ᠡᠷᠳᠡᠨ ᠤ ᠨᠤᠮ ᠪᠢᠴᠢᠭ ᠤᠡᠭᠰᠢᠬᠴᠢᠳ ᠤᠨ ᠭᠠᠷ ᠢᠶᠠᠷ ᠲᠠᠬᠢᠨ ᠠᠮᠢᠯᠠᠯ᠎ᠠ
ᠨᠡᠶᠢᠲᠡᠯᠡᠭᠰᠡᠨ ᠴᠠᠭ᠄
2024/3/7
     ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠤᠯᠠᠮᠵᠢᠯᠠᠨ ᠪᠠᠳᠠᠷᠠᠭᠤᠯᠵᠦ᠂ ᠤᠩᠰᠢᠭᠴᠢᠳ ᠲᠠᠭᠠᠨ ᠲᠡᠦᠬᠡ ᠶᠢᠨ ᠦᠨᠡᠨ ᠢ ᠣᠶᠢᠯᠠᠭᠠᠭᠤᠯᠤᠨ᠂ ᠳᠤᠮᠳᠠᠳᠤ ᠶᠢᠨ ᠰᠣᠶᠣᠯ ᠤᠨ ᠥᠨᠢ ᠤᠳᠠᠭᠠᠨ ᠤᠯᠠᠮᠵᠢᠯᠠᠯ ᠵᠢᠴᠢ ᠲᠡᠬᠦᠨ ᠤ ᠳᠡᠯᠡᠬᠡᠢ ᠶᠢᠨ ᠰᠣᠶᠣᠯ ᠤᠨ ᠲᠡᠦᠬᠡᠨ ᠳᠠᠬᠢ ᠪᠠᠶᠢᠷᠢ ᠰᠠᠭᠤᠷᠢ ᠶᠢ ᠮᠡᠳᠡᠷᠡᠬᠦᠯᠵᠦ᠂ ᠤᠩᠰᠢᠭᠴᠢᠳ ᠤᠨ ᠤᠯᠤᠰ ᠢᠶᠠᠨ ᠬᠠᠶᠢᠷᠠᠯᠠᠬᠤ ᠰᠡᠳᠭᠢᠯᠭᠡ ᠶᠢ ᠤᠯᠠᠮ ᠰᠠᠶᠢᠨ ᠢᠶᠠᠷ ᠬᠥᠮᠦᠵᠢᠭᠦᠯᠬᠦ ᠶᠢᠨ ᠲᠤᠰᠠᠳᠠ᠂ ᠬᠤᠳᠠ ᠶᠢᠨ ᠨᠣᠮ ᠤᠨ ᠰᠠᠩ ᠡᠷᠲᠡᠨ ᠤ ᠨᠣᠮ ᠪᠢᠴᠢᠭ ᠢ ᠰᠡᠷᠬᠦᠬᠡᠨ ᠵᠠᠰᠠᠪᠤᠷᠢᠯᠠᠬᠤ᠂ ᠰᠡᠶᠢᠯᠤᠮᠠᠯ ᠪᠠᠷ ᠬᠡᠪᠯᠡᠬᠦ᠂ ᠥᠳᠡᠮᠡᠯ ᠨᠣᠮ ᠲᠡᠪᠳᠡᠷᠯᠡᠬᠦ ᠶᠢ ᠪᠡᠶᠡᠴᠢᠯᠡᠨ ᠣᠶᠢᠯᠠᠭᠠᠬᠤ ᠠᠵᠢᠯᠯᠠᠭ᠎ᠠ ᠦᠷᠨᠢᠬᠦᠯᠪᠡ᠃     ᠨᠣᠮ ᠤᠨ ᠰᠠᠩ ᠤᠨ ᠠᠵᠢᠯᠲᠠᠳ ᠤᠩᠰᠢᠭᠴᠢᠳ ᠲᠤ ᠤᠷᠢᠳ ᠢᠶᠠᠷ ᠡᠷᠲᠡᠨ ᠤ ᠨᠣᠮ ᠪᠢᠴᠢᠭ ᠢ ᠬᠠᠮᠠᠭᠠᠯᠠᠬᠤ ᠱᠠᠭᠠᠷᠳᠠᠯᠭ᠎ᠠ᠂ ᠡᠷᠲᠡᠨ ᠤ ᠨᠣᠮ ᠪᠢᠴᠢᠭ ᠤᠨ ᠰᠦᠢᠳᠦᠭᠰᠡᠨ ᠪᠠᠶᠢᠳᠠᠯ᠂ ᠲᠡᠬᠦᠨ ᠢ ᠰᠡᠯᠪᠢᠨ ᠵᠠᠰᠠᠬᠤ ᠵᠠᠷᠴᠢᠮ ᠪᠠ ᠦᠷᠭᠦᠯᠵᠢ ᠶᠢᠨ ᠰᠡᠷᠬᠦᠬᠡᠨ ᠵᠠᠰᠠᠪᠤᠷᠢᠯᠠᠬᠤ ᠠᠷᠭ᠎ᠠ᠂ ᠥᠳᠡᠮᠡᠯ ᠨᠣᠮ ᠲᠡᠪᠳᠡᠷᠯᠡᠬᠦ ᠠᠷᠭ᠎ᠠ ᠬᠡᠯᠪᠡᠷᠢ ᠪᠠ ᠰᠡᠶᠢᠯᠤᠮᠠᠯ ᠪᠠᠷ ᠬᠡᠪᠯᠡᠯ ᠢ ᠲᠠᠨᠢᠯᠴᠠᠭᠤᠯᠤᠭᠠᠳ ᠤᠡᠭᠰᠢᠬᠴᠢᠳ ᠢ ᠡᠷᠲᠡᠨ ᠤ ᠨᠣᠮ ᠪᠢᠴᠢᠭ ᠢ ᠰᠡᠷᠬᠦᠬᠡᠨ ᠵᠠᠰᠠᠪᠤᠷᠢᠯᠠᠬᠤ᠂ ᠰᠡᠶᠢᠯᠤᠮᠠᠯ ᠪᠠᠷ ᠬᠡᠪᠯᠡᠬᠦ ᠵᠢᠴᠢ ᠥᠳᠡᠮᠡᠯ ᠨᠣᠮ ᠲᠡᠪᠳᠡᠷᠯᠡᠬᠦ ᠳᠤ ᠪᠡᠶᠡᠴᠢᠯᠡᠨ ᠤᠷᠤᠯᠴᠠᠭᠤᠯᠵᠦ ᠣᠶᠢᠯᠠᠭᠠᠭᠤᠯᠵᠠᠢ᠃ ︽ᠡᠷᠲᠡᠨ ᠤ ᠨᠣᠮ ᠪᠢᠴᠢᠭ ᠢ ᠰᠡᠷᠭᠦᠭᠡᠨ ᠵᠠᠰᠠᠪᠤᠷᠢᠯᠠᠬᠤ ᠠᠵᠢᠯ ᠨᠢ ᠲᠠᠩ ᠮᠡᠷᠭᠡᠵᠢᠯ ᠤᠨ ᠠᠰᠠᠭᠤᠳᠠᠯ ᠰᠢᠭ ᠬᠠᠷᠠᠬᠳᠠᠪᠠᠴᠤ ᠲᠡᠬᠦᠨ ᠳᠤ ᠡᠴᠢᠨ᠎ᠠ ᠬᠦᠨ ᠰᠣᠶᠣᠯ ᠤᠨ ᠥᠪ ᠬᠠᠳᠠᠭᠠᠯᠠᠬᠳᠠᠵᠦ ᠪᠠᠶᠢᠭ᠎ᠠ ᠤᠴᠢᠷ ᠠᠴᠠ ᠴᠢᠨᠠᠬᠰᠢᠳᠠ ᠠᠰᠢᠭᠯᠠᠵᠤ ᠬᠡᠷᠡᠭᠯᠡᠬᠦ ᠨᠢ ᠴᠢᠬᠤᠯᠠ ᠪᠠᠶᠢᠨ᠎ᠠ᠃ ᠢᠯᠠᠩᠭᠤᠶ᠎ᠠ ᠲᠡᠦᠬᠡ ᠶᠢᠨ ᠦᠨᠡᠳᠤ ᠰᠤᠷᠪᠤᠯᠵᠢ ᠪᠢᠴᠢᠭ ᠤᠳ ᠤᠨ ᠲᠤᠰ ᠪᠡᠶ᠎ᠡ ᠨᠢ ᠨᠢᠭᠡᠨ ᠢᠵᠢ ᠬᠤᠪᠣᠷ ᠨᠠᠨᠳᠢᠨ ᠲᠡᠦᠬᠡ ᠶᠢᠨ ᠳᠤᠷᠠᠰᠬᠠᠯᠲᠤ ᠵᠦᠢᠯ ᠪᠠᠶᠢᠨ᠎ᠠ︾ ᠬᠡᠵᠦ ᠤᠷᠤᠯᠴᠠᠬᠰᠠᠨ ᠤᠡᠭᠰᠢᠬᠴᠢᠳ ᠦᠵᠡᠵᠡᠭᠡᠵᠤ ᠪᠠᠶᠢᠯ᠎ᠠ᠃     ᠲᠤᠰ ᠤᠳᠠᠭᠠᠨ ᠤ ᠠᠵᠢᠯᠯᠠᠭ᠎ᠠ ᠨᠢ ᠤᠯᠤᠰ ᠠᠴᠠ ᠡᠷᠲᠡᠨ ᠤ ᠨᠣᠮ ᠪᠢᠴᠢᠭ ᠤᠨ ᠠᠵᠢᠯ ᠪᠠ ᠲᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠴᠢᠬᠤᠯᠠᠴᠢᠯᠠᠵᠤ ᠪᠠᠶᠢᠬᠤ ᠶᠢ ᠴᠤᠤᠷᠢᠶᠠᠲᠤᠨ ᠳᠠᠭᠠᠵᠤ᠂ ᠡᠷᠲᠡᠨ ᠤ ᠨᠣᠮ ᠪᠢᠴᠢᠭ ᠢ ᠰᠡᠷᠬᠦᠬᠡᠨ ᠵᠠᠰᠠᠪᠤᠷᠢᠯᠠᠬᠤ᠂ ᠰᠡᠶᠢᠯᠤᠮᠠᠯ ᠪᠠᠷ ᠬᠡᠪᠯᠡᠬᠦ ᠪᠠ ᠥᠳᠡᠮᠡᠯ ᠨᠣᠮ ᠲᠡᠪᠳᠡᠷᠯᠡᠬᠦ ᠵᠡᠷᠭᠡ ᠤᠯᠠᠮᠵᠢᠯᠠᠯᠲᠤ ᠤᠷ᠎ᠠ ᠮᠡᠷᠭᠡᠵᠢᠯ ᠢ ᠠᠷᠠᠳ ᠤᠯᠠᠨ ᠳᠤ ᠣᠶᠢᠯᠠᠭᠠᠭᠤᠯᠵᠤ᠂ ᠡᠷᠲᠡᠨ ᠤ ᠨᠣᠮ ᠪᠢᠴᠢᠭ ᠤᠨ ᠡᠬᠦᠰᠦᠯᠳᠡ᠂ ᠪᠠᠷ ᠬᠡᠪᠯᠡᠯ ᠤᠨ ᠤᠷ᠎ᠠ ᠮᠡᠷᠬᠡᠵᠢᠯ ᠪᠠ ᠬᠠᠮᠠᠭᠠᠯᠠᠬᠤ ᠶᠠᠪᠤᠴᠠ ᠶᠢ ᠬᠥᠮᠦᠰ ᠲᠤ ᠵᠦᠪ ᠣᠶᠢᠯᠠᠭᠠᠭᠤᠯᠵᠤ᠂ ᠳᠤᠮᠳᠠᠳᠤ ᠶᠢᠨ ᠪᠣᠯᠪᠠᠰᠤᠨ ᠢ ᠬᠤᠶᠢᠴᠢ ᠦᠶ᠎ᠠ ᠳᠡᠭᠡᠨ ᠤᠯᠠᠮᠵᠢᠯᠠᠨ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠤᠨ ᠬᠡᠷᠡᠯ ᠭᠢᠯᠪᠠᠭ᠎ᠠ ᠶᠢ ᠨᠠᠩ ᠰᠠᠶᠢᠨ ᠰᠠᠴᠤᠷᠠᠭᠤᠯᠬᠤ ᠳᠤ ᠴᠢᠬᠤᠯᠠ ᠠᠴᠢ ᠲᠤᠰᠠ ᠲᠠᠢ ᠪᠢᠯᠡ᠃
ᠢᠷᠡᠯᠲᠡ᠄ ᠤᠷᠳᠤᠰ ᠤᠨ ᠡᠳᠤᠷ ᠤᠨ ᠰᠤᠨᠢᠨ