ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠠᠴᠠ ᠣᠶᠢᠯᠠᠭᠠᠭᠰᠠᠨ ᠢᠶᠠᠷ᠂ ᠮᠠᠨ ᠤ ᠣᠷᠣᠨ ᠤ 2023 ᠣᠨ ᠤ ︽ᠬᠠᠪᠤᠷ ᠤᠨ | ᠬᠤᠷ᠎ᠠ ᠢᠨᠵᠧᠨᠧᠷᠢᠩ︾ ᠰᠣᠶᠣᠯ ᠤᠨ ᠰᠠᠶᠢᠨ ᠳᠤᠷᠠᠴᠤᠳ ᠤᠨ ᠭᠤᠸᠠᠩᠳᠦ᠋ᠩ ᠳᠠᠬᠢ ᠰᠣᠶᠣᠯ ᠤᠨ ᠰᠣᠯᠢᠯᠴᠠᠭᠠᠨ ᠤ ᠠᠵᠢᠯᠯᠠᠭ᠎ᠠ ᠨᠢ 2023 ᠣᠨ ᠤ ᠤᠯᠤᠰ | ᠤᠨ ︽ᠬᠠᠪᠤᠷ ᠤᠨ ᠬᠤᠷ᠎ᠠ ᠢᠨᠵᠧᠨᠧᠷᠢᠩ︾ ᠤᠨ ᠰᠣᠶᠣᠯ ᠪᠠ ᠵᠢᠭᠤᠯᠴᠢᠯᠠᠯ ᠤᠨ ᠰᠠᠶᠢᠨ ᠳᠤᠷᠠᠴᠤᠳ ᠤᠨ ᠦᠢᠯᠡᠴᠢᠯᠡᠭᠡᠨ ᠤ ᠬᠢᠯᠢ ᠬᠢᠵᠠᠭᠠᠷ ᠤᠨ ᠠᠶᠠᠯᠠᠯ ᠤᠨ | ᠰᠢᠯᠢᠳᠡᠭ ᠲᠥᠷᠥᠯ ᠵᠦᠢᠯ ᠳᠤ ᠰᠣᠩᠭᠤᠭᠳᠠᠪᠠ᠃ | 2023 ᠣᠨ ᠤ ᠮᠠᠨ ᠤ ᠣᠷᠣᠨ ᠤ ︽ᠬᠠᠪᠤᠷ ᠤᠨ ᠬᠤᠷ᠎ᠠ ᠢᠨᠵᠧᠨᠧᠷᠢᠩ︾ ᠰᠣᠶᠣᠯ ᠤᠨ ᠰᠠᠶᠢᠨ ᠳᠤᠷᠠᠴᠤᠳ ᠤᠨ ᠭᠤᠸᠠᠩᠳᠦ᠋ᠩ ᠳᠠᠬᠢ ᠰᠣᠶᠣᠯ ᠤᠨ | ᠰᠣᠯᠢᠯᠴᠠᠭᠠᠨ ᠤ ᠠᠵᠢᠯᠯᠠᠭ᠎ᠠ ᠶᠢ ᠬᠥᠯᠥᠨ ᠪᠤᠶᠢᠷ ᠬᠤᠲᠠ ᠶᠢᠨ ᠰᠣᠶᠣᠯ ᠪᠠ ᠵᠢᠭᠤᠯᠴᠢᠯᠠᠯ ᠤᠨ ᠰᠠᠶᠢᠨ ᠲᠤᠷᠠᠴᠤᠳ ᠤᠨ ᠦᠢᠯᠡᠴᠢᠯᠡᠭᠡᠨ ᠤ ᠰᠠᠯᠪᠤᠷᠢ ᠠᠩᠭᠢ | ᠳᠠᠭᠠᠭᠠᠴᠢᠯᠠᠨ ᠡᠷᠭᠢᠯᠡᠵᠦ᠂ ᠭᠤᠸᠠᠩᠵᠧᠦ ᠬᠤᠲᠠ᠂ ᠹᠦᠸᠧᠱᠠᠨ ᠬᠤᠲᠠ᠂ ᠵᠦᠬᠠᠢ ᠬᠤᠲᠠ ᠵᠡᠷᠭᠡ ᠭᠠᠵᠠᠷ ᠲᠤ 1 ᠳᠠᠯᠠᠪᠠᠢ ᠦᠵᠡᠰᠭᠦᠯᠡᠩ᠂ 3 ᠲᠠᠯᠠᠪᠠᠢ ᠠᠷᠠᠳ ᠲᠤ | ᠠᠰᠢᠭ ᠬᠦᠷᠲᠡᠭᠡᠬᠦ ᠤᠷᠠᠨ ᠰᠠᠶᠢᠬᠠᠨ ᠤ ᠲᠣᠬᠯᠠᠯᠲᠠ ᠭᠠᠷᠭᠠᠵᠤ᠂ ᠲᠤᠬᠠᠢ ᠶᠢᠨ ᠭᠠᠵᠠᠷ ᠤᠨ ᠣᠯᠠᠨ ᠲᠦᠮᠡᠨ ᠤ ᠬᠠᠯᠠᠭᠤᠨ ᠬᠦᠷᠢᠶᠡᠯᠡᠯ ᠢ ᠣᠯᠵᠠᠢ᠃ ᠬᠥᠯᠥᠨ ᠪᠤᠶᠢᠷ | ᠤᠨ ᠠᠷᠠᠳ ᠤᠨ ᠵᠠᠩ ᠦᠢᠯᠡ ᠶᠢᠨ ᠭᠡᠷᠡᠯ ᠵᠢᠷᠤᠭ ᠤᠨ ᠦᠵᠡᠰᠭᠦᠯᠡᠩ ᠳᠤ ᠪᠠᠶᠠᠷ ᠳᠤᠷᠠᠰᠬᠠᠯ᠂ ᠠᠷᠠᠳ ᠤᠨ ᠠᠮᠢᠳᠤᠷᠠᠯ᠂ ᠢᠳᠡᠭᠡᠨ ᠤᠮᠳᠠᠭᠠᠨ᠂ ᠬᠤᠪᠴᠠᠰᠤ ᠵᠠᠰᠠᠯ᠂ | ᠭᠠᠷ ᠤᠷᠠᠯᠠᠯ ᠪᠣᠯᠣᠨ ᠪᠣᠳᠠᠰ ᠤᠨ ᠪᠤᠰᠤ ᠰᠣᠶᠣᠯ ᠤᠨ ᠥᠪ ᠤᠨ ᠬᠠᠮᠠᠭᠠᠯᠠᠯᠲᠠ ᠵᠡᠷᠭᠡ ᠲᠠᠯ᠎ᠠ ᠶᠢᠨ 100 ᠪᠦᠲᠦᠭᠡᠯ ᠢ ᠳᠡᠯᠭᠡᠨ ᠦᠵᠡᠭᠦᠯᠵᠦ᠂ ᠳᠠᠭᠤᠤ ᠪᠥᠵᠢᠭ | ᠤᠨ ᠦᠳᠡᠰᠢᠯᠡᠭᠡ ᠳᠤ ᠪᠥᠵᠢᠭ᠂ ᠳᠠᠭᠤᠤ᠂ ᠬᠥᠭᠵᠢᠮ᠂ ᠬᠤᠪᠴᠠᠰᠤ ᠵᠠᠰᠠᠯ ᠤᠨ ᠲᠣᠬᠯᠠᠯᠲᠠ ᠵᠡᠷᠭᠡ ᠭᠤᠶᠢᠳᠠ ᠰᠠᠶᠢᠬᠠᠨ ᠲᠣᠬᠯᠠᠯᠲᠠ ᠶᠢ ᠨᠠᠷᠢᠨ ᠨᠢᠮᠪᠠᠢ ᠪᠡᠯᠡᠳᠬᠡᠵᠦ᠂ | ᠮᠠᠨ ᠤ ᠣᠷᠣᠨ ᠤ ᠪᠠ ᠭᠤᠸᠠᠩᠳᠦ᠋ᠩ ᠮᠤᠵᠢ ᠶᠢᠨ ᠰᠣᠶᠣᠯ ᠤᠨ ᠰᠠᠶᠢᠨ ᠳᠤᠷᠠᠴᠤᠳ ᠬᠠᠮᠲᠤ ᠪᠠᠷ ᠤᠮᠠᠷᠠᠲᠤ ᠶᠢᠨ ᠦᠨᠳᠦᠰᠦᠲᠡᠨ ᠤ ᠣᠨᠴᠠᠯᠢᠭ ᠪᠠ ᠲᠣᠮᠣ ᠪᠤᠯᠤᠩ | ᠤᠨ ᠣᠷᠣᠨ ᠤ ᠣᠨᠴᠠᠯᠢᠭ ᠲᠠᠢ ᠭᠤᠴᠣ ᠰᠠᠶᠢᠬᠠᠨ ᠲᠣᠬᠯᠠᠯᠲᠠ ᠭᠠᠷᠭᠠᠨ᠂ ᠳᠤᠮᠳᠠᠳᠤ ᠶᠢᠨ ᠦᠨᠳᠦᠰᠦᠲᠡᠨ ᠤ ᠣᠯᠠᠨ ᠡᠰᠢᠲᠦ ᠰᠣᠶᠣᠯ ᠤᠨ ᠷᠢᠳᠢ ᠰᠢᠳᠢ ᠶᠢ | ᠬᠠᠷᠠᠭᠤᠯᠵᠤ ᠦᠵᠡᠭᠴᠢᠳ ᠤᠨ ᠮᠠᠭᠲᠠᠭᠠᠯ ᠰᠠᠶᠢᠰᠢᠶᠠᠯ ᠢ ᠣᠯᠵᠠᠢ᠃ | ︽ᠬᠠᠪᠤᠷ ᠤᠨ ᠬᠤᠷ᠎ᠠ ᠢᠨᠵᠧᠨᠧᠷᠢᠩ︾ ᠰᠣᠶᠣᠯ ᠪᠠ ᠵᠢᠭᠤᠯᠴᠢᠯᠠᠯ ᠤᠨ ᠰᠠᠶᠢᠨ ᠳᠤᠷᠠᠴᠤᠳ ᠤᠨ ᠬᠢᠯᠢ ᠬᠢᠵᠠᠭᠠᠷ ᠤᠨ ᠠᠶᠠᠯᠠᠯ ᠪᠣᠯ ᠰᠣᠶᠣᠯ ᠪᠠ ᠵᠢᠭᠤᠯᠴᠢᠯᠠᠯ | ᠤᠨ ᠶᠠᠮᠤᠨ ᠠᠴᠠ ᠤᠯᠤᠰ ᠤᠨ ᠦᠨᠳᠦᠰᠦᠲᠡᠨ ᠤ ᠬᠡᠷᠡᠭ ᠡᠷᠭᠢᠯᠡᠭᠦ ᠵᠥᠪᠯᠡᠯ ᠲᠠᠢ ᠬᠠᠮᠲᠤᠷᠠᠨ ᠵᠣᠬᠢᠶᠠᠨ ᠪᠠᠶᠢᠭᠤᠯᠵᠤ ᠥᠷᠨᠢᠭᠦᠯᠦᠭᠰᠡᠨ ᠰᠣᠶᠣᠯ ᠪᠠ ᠵᠢᠭᠤᠯᠴᠢᠯᠠᠯ | ᠤᠨ ᠰᠠᠶᠢᠨ ᠲᠤᠷᠠᠴᠤᠳ ᠤᠨ ᠦᠢᠯᠡᠴᠢᠯᠡᠭᠡ ᠪᠠᠷ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠠᠬᠢᠭᠤᠯᠵᠤ᠂ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠵᠣᠷᠢᠯᠭ᠎ᠠ ᠪᠤᠯᠭᠠᠬᠰᠠᠨ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ | ᠭᠤᠣᠯᠳᠠᠯᠭ᠎ᠠ ᠲᠠᠢ ᠢᠨᠵᠧᠨᠧᠷᠢᠩ ᠪᠣᠯᠣᠨ᠎ᠠ᠃ 2023 ᠣᠨ ᠳᠤ ᠮᠠᠨ ᠤ ᠣᠷᠣᠨ ᠵᠡᠭᠦᠨ ᠪᠠᠷᠠᠭᠤᠨ ᠣᠷᠣᠨ ᠤ ᠬᠠᠮᠵᠢᠯᠴᠠᠭ᠎ᠠ᠂ ᠪᠡᠭᠡᠵᠢᠩ ᠥᠪᠥᠷ ᠮᠣᠩᠭᠤᠯ ᠤᠨ | ᠬᠠᠮᠵᠢᠯᠴᠠᠭ᠎ᠠ᠂ ᠵᠢᠭᠤᠯᠴᠢᠯᠠᠯ ᠤᠨ ᠲᠠᠨᠢᠯᠴᠠᠭᠤᠯᠭ᠎ᠠ ᠵᠡᠷᠭᠡ ᠲᠥᠷᠥ ᠶᠢᠨ ᠪᠣᠳᠣᠯᠭ᠎ᠠ ᠪᠠ ᠠᠵᠢᠯ ᠤᠨ ᠲᠣᠭᠲᠠᠴᠠ ᠲᠠᠢ ᠤᠶᠠᠯᠳᠤᠭᠤᠯᠤᠨ᠂ ︽ᠭᠠᠳᠠᠭᠰᠢ ᠭᠠᠷᠬᠤ + | ᠤᠷᠢᠵᠤ ᠠᠪᠴᠢᠷᠠᠬᠤ︾ ᠵᠡᠷᠭᠡ ᠠᠷᠭ᠎ᠠ ᠭᠡᠯᠪᠡᠷᠢ ᠪᠠᠷ ︽ᠬᠠᠪᠤᠷ ᠤᠨ ᠬᠤᠷ᠎ᠠ ᠢᠨᠵᠧᠨᠧᠷᠢᠩ︾ ᠤᠨ ᠲᠥᠷᠥᠯ ᠵᠦᠢᠯ ᠢ 45 ᠵᠣᠬᠢᠶᠠᠨ ᠪᠠᠶᠢᠭᠤᠯᠤᠨ ᠬᠡᠷᠡᠭᠵᠢᠭᠦᠯᠵᠦ᠂ | ᠴᠢᠨᠠᠷ ᠰᠠᠶᠢᠲᠠᠢ ᠰᠣᠶᠣᠯ ᠵᠢᠭᠤᠯᠴᠢᠯᠠᠯ ᠤᠨ ᠡᠬᠢ ᠪᠠᠶᠠᠯᠢᠭ ᠢ ᠰᠠᠶᠢᠨ ᠲᠤᠷᠠᠴᠤᠳ ᠤᠨ ᠦᠢᠯᠡᠴᠢᠯᠡᠭᠡᠨ ᠤ ᠭᠡᠯᠪᠡᠷᠢ ᠪᠠᠷ ᠰᠣᠯᠢᠯᠴᠠᠨ ᠬᠥᠳᠡᠯᠦᠯᠴᠡᠬᠦ ᠶᠢ ᠠᠬᠢᠭᠤᠯᠵᠤ᠂ | ᠠᠷᠠᠳ ᠣᠯᠠᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠤᠭᠰᠠᠨ ᠪᠠᠶᠢᠨ᠎ᠠ᠃ |