᠯ ᠤᠨ ᠵᠢᠭᠤᠯᠴᠢᠯᠠᠯ ᠤᠨ ᠷᠢᠳᠢ ᠰᠢᠳᠢ ᠶᠢ ᠭᠦᠢᠴᠡᠳ ᠢᠯᠡᠷᠡᠭᠦᠯᠪᠡ᠃ ᠲᠤᠭ᠎ᠠ ᠪᠠᠷᠢᠮᠲᠠ ᠳᠤ ᠢᠯᠡᠷᠡᠭᠦᠯᠦᠭᠰᠡᠨ ᠢᠶᠠᠷ᠂ ᠴᠠᠭᠠᠨ ᠰᠠᠷ᠎ᠠ ᠶᠢᠨ ᠠᠮᠠᠷᠠᠯᠲᠠ ᠶᠢᠨ ᠬᠤᠭᠤᠴᠠᠭᠠᠨ ᠳᠤ᠂ ᠬᠥᠯᠥᠨ ᠪᠤᠶᠢᠷ ᠤᠨ ᠵᠢᠭᠤᠯᠴᠢᠯᠠᠯ ᠤᠨ ᠭᠠᠵᠠᠷ ᠤᠨ ᠭᠥᠯᠢᠶᠡᠨ ᠠᠪᠤᠭᠰᠠᠨ ᠪᠦᠯᠭᠦᠮ ᠤᠨ ᠵᠢᠭᠤᠯᠴᠢᠯᠠᠭᠴᠢᠳ ᠤᠨ ᠲᠤᠭ᠎ᠠ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 501%᠎ ᠪᠠᠷ ᠨᠡᠮᠡᠭᠳᠡᠵᠦ᠂ ᠪᠠᠭᠤᠳᠠᠯ ᠤᠨ ᠵᠠᠬᠢᠶᠠᠯᠠᠭ᠎ᠠ 20 ᠳᠠᠭᠢᠨ ᠨᠡᠮᠡᠭᠳᠡᠵᠦ᠂ A ᠲᠠᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ ᠤ ᠭᠥᠯᠢᠶᠡᠨ ᠠᠪᠤᠭᠰᠠᠨ ᠵᠢᠭᠤᠯᠴᠢᠯᠠᠭᠴᠢᠳ ᠤᠨ ᠲᠤᠭ᠎ᠠ ᠴᠤ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 526 . 26 %᠎ ᠪᠠᠷ ᠨᠡᠮᠡᠭᠳᠡᠪᠡ᠃     ᠪᠡᠶ᠎ᠡ ᠶᠢᠨ ᠲᠠᠮᠢᠷ ᠪᠠ ᠵᠢᠭᠤᠯᠴᠢᠯᠠᠯ ᠤᠨ ᠠᠭᠤᠰᠤᠯᠴᠠᠯ ᠲᠠᠰᠤᠷᠠᠯᠲᠠ ᠦᠭᠡᠢ ᠭᠦᠨᠵᠡᠭᠡᠶᠢᠷᠡᠪᠡ᠃ ︽ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ︾ ᠪᠣᠯ ᠮᠥᠰᠥ ᠴᠠᠰᠤᠨ ᠤ ᠤᠷᠤᠯᠳᠤᠭᠠᠨ ᠤ ᠦᠪᠡᠳᠡᠭᠰᠢ ᠴᠤᠭᠯᠠᠭᠠᠨ ᠪᠤᠯᠬᠤ ᠪᠥᠭᠡᠳ ᠲᠤᠬᠠᠢ ᠶᠢᠨ ᠭᠠᠵᠠᠷ ᠤᠨ ᠥᠩᠭᠡ ᠦᠵᠡᠮᠵᠢ ᠶᠢ ᠳᠡᠯᠭᠡᠨ ᠦᠵᠡᠭᠦᠯᠭᠦ ᠴᠣᠩᠬᠤᠪᠴᠢ ᠪᠣᠯᠣᠨ᠎ᠠ᠃ ᠴᠠᠭᠠᠨ ᠰᠠᠷ᠎ᠠ ᠶᠢᠨ ᠠᠮᠠᠷᠠᠯᠲᠠ ᠶᠢᠨ ᠬᠤᠭᠤᠴᠠᠭᠠᠨ ᠳᠤ᠂ ᠥᠪᠥᠷ ᠮᠣᠩᠭᠤᠯ 7 ᠶᠡᠭᠡ ᠲᠦᠷᠦᠯ ᠤᠨ 1500 ᠵᠦᠢᠯ ᠤᠨ ᠣᠨᠴᠠᠯᠢᠭᠲᠤ ᠰᠣᠶᠣᠯ ᠵᠢᠭᠤᠯᠴᠢᠯᠠᠯ ᠤᠨ ᠠᠵᠢᠯᠯᠠᠭ᠎ᠠ ᠶᠢ ᠥᠷᠨᠢᠭᠦᠯᠵᠦ᠂ ᠡᠭᠦᠳᠡᠨ ᠪᠢᠯᠧᠲ ᠢ ᠬᠠᠰᠤᠵᠤ ᠬᠡᠯᠲᠦᠷᠢᠭᠦᠯᠬᠦ᠂ ᠬᠠᠷᠠᠭᠠᠯᠵᠠᠯ ᠤᠨ ᠲᠡᠮᠳᠡᠭᠲᠦ ᠲᠠᠷᠬᠠᠭᠠᠬᠤ ᠵᠡᠷᠭᠡ ᠤᠯᠠᠨ ᠲᠦᠷᠦᠯ ᠤᠨ ᠠᠷᠠᠳ ᠲᠤ ᠠᠰᠢᠭ ᠬᠦᠷᠲᠡᠭᠡᠬᠦ ᠲᠦᠷᠦ ᠶᠢᠨ ᠪᠣᠳᠣᠯᠭ᠎ᠠ ᠶᠢ ᠢᠵᠢ ᠪᠦᠷᠢᠳᠦᠭᠦᠯᠵᠦ᠂ ᠥᠷᠭᠡᠨ ᠤᠯᠠᠨ ᠵᠢᠭᠤᠯᠴᠢᠯᠠᠭᠴᠢ ᠶᠢ ᠲᠠᠲᠠᠵᠤ ᠪᠡᠶᠡᠴᠢᠯᠡᠨ ᠣᠶᠢᠯᠠᠭᠠᠵᠤ ᠬᠡᠷᠡᠭᠯᠡᠭᠡ ᠬᠢᠯᠭᠡᠪᠡ᠃ ᠰᠢᠯᠢ ᠶᠢᠨ ᠭᠤᠣᠯ ᠠᠶᠢᠮᠠᠭ ᠲᠤ᠂ ᠮᠥᠰᠥᠨ ᠴᠠᠷᠢᠯ ᠢᠶᠠᠷ ᠰᠡᠯᠢᠭᠦᠷ ᠵᠣᠬᠢᠶᠠᠬᠤ᠂ ᠯᠤᠤᠲᠤ ᠣᠩᠭᠤᠴᠠ ᠤᠷᠤᠯᠳᠤᠨ ᠭᠠᠲᠤᠯᠬᠤ᠂ ᠮᠥᠰᠥᠨ ᠳᠡᠭᠡᠷᠡᠬᠢ ᠯᠤᠤᠲᠤ ᠣᠩᠭᠤᠴᠠ ᠶᠢᠨ ᠳᠡᠰ ᠠᠴᠠ ᠳᠠᠪᠠᠭᠰᠠᠨ ᠬᠤᠯᠪᠣᠭᠠᠲᠤ ᠤᠷᠤᠯᠳᠤᠭᠠᠨ ᠤ ᠰᠢᠢᠳᠪᠦᠷᠢᠲᠦ ᠤᠷᠤᠯᠳᠤᠭᠠᠨ ᠭᠤᠶᠢᠳᠠ ᠰᠠᠶᠢᠬᠠᠨ ᠶᠠᠪᠤᠭᠳᠠᠵᠤ᠂ ᠤᠯᠤᠰ ᠤᠨ ᠳᠣᠲᠣᠭᠠᠳᠤ ᠭᠠᠳᠠᠭᠠᠳᠤ ᠶᠢᠨ 41 ᠰᠢᠯᠢᠳᠡᠭ ᠪᠦᠯᠭᠦᠮ᠂ 600 ᠭᠠᠷᠤᠢ ᠲᠠᠮᠢᠷᠴᠢᠨ ᠬᠦᠷᠦᠯᠴᠡᠨ ᠢᠷᠡᠵᠤ ᠤᠷᠤᠯᠳᠤᠭᠠᠨ ᠳᠤ ᠣᠷᠣᠯᠴᠠᠪᠠ; ᠭᠦᠭᠡᠬᠤᠲᠠ ᠮᠥᠰᠥ ᠴᠠᠰᠤᠨ ᠤ ᠬᠡᠷᠡᠭᠯᠡᠭᠡ ᠶᠢᠨ ᠲᠡᠮᠳᠡᠭᠲᠦ ᠲᠠᠷᠬᠠᠭᠠᠵᠤ᠂ 20 ᠭᠠᠷᠤᠢ ᠲᠠᠯᠠᠪᠠᠢ ᠮᠥᠰᠥ ᠴᠠᠰᠤᠨ ᠤ ᠤᠷᠤᠯᠳᠤᠭᠠᠨ ᠤ ᠠᠵᠢᠯᠯᠠᠭ᠎ᠠ ᠡᠷᠭᠢᠯᠡᠪᠡ; ᠬᠥᠯᠥᠨ ᠪᠤᠶᠢᠷ ᠬᠤᠶᠠᠳᠤᠭᠠᠷ ᠬᠤᠭᠤᠴᠠᠭᠠᠨ ᠤ ᠮᠥᠰᠥ ᠴᠠᠰᠤᠨ ᠤ ᠰᠣᠶᠣᠯ ᠲᠠᠮᠢᠷ ᠤᠨ ᠬᠥᠳᠡᠯᠭᠡᠭᠡᠨ ᠤ ᠵᠢᠭᠤᠯᠴᠢᠯᠠᠯ ᠤᠨ ᠤᠯᠠᠷᠢᠯ ᠢ ᠡᠬᠢᠯᠡᠭᠦᠯᠵᠦ᠂ ︽ᠤᠷᠤᠯᠳᠤᠭᠠᠨ ᠢ ᠲᠠᠭᠠᠵᠤ ᠵᠢᠭᠤᠯᠴᠢᠯᠠᠬᠤ︾᠂ ︽ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠤ ᠲᠠᠯᠠᠪᠠᠢ ᠣᠷᠳᠣᠨ ᠎ ᠢᠶᠠᠷ ᠲᠣᠭᠤᠷᠢᠨ ᠵᠢᠭᠤᠯᠴᠢᠯᠠᠬᠤ︾ ᠵᠡᠷᠭᠡ ᠵᠢᠭᠤᠯᠴᠢᠯᠠᠯ ᠤᠨ ᠲᠦᠷᠦᠯ ᠵᠦᠢᠯ ᠢ ᠡᠬᠢᠯᠡᠭᠦᠯᠵᠡᠢ᠃     ᠰᠣᠶᠣᠯ ᠵᠢᠭᠤᠯᠴᠢᠯᠠᠯ ᠤᠨ ᠲᠦᠷᠦᠯ ᠲᠡᠮᠳᠡᠭ ᠤᠨ ᠠᠭᠤᠯᠤᠭᠳᠠᠬᠤᠨ ᠪᠠᠶᠠᠯᠢᠭᠵᠢᠪᠠ᠃ ᠴᠠᠭᠠᠨ ᠰᠠᠷ᠎ᠠ ᠶᠢᠨ ᠠᠮᠠᠷᠠᠯᠲᠠ ᠶᠢᠨ ᠬᠤᠭᠤᠴᠠᠭᠠᠨ ᠳᠤ᠂ ᠥᠪᠥᠷ ᠮᠣᠩᠭᠤᠯ ᠤᠨ ᠡᠯ᠎ᠡ ᠭᠠᠵᠠᠷ ᠤᠨ ᠬᠢᠨ ᠮᠥᠰᠥ ᠴᠠᠰᠤᠨ ᠤ ᠨᠠᠭᠠᠳᠤᠮ᠂ ᠡᠪᠦᠯ ᠤᠨ ᠠᠩᠨᠠᠯᠲᠠ ᠶᠢᠨ ᠪᠠᠶᠠᠷ᠂ ᠮᠥᠰᠥ ᠴᠠᠰᠤᠨ ᠤ ᠤᠷᠤᠯᠳᠤᠭᠠᠨ ᠵᠡᠷᠭᠡ 80 ᠭᠠᠷᠤᠢ ᠵᠦᠢᠯ ᠤᠨ ᠠᠵᠢᠯᠯᠠᠭ᠎ᠠ ᠥᠷᠨᠢᠭᠦᠯᠵᠦ᠂ ᠮᠥᠰᠥ ᠴᠠᠰᠤᠨ ᠤ ᠵᠢᠭᠤᠯᠴᠢᠯᠠᠯ ᠤᠨ ᠲᠦᠷᠦᠯ ᠲᠡᠮᠳᠡᠭ ᠢ ᠳᠠᠭᠤᠷᠢᠰᠬᠠᠪᠠ᠃ ︽ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ︾᠎ ᠤ ᠳᠡᠮᠵᠢᠯᠭᠡ ᠪᠠᠷ ᠬᠥᠯᠥᠨ ᠪᠤᠶᠢᠷ ᠤᠨ ᠳ᠋ᠠ ᠰᠢᠤᠸᠠᠢ ᠶᠤᠸᠠᠨ ᠲᠦᠷᠦᠯ ᠲᠡᠮᠳᠡᠭ ᠤᠯᠠᠮ ᠠᠯᠳᠠᠷᠰᠢᠵᠤ᠂ ︽ᠬᠥᠯᠥᠨ ᠪᠤᠶᠢᠷ ᠨᠡᠷᠡᠮᠵᠢᠲᠦ︾ ᠲᠠᠯ᠎ᠠ ᠨᠤᠲᠤᠭ ᠣᠶ ᠰᠢᠭᠤᠢ ᠶᠢᠨ ᠳᠡᠭᠡᠳᠦ ᠲᠠᠰ ᠤᠨ ᠵᠢᠭᠤᠯᠴᠢᠯᠠᠯ ᠤᠨ ᠭᠠᠯᠲᠤ ᠲᠡᠷᠭᠡ ᠶᠢ 12 ᠤᠳᠠᠭ᠎ᠠ ᠨᠠᠪᠲᠠᠷᠡᠭᠦᠯᠵᠦ᠂ ᠤᠯᠠᠭᠠᠨᠴᠠᠪ ︽ᠡᠪᠦᠯ ᠤᠨ ᠦᠳᠡᠰᠢ︾ ᠰᠣᠶᠣᠯ ᠵᠢᠭᠤᠯᠴᠢᠯᠠᠯ ᠤᠨ ᠲᠦᠷᠦᠯ ᠲᠡᠮᠳᠡᠭ ᠢ ᠳᠠᠭᠤᠷᠢᠰᠤᠭᠤᠯᠵᠤ᠂ ᠴᠠᠭᠠᠨ ᠰᠠᠷ᠎ᠠ ᠶᠢᠨ ᠠᠮᠠᠷᠠᠯᠲᠠ ᠶᠢᠨ ᠬᠤᠭᠤᠴᠠᠭᠠᠨ ᠤ ᠠᠶᠠᠨᠴᠢᠳ ᠤᠨ ᠲᠤᠭ᠎ᠠ 64 ᠲᠦᠮᠡᠨ ᠬᠥᠮᠥᠨ ᠤᠳᠠᠭ᠎ᠠ ᠶᠢ ᠳᠠᠪᠠᠭᠰᠠᠨ ᠪᠠᠶᠢᠨ᠎ᠠ᠃
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ