ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠢ ᠡᠷᠭᠢᠯᠡᠭᠦ ᠪᠠᠷ ᠠᠵᠠ ᠲᠣᠭᠢᠶᠠᠯ ᠪᠤᠯᠭᠠᠵᠤ᠂ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠰᠣᠶᠣᠯ ᠵᠢᠭᠤᠯᠴᠢᠯᠠᠯ ᠤᠨ ᠠᠵᠤ ᠦᠢᠯᠡᠰ ᠲᠤ ᠰᠢᠨ᠎ᠡ ᠬᠥᠳᠡᠯᠭᠡᠬᠦ ᠴᠢᠳᠠᠪᠤᠷᠢ ᠨᠡᠮᠡᠷᠢᠯᠡᠪᠡ᠃ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠤᠨ ᠣᠶᠢᠷ᠎ᠠ ᠳᠤ ᠨᠡᠶᠢᠲᠡᠯᠡᠭᠰᠡᠨ ᠲᠤᠭ᠎ᠠ ᠪᠠᠷᠢᠮᠲᠠ ᠳᠤ | ᠢᠯᠡᠷᠡᠭᠦᠯᠦᠭᠰᠡᠨ ᠢᠶᠠᠷ᠂ ᠡᠨᠡ ᠵᠢᠯ ᠤᠨ ᠴᠠᠭᠠᠨ ᠰᠠᠷ᠎ᠠ ᠶᠢᠨ ᠠᠮᠠᠷᠠᠯᠲᠠ ᠶᠢᠨ ᠬᠤᠭᠤᠴᠠᠭᠠᠨ ᠳᠤ ᠪᠦᠭᠦ ᠣᠷᠣᠨ ᠢᠶᠠᠷ ᠢᠶᠠᠨ ᠤᠯᠤᠰ ᠤᠨ ᠳᠣᠲᠣᠭᠠᠳᠤ ᠶᠢᠨ | ᠵᠢᠭᠤᠯᠴᠢᠯᠠᠭᠴᠢ ᠶᠢ 3140.55 ᠲᠦᠮᠡᠨ ᠬᠥᠮᠥᠨ ᠤᠳᠠᠭ᠎ᠠ ᠭᠥᠯᠢᠶᠡᠨ ᠠᠪᠤᠪᠠ᠂ ᠡᠨᠡ ᠨᠢ 2023 ᠣᠨ ᠤ 5.76 ᠳᠠᠭᠢᠨ ᠪᠤᠯᠪᠠ᠃ 221.22 | ᠳ᠋ᠦᠩᠰᠢᠭᠤᠷ ᠲᠥᠭᠦᠷᠢᠭ ᠤᠨ ᠵᠢᠭᠤᠯᠴᠢᠯᠠᠯ ᠤᠨ ᠣᠷᠣᠯᠭ᠎ᠠ ᠶᠢ ᠪᠡᠶᠡᠯᠡᠭᠦᠯᠪᠡ᠂ ᠡᠨᠡ ᠨᠢ 2023 ᠣᠨ ᠤ 7.63 ᠳᠠᠭᠢᠨ ᠪᠣᠯᠪᠠ᠃ ᠶᠡᠭᠡ ᠬᠡᠮᠵᠢᠶᠡᠨ ᠤ ᠨᠡᠮᠡᠭᠳᠡᠯ | ᠤᠨ ᠠᠷᠤ ᠳᠤ᠂ ᠲᠦᠭ ᠲᠦᠮᠡᠨ ᠬᠥᠮᠥᠨ ᠤ ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠳᠤ ᠢᠳᠡᠪᠬᠢᠲᠡᠢ ᠣᠷᠣᠯᠴᠠᠬᠰᠠᠨ ᠢ ᠬᠠᠷᠠᠭᠤᠯᠤᠭᠰᠠᠨ ᠢᠶᠠᠷ ᠦᠯᠦ ᠪᠠᠷᠠᠮ᠂ | ᠪᠠᠰᠠ ᠲᠤᠬᠠᠢ ᠶᠢᠨ ᠭᠠᠵᠠᠷ ᠤᠨ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠲᠠᠰᠤᠷᠠᠯᠲᠠ ᠦᠭᠡᠢ ᠬᠥᠭᠵᠢᠨ ᠪᠤᠵᠠᠭᠠᠶᠢᠷᠠᠵᠤ ᠪᠠᠶᠢᠬᠤ ᠶᠢ ᠬᠠᠷᠠᠭᠤᠯᠵᠤ ᠪᠠᠶᠢᠨ᠎ᠠ᠃ | ᠮᠥᠰᠥ ᠴᠠᠰᠤᠨ ᠤ ᠵᠢᠭᠤᠯᠴᠢᠯᠠᠯ ᠲᠦᠷᠭᠡᠨ ᠬᠥᠭᠵᠢᠪᠡ᠃ ᠡᠨᠡ ᠡᠪᠦᠯ᠂ ᠥᠪᠥᠷ ᠮᠣᠩᠭᠤᠯ ᠤᠨ ᠡᠯ᠎ᠡ ᠭᠠᠵᠠᠷ ᠤᠨ ᠬᠢᠨ ︽ᠠᠷᠪᠠᠨ ᠳᠥᠷᠪᠡᠳᠦᠭᠡᠷ | ᠬᠤᠭᠤᠴᠠᠭᠠᠨ ᠤ ᠪᠦᠭᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ︾ ᠤ ᠲᠣᠭᠤᠷᠢᠨ ᠳᠤ ᠡᠯᠪᠡᠭ ᠪᠠᠶᠠᠯᠢᠭ ᠤᠯᠠᠨ ᠵᠦᠢᠯ ᠤᠨ ᠰᠣᠶᠣᠯ | ᠵᠢᠭᠤᠯᠴᠢᠯᠠᠯ ᠤᠨ ᠠᠵᠢᠯᠯᠠᠭ᠎ᠠ ᠥᠷᠨᠢᠭᠦᠯᠵᠦ᠂ ᠵᠢᠭᠤᠯᠴᠢᠯᠠᠯ ᠤᠨ ᠬᠥᠮᠥᠨ ᠤᠳᠠᠭ᠎ᠠ᠂ ᠵᠢᠭᠤᠯᠴᠢᠯᠠᠯ ᠤᠨ ᠣᠷᠣᠯᠭ᠎ᠠ ᠶᠡᠭᠡ ᠪᠠᠷ ᠨᠡᠮᠡᠭᠳᠡᠬᠦ ᠶᠢ ᠳᠠᠶᠢᠴᠢᠯᠠᠪᠠ᠃ | ᠭᠦᠭᠡᠬᠤᠲᠠ ᠳᠠᠬᠢ ᠮᠠ ᠽᠥᠩ ᠱᠠᠨ ᠴᠠᠰᠤᠨ ᠳᠤ ᠭᠤᠯᠭᠤᠬᠤ ᠲᠠᠯᠠᠪᠤᠷ ᠤᠨ ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠨᠢ ᠴᠠᠭᠠᠨ ᠰᠠᠷ᠎ᠠ ᠶᠢᠨ ᠲᠣᠭᠯᠠᠭᠠᠮ ᠳᠤ | ᠠᠭᠤᠰᠤᠨ ᠣᠷᠣᠵᠤ᠂ ᠮᠠᠰᠢ ᠣᠯᠠᠨ ᠵᠢᠭᠤᠯᠴᠢᠯᠠᠭᠴᠢᠳ ᠤᠨ ᠰᠠᠶᠢᠨ ᠦᠨᠡᠯᠡᠯᠲᠡ ᠶᠢ ᠣᠯᠣᠭᠰᠠᠨ ᠪᠠᠶᠢᠨ᠎ᠠ᠃ ᠤᠯᠠᠭᠠᠨᠬᠠᠳᠠ ᠳᠤ ᠠᠩᠬᠠᠳᠤᠭᠠᠷ ᠬᠤᠭᠤᠴᠠᠭᠠᠨ ᠤ | ᠬᠤᠳᠠ ᠶᠢᠨ ᠮᠥᠰᠥ ᠴᠠᠰᠤᠨ ᠤ ᠨᠠᠭᠠᠳᠤᠮ ᠮᠠᠰᠢ ᠭᠦᠷ ᠬᠥᠭᠵᠢᠶᠡᠨ ᠲᠠᠢ ᠶᠠᠪᠤᠭᠳᠠᠵᠤ᠂ ᠡᠳᠦᠷ ᠪᠦᠷᠢ ᠵᠢᠭᠤᠯᠴᠢᠯᠠᠭᠴᠢ ᠶᠢ ᠲᠦᠮᠡ ᠰᠢᠬᠠᠮ ᠬᠥᠮᠥᠨ ᠤᠳᠠᠭ᠎ᠠ | ᠭᠥᠯᠢᠶᠡᠨ ᠠᠪᠴᠠᠢ᠃ ᠬᠥᠯᠥᠨ ᠪᠤᠶᠢᠷ ᠤᠨ ᠣᠷᠴᠣᠨ ᠤ ᠥᠪᠡᠷᠲᠡᠭᠡᠨ ᠵᠠᠰᠠᠬᠤ ᠬᠤᠰᠢᠭᠤᠨ ᠳᠤ᠂ ᠮᠥᠰᠥ ᠴᠠᠰᠤᠨ ᠤ ᠴᠤᠭᠯᠠᠭᠠᠨ ᠤ ᠠᠵᠢᠯᠯᠠᠭ᠎ᠠ ᠶᠢᠨ ᠲᠤᠬᠠᠢ ᠶᠢᠨ | ᠲᠠᠯᠠᠪᠠᠢ ᠳᠤ ᠪᠠᠶᠠᠷ ᠭᠦᠷ ᠢᠶᠠᠷ ᠪᠢᠯᠬᠠᠵᠤ᠂ ᠡᠯ᠎ᠡ ᠭᠠᠵᠠᠷ ᠤᠨ ᠵᠢᠭᠤᠯᠴᠢᠯᠠᠭᠴᠢᠳ ᠲᠦᠳᠡᠭ ᠭᠠᠯ ᠢ ᠲᠣᠭᠤᠷᠢᠨ ᠳᠠᠭᠤᠯᠠᠨ ᠪᠥᠵᠢᠭᠯᠡᠵᠡᠭᠡᠨᠡ᠃ ᠬᠥᠯᠥᠨ ᠪᠤᠶᠢᠷ ᠤᠨ | ᠡᠪᠦᠯ ᠤᠨ ᠤᠯᠠᠷᠢᠯ ᠤᠨ 10 ᠰᠣᠳᠣᠨ ᠵᠢᠭᠤᠯᠴᠢᠯᠠᠯ ᠤᠨ ᠵᠠᠮ ᠱᠤᠭᠤᠮ ᠨᠠᠢᠮᠠᠨ ᠵᠦᠭ ᠠᠴᠠ ᠬᠦᠷᠦᠯᠴᠡᠨ ᠢᠷᠡᠭᠰᠡᠨ ᠵᠣᠴᠢᠳ ᠢ ᠲᠠᠲᠠᠵᠤ᠂ 161 ᠵᠦᠢᠯ ᠤᠨ | ᠰᠣᠶᠣᠯ ᠵᠢᠭᠤᠯᠴᠢᠯᠠᠯ ᠤᠨ ᠠᠵᠢᠯᠯᠠᠭ᠎ᠠ ᠨᠢ ᠲᠤᠬᠠᠢ ᠶᠢᠨ ᠭᠠᠵᠠᠷ ᠤᠨ ᠡᠪᠦᠯ ᠤᠨ ᠤᠯᠠᠷᠢᠯ ᠤᠨ ᠵᠢᠭᠤᠯᠴᠢᠯᠠᠯ ᠤᠨ ᠷᠢᠳᠢ ᠰᠢᠳᠢ ᠶᠢ ᠭᠦᠢᠴᠡᠳ ᠢᠯᠡᠷᠡᠭᠦᠯᠪᠡ᠃ ᠲᠤᠭ᠎ᠠ | ᠪᠠᠷᠢᠮᠲᠠ ᠳᠤ ᠢᠯᠡᠷᠡᠭᠦᠯᠦᠭᠰᠡᠨ ᠢᠶᠠᠷ᠂ ᠴᠠᠭᠠᠨ ᠰᠠᠷ᠎ᠠ ᠶᠢᠨ ᠠᠮᠠᠷᠠᠯᠲᠠ ᠶᠢᠨ ᠬᠤᠭᠤᠴᠠᠭᠠᠨ ᠳᠤ᠂ ᠬᠥᠯᠥᠨ ᠪᠤᠶᠢᠷ ᠤᠨ ᠵᠢᠭᠤᠯᠴᠢᠯᠠᠯ ᠤᠨ ᠭᠠᠵᠠᠷ ᠤᠨ ᠭᠥᠯᠢᠶᠡᠨ | ᠠᠪᠤᠭᠰᠠᠨ ᠪᠦᠯᠭᠦᠮ ᠤᠨ ᠵᠢᠭᠤᠯᠴᠢᠯᠠᠭᠴᠢᠳ ᠤᠨ ᠲᠤᠭ᠎ᠠ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 501% ᠪᠠᠷ ᠨᠡᠮᠡᠭᠳᠡᠵᠦ᠂ ᠪᠠᠭᠤᠳᠠᠯ ᠤᠨ | ᠵᠠᠬᠢᠶᠠᠯᠠᠭ᠎ᠠ 20 ᠳᠠᠭᠢᠨ ᠨᠡᠮᠡᠭᠳᠡᠵᠦ᠂ A ᠲᠠᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ ᠤ ᠭᠥᠯᠢᠶᠡᠨ ᠠᠪᠤᠭᠰᠠᠨ ᠵᠢᠭᠤᠯᠴᠢᠯᠠᠭᠴᠢᠳ ᠤᠨ ᠲᠤᠭ᠎ᠠ ᠴᠤ | ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 526 . 26 % ᠪᠠᠷ ᠨᠡᠮᠡᠭᠳᠡᠪᠡ᠃ | ᠪᠡᠶ᠎ᠡ ᠶᠢᠨ ᠲᠠᠮᠢᠷ ᠪᠠ ᠵᠢᠭᠤᠯᠴᠢᠯᠠᠯ ᠤᠨ ᠠᠭᠤᠰᠤᠯᠴᠠᠯ ᠲᠠᠰᠤᠷᠠᠯᠲᠠ ᠦᠭᠡᠢ ᠭᠦᠨᠵᠡᠭᠡᠶᠢᠷᠡᠪᠡ᠃ ︽ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ | ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ︾ ᠪᠣᠯ ᠮᠥᠰᠥ ᠴᠠᠰᠤᠨ ᠤ ᠤᠷᠤᠯᠳᠤᠭᠠᠨ ᠤ ᠦᠪᠡᠳᠡᠭᠰᠢ ᠴᠤᠭᠯᠠᠭᠠᠨ ᠪᠤᠯᠬᠤ ᠪᠥᠭᠡᠳ ᠲᠤᠬᠠᠢ ᠶᠢᠨ ᠭᠠᠵᠠᠷ ᠤᠨ | ᠥᠩᠭᠡ ᠦᠵᠡᠮᠵᠢ ᠶᠢ ᠳᠡᠯᠭᠡᠨ ᠦᠵᠡᠭᠦᠯᠭᠦ ᠴᠣᠩᠬᠤᠪᠴᠢ ᠪᠣᠯᠣᠨ᠎ᠠ᠃ ᠴᠠᠭᠠᠨ ᠰᠠᠷ᠎ᠠ ᠶᠢᠨ ᠠᠮᠠᠷᠠᠯᠲᠠ ᠶᠢᠨ ᠬᠤᠭᠤᠴᠠᠭᠠᠨ ᠳᠤ᠂ ᠥᠪᠥᠷ ᠮᠣᠩᠭᠤᠯ 7 ᠶᠡᠭᠡ | ᠲᠦᠷᠦᠯ ᠤᠨ 1500 ᠵᠦᠢᠯ ᠤᠨ ᠣᠨᠴᠠᠯᠢᠭᠲᠤ ᠰᠣᠶᠣᠯ ᠵᠢᠭᠤᠯᠴᠢᠯᠠᠯ ᠤᠨ ᠠᠵᠢᠯᠯᠠᠭ᠎ᠠ ᠶᠢ ᠥᠷᠨᠢᠭᠦᠯᠵᠦ᠂ ᠡᠭᠦᠳᠡᠨ ᠪᠢᠯᠧᠲ ᠢ ᠬᠠᠰᠤᠵᠤ ᠬᠡᠯᠲᠦᠷᠢᠭᠦᠯᠬᠦ᠂ | ᠬᠠᠷᠠᠭᠠᠯᠵᠠᠯ ᠤᠨ ᠲᠡᠮᠳᠡᠭᠲᠦ ᠲᠠᠷᠬᠠᠭᠠᠬᠤ ᠵᠡᠷᠭᠡ ᠤᠯᠠᠨ ᠲᠦᠷᠦᠯ ᠤᠨ ᠠᠷᠠᠳ ᠲᠤ ᠠᠰᠢᠭ ᠬᠦᠷᠲᠡᠭᠡᠬᠦ ᠲᠦᠷᠦ ᠶᠢᠨ ᠪᠣᠳᠣᠯᠭ᠎ᠠ ᠶᠢ ᠢᠵᠢ ᠪᠦᠷᠢᠳᠦᠭᠦᠯᠵᠦ᠂ ᠥᠷᠭᠡᠨ | ᠤᠯᠠᠨ ᠵᠢᠭᠤᠯᠴᠢᠯᠠᠭᠴᠢ ᠶᠢ ᠲᠠᠲᠠᠵᠤ ᠪᠡᠶᠡᠴᠢᠯᠡᠨ ᠣᠶᠢᠯᠠᠭᠠᠵᠤ ᠬᠡᠷᠡᠭᠯᠡᠭᠡ ᠬᠢᠯᠭᠡᠪᠡ᠃ ᠰᠢᠯᠢ ᠶᠢᠨ ᠭᠤᠣᠯ ᠠᠶᠢᠮᠠᠭ ᠲᠤ᠂ ᠮᠥᠰᠥᠨ ᠴᠠᠷᠢᠯ ᠢᠶᠠᠷ ᠰᠡᠯᠢᠭᠦᠷ ᠵᠣᠬᠢᠶᠠᠬᠤ᠂ | ᠯᠤᠤᠲᠤ ᠣᠩᠭᠤᠴᠠ ᠤᠷᠤᠯᠳᠤᠨ ᠭᠠᠲᠤᠯᠬᠤ᠂ ᠮᠥᠰᠥᠨ ᠳᠡᠭᠡᠷᠡᠬᠢ ᠯᠤᠤᠲᠤ ᠣᠩᠭᠤᠴᠠ ᠶᠢᠨ ᠳᠡᠰ ᠠᠴᠠ ᠳᠠᠪᠠᠭᠰᠠᠨ ᠬᠤᠯᠪᠣᠭᠠᠲᠤ ᠤᠷᠤᠯᠳᠤᠭᠠᠨ ᠤ ᠰᠢᠢᠳᠪᠦᠷᠢᠲᠦ | ᠤᠷᠤᠯᠳᠤᠭᠠᠨ ᠭᠤᠶᠢᠳᠠ ᠰᠠᠶᠢᠬᠠᠨ ᠶᠠᠪᠤᠭᠳᠠᠵᠤ᠂ ᠤᠯᠤᠰ ᠤᠨ ᠳᠣᠲᠣᠭᠠᠳᠤ ᠭᠠᠳᠠᠭᠠᠳᠤ ᠶᠢᠨ 41 ᠰᠢᠯᠢᠳᠡᠭ ᠪᠦᠯᠭᠦᠮ᠂ 600 ᠭᠠᠷᠤᠢ ᠲᠠᠮᠢᠷᠴᠢᠨ ᠬᠦᠷᠦᠯᠴᠡᠨ | ᠢᠷᠡᠵᠤ ᠤᠷᠤᠯᠳᠤᠭᠠᠨ ᠳᠤ ᠣᠷᠣᠯᠴᠠᠪᠠ; ᠭᠦᠭᠡᠬᠤᠲᠠ ᠮᠥᠰᠥ ᠴᠠᠰᠤᠨ ᠤ ᠬᠡᠷᠡᠭᠯᠡᠭᠡ ᠶᠢᠨ ᠲᠡᠮᠳᠡᠭᠲᠦ ᠲᠠᠷᠬᠠᠭᠠᠵᠤ᠂ 20 ᠭᠠᠷᠤᠢ ᠲᠠᠯᠠᠪᠠᠢ ᠮᠥᠰᠥ ᠴᠠᠰᠤᠨ ᠤ | ᠤᠷᠤᠯᠳᠤᠭᠠᠨ ᠤ ᠠᠵᠢᠯᠯᠠᠭ᠎ᠠ ᠡᠷᠭᠢᠯᠡᠪᠡ; ᠬᠥᠯᠥᠨ ᠪᠤᠶᠢᠷ ᠬᠤᠶᠠᠳᠤᠭᠠᠷ ᠬᠤᠭᠤᠴᠠᠭᠠᠨ ᠤ ᠮᠥᠰᠥ ᠴᠠᠰᠤᠨ ᠤ ᠰᠣᠶᠣᠯ ᠲᠠᠮᠢᠷ ᠤᠨ ᠬᠥᠳᠡᠯᠭᠡᠭᠡᠨ ᠤ | ᠵᠢᠭᠤᠯᠴᠢᠯᠠᠯ ᠤᠨ ᠤᠯᠠᠷᠢᠯ ᠢ ᠡᠬᠢᠯᠡᠭᠦᠯᠵᠦ᠂ ︽ᠤᠷᠤᠯᠳᠤᠭᠠᠨ ᠢ ᠲᠠᠭᠠᠵᠤ ᠵᠢᠭᠤᠯᠴᠢᠯᠠᠬᠤ︾᠂ ︽ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠤ ᠲᠠᠯᠠᠪᠠᠢ ᠣᠷᠳᠣᠨ | ᠢᠶᠠᠷ ᠲᠣᠭᠤᠷᠢᠨ ᠵᠢᠭᠤᠯᠴᠢᠯᠠᠬᠤ︾ ᠵᠡᠷᠭᠡ ᠵᠢᠭᠤᠯᠴᠢᠯᠠᠯ ᠤᠨ ᠲᠦᠷᠦᠯ ᠵᠦᠢᠯ ᠢ ᠡᠬᠢᠯᠡᠭᠦᠯᠵᠡᠢ᠃ | ᠰᠣᠶᠣᠯ ᠵᠢᠭᠤᠯᠴᠢᠯᠠᠯ ᠤᠨ ᠲᠦᠷᠦᠯ ᠲᠡᠮᠳᠡᠭ ᠤᠨ ᠠᠭᠤᠯᠤᠭᠳᠠᠬᠤᠨ ᠪᠠᠶᠠᠯᠢᠭᠵᠢᠪᠠ᠃ ᠴᠠᠭᠠᠨ ᠰᠠᠷ᠎ᠠ ᠶᠢᠨ ᠠᠮᠠᠷᠠᠯᠲᠠ ᠶᠢᠨ ᠬᠤᠭᠤᠴᠠᠭᠠᠨ ᠳᠤ᠂ ᠥᠪᠥᠷ | ᠮᠣᠩᠭᠤᠯ ᠤᠨ ᠡᠯ᠎ᠡ ᠭᠠᠵᠠᠷ ᠤᠨ ᠬᠢᠨ ᠮᠥᠰᠥ ᠴᠠᠰᠤᠨ ᠤ ᠨᠠᠭᠠᠳᠤᠮ᠂ ᠡᠪᠦᠯ ᠤᠨ ᠠᠩᠨᠠᠯᠲᠠ ᠶᠢᠨ ᠪᠠᠶᠠᠷ᠂ ᠮᠥᠰᠥ ᠴᠠᠰᠤᠨ ᠤ ᠤᠷᠤᠯᠳᠤᠭᠠᠨ ᠵᠡᠷᠭᠡ 80 ᠭᠠᠷᠤᠢ | ᠵᠦᠢᠯ ᠤᠨ ᠠᠵᠢᠯᠯᠠᠭ᠎ᠠ ᠥᠷᠨᠢᠭᠦᠯᠵᠦ᠂ ᠮᠥᠰᠥ ᠴᠠᠰᠤᠨ ᠤ ᠵᠢᠭᠤᠯᠴᠢᠯᠠᠯ ᠤᠨ ᠲᠦᠷᠦᠯ ᠲᠡᠮᠳᠡᠭ ᠢ ᠳᠠᠭᠤᠷᠢᠰᠬᠠᠪᠠ᠃ ︽ᠠᠷᠪᠠᠨ ᠳᠥᠷᠪᠡᠳᠦᠭᠡᠷ ᠬᠤᠭᠤᠴᠠᠭᠠᠨ ᠤ | ᠪᠦᠭᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ︾ ᠤ ᠳᠡᠮᠵᠢᠯᠭᠡ ᠪᠠᠷ ᠬᠥᠯᠥᠨ ᠪᠤᠶᠢᠷ ᠤᠨ ᠳ᠋ᠠ ᠰᠢᠤᠸᠠᠢ ᠶᠤᠸᠠᠨ ᠲᠦᠷᠦᠯ ᠲᠡᠮᠳᠡᠭ ᠤᠯᠠᠮ | ᠠᠯᠳᠠᠷᠰᠢᠵᠤ᠂ ︽ᠬᠥᠯᠥᠨ ᠪᠤᠶᠢᠷ ᠨᠡᠷᠡᠮᠵᠢᠲᠦ︾ ᠲᠠᠯ᠎ᠠ ᠨᠤᠲᠤᠭ ᠣᠶ ᠰᠢᠭᠤᠢ ᠶᠢᠨ ᠳᠡᠭᠡᠳᠦ ᠲᠠᠰ ᠤᠨ ᠵᠢᠭᠤᠯᠴᠢᠯᠠᠯ ᠤᠨ ᠭᠠᠯᠲᠤ ᠲᠡᠷᠭᠡ ᠶᠢ 12 ᠤᠳᠠᠭ᠎ᠠ | ᠨᠠᠪᠲᠠᠷᠡᠭᠦᠯᠵᠦ᠂ ᠤᠯᠠᠭᠠᠨᠴᠠᠪ ︽ᠡᠪᠦᠯ ᠤᠨ ᠦᠳᠡᠰᠢ︾ ᠰᠣᠶᠣᠯ ᠵᠢᠭᠤᠯᠴᠢᠯᠠᠯ ᠤᠨ ᠲᠦᠷᠦᠯ ᠲᠡᠮᠳᠡᠭ ᠢ ᠳᠠᠭᠤᠷᠢᠰᠤᠭᠤᠯᠵᠤ᠂ ᠴᠠᠭᠠᠨ ᠰᠠᠷ᠎ᠠ ᠶᠢᠨ ᠠᠮᠠᠷᠠᠯᠲᠠ ᠶᠢᠨ | ᠬᠤᠭᠤᠴᠠᠭᠠᠨ ᠤ ᠠᠶᠠᠨᠴᠢᠳ ᠤᠨ ᠲᠤᠭ᠎ᠠ 64 ᠲᠦᠮᠡᠨ ᠬᠥᠮᠥᠨ ᠤᠳᠠᠭ᠎ᠠ ᠶᠢ ᠳᠠᠪᠠᠭᠰᠠᠨ ᠪᠠᠶᠢᠨ᠎ᠠ᠃ |