ᠰᠣᠶᠣᠯ ᠤᠨ ᠥᠪ ᠢ ᠳᠡᠯᠭᠡᠵᠦ ᠰᠢᠨ᠎ᠡ ᠪᠠᠶᠢᠳᠠᠯ ᠢ ᠬᠠᠮᠠᠭᠠᠯᠠᠶ᠎ᠠ
ᠨᠡᠶᠢᠲᠡᠯᠡᠭᠰᠡᠨ ᠴᠠᠭ᠄
2024/3/7
     ᠶᠡᠷᠦᠩᠬᠡᠢ ᠱᠦᠵᠢ ᠰᠢ ᠶᠢᠨ ᠫᠢᠩ᠄ ︽ᠰᠣᠶᠣᠯ ᠤᠨ ᠢᠲᠡᠭᠡᠯ ᠢᠶᠠᠨ ᠪᠠᠲᠤᠳᠬᠠᠵᠤ᠂ ᠡᠭᠦᠷᠭᠡ ᠬᠠᠷᠢᠭᠤᠴᠠᠯᠭ᠎ᠠ ᠪᠠᠨ ᠡᠭᠦᠷᠭᠡᠯᠡᠵᠦ᠂ ᠬᠦᠴᠦᠯᠡᠨ ᠴᠢᠷᠮᠠᠶᠢᠵᠤ ᠵᠢᠳᠬᠦᠯ ᠭᠠᠷᠭᠠᠨ ᠬᠠᠮᠲᠤ ᠪᠠᠷ ᠴᠢᠷᠮᠠᠶᠢᠵᠤ᠂ ᠮᠠᠨ ᠤ ᠡᠨᠡ ᠬᠦ ᠴᠠᠭ ᠦᠶ᠎ᠡ ᠳᠤ ᠬᠠᠷᠢᠶᠠᠯᠠᠭᠳᠠᠬᠤ ᠰᠢᠨ᠎ᠡ ᠰᠣᠶᠣᠯ ᠢ ᠡᠭᠦᠳᠴᠦ᠂ ᠳᠤᠮᠳᠠᠳᠤ ᠶᠢᠨ ᠦᠨᠳᠦᠰᠦᠲᠡᠨ ᠤ ᠤᠳᠤ ᠦᠶ᠎ᠡ ᠶᠢᠨ ᠪᠣᠯᠪᠠᠰᠤᠨ ᠢ ᠪᠠᠶᠢᠭᠤᠯᠬᠤ ᠬᠡᠷᠡᠭᠲᠡᠢ︾ ᠭᠡᠵᠦ ᠴᠢᠬᠤᠯᠠᠴᠢᠯᠠᠭᠰᠠᠨ ᠪᠠᠶᠢᠳᠠᠭ᠃     ᠰᠣᠶᠣᠯ ᠤᠨ ᠰᠢᠨ᠎ᠡ ᠡᠭᠦᠳᠦᠯᠲᠡ᠂ ᠪᠣᠯᠪᠠᠰᠤᠨ ᠤ ᠡᠭᠦᠳᠦᠯᠲᠡ ᠨᠢ ᠪᠣᠳᠠᠰ ᠤᠨ ᠪᠠ ᠤᠶᠤᠨ ᠤ ᠡᠳ᠋ ᠬᠥᠷᠥᠩᠭᠡ ᠶᠢᠨ ᠤᠯᠠᠮᠵᠢᠯᠠᠯ ᠠᠴᠠ ᠰᠠᠯᠵᠤ ᠴᠢᠳᠠᠬᠤ ᠦᠭᠡᠢ ᠶᠤᠮ᠃ ᠮᠠᠨ ᠤ ᠤᠯᠤᠰ ᠤᠨ ᠲᠡᠦᠬᠡ ᠰᠣᠶᠣᠯ ᠤᠨ ᠥᠪ ᠲᠤ ᠳᠤᠮᠳᠠᠳᠤ ᠶᠢᠨ ᠪᠣᠯᠪᠠᠰᠤᠨ ᠤ ᠤᠶᠤᠨ ᠰᠠᠨᠠᠭᠠᠨ ᠤ ᠣᠨᠴᠠᠯᠢᠭ ᠲᠥᠪᠯᠡᠷᠡᠵᠦ᠂ ᠣᠳᠣᠬᠠᠨ ᠤ ᠬᠥᠮᠥᠰ ᠤᠨ ᠡᠳᠦᠷ ᠲᠤᠳᠤᠮ ᠤᠨ ᠠᠮᠢᠳᠤᠷᠠᠯ ᠦᠢᠯᠡᠳᠦᠯᠭᠡ ᠳᠤ ᠬᠦᠴᠦᠷᠬᠡᠭ ᠶᠡᠭᠡ ᠤᠶᠤᠨ ᠤᠬᠠᠭᠠᠨ ᠤ ᠰᠡᠩᠬᠡᠷᠡᠭᠦᠯᠦᠯ ᠪᠣᠯᠣᠨ ᠬᠠᠶᠢᠷ᠎ᠠ ᠰᠡᠳᠬᠢᠯᠭᠡ ᠶᠢᠨ ᠬᠥᠳᠡᠯᠭᠡᠬᠦ ᠬᠦᠴᠦᠨ ᠬᠠᠩᠭᠠᠭᠰᠠᠨ ᠢᠶᠠᠷ ᠪᠠᠷᠠᠬᠤ ᠦᠭᠡᠢ᠂ ᠪᠠᠰᠠ ᠰᠢᠨ᠎ᠡ ᠴᠠᠭ ᠦᠶ᠎ᠡ ᠳᠤ ᠳᠤᠮᠳᠠᠳᠤ ᠶᠢᠨ ᠦᠨᠳᠦᠰᠦᠲᠡᠨ ᠤ ᠤᠳᠤ ᠦᠶ᠎ᠡ ᠶᠢᠨ ᠪᠣᠯᠪᠠᠰᠤᠨ ᠢ ᠪᠠᠶᠢᠭᠤᠯᠬᠤ ᠳᠤ ᠡᠷᠬᠢᠮ ᠨᠠᠨᠳᠢᠨ ᠡᠬᠢ ᠪᠠᠶᠠᠯᠢᠭ ᠬᠠᠩᠭᠠᠭᠰᠠᠨ ᠪᠠᠶᠢᠨ᠎ᠠ᠃     ᠥᠩᠭᠡᠷᠡᠭᠰᠡᠨ ᠢᠶᠠᠨ ᠡᠷᠭᠢᠴᠡᠭᠦᠯᠬᠦᠶ᠎ᠡ᠂ ᠮᠠᠨ ᠤ ᠤᠯᠤᠰ ᠤᠨ ᠰᠣᠶᠣᠯ ᠤᠨ ᠥᠪ ᠢ ᠬᠠᠮᠠᠭᠠᠯᠠᠬᠤ ᠦᠢᠯᠡᠰ ᠬᠤᠪᠢᠷᠠᠯᠲᠠ ᠶᠢᠨ ᠳᠤᠮᠳᠠ ᠰᠢᠨ᠎ᠡ ᠶᠢ ᠡᠭᠦᠳᠦᠨ ᠤᠷᠤᠭᠰᠢᠯᠠᠵᠤ᠂ ᠳᠤᠮᠳᠠᠳᠤ ᠤᠯᠤᠰ ᠤᠨ ᠣᠨᠴᠠᠯᠢᠭ ᠪᠠ ᠳᠤᠮᠳᠠᠳᠤ ᠤᠯᠤᠰ ᠤᠨ ᠲᠤᠷᠰᠢᠯᠭ᠎ᠠ ᠲᠠᠢ ᠨᠢᠭᠡᠨ ᠢᠵᠢ ᠬᠠᠮᠠᠭᠠᠯᠠᠬᠤ ᠲᠠᠨᠢᠯᠲᠠ᠂ ᠬᠠᠮᠢᠶᠠᠷᠤᠯᠲᠠ ᠶᠢᠨ ᠰᠢᠰᠲ᠋ᠧᠮ ᠪᠠ ᠠᠵᠢᠯ ᠤᠨ ᠵᠠᠭᠪᠤᠷ ᠢ ᠬᠤᠷᠠᠮᠳᠤᠭᠤᠯᠪᠠ᠃ ᠢᠯᠡᠷᠬᠡᠢ ᠬᠢᠷᠢ ᠪᠦᠲᠦᠮᠵᠢ ᠣᠯᠣᠭᠰᠠᠨ ᠤ ᠬᠠᠮᠲᠤ᠂ ᠮᠠᠨ ᠤ ᠤᠯᠤᠰ ᠤᠨ ᠰᠣᠶᠣᠯ ᠤᠨ ᠥᠪ ᠢ ᠬᠠᠮᠠᠭᠠᠯᠠᠬᠤ ᠦᠢᠯᠡᠰ ᠲᠤ ᠪᠠᠰᠠ ᠬᠠᠮᠠᠭᠠᠯᠠᠬᠤ ᠣᠨᠣᠯ ᠤᠨ ᠰᠢᠰᠲ᠋ᠧᠮ ᠤᠨ ᠪᠠᠶᠢᠭᠤᠯᠤᠯᠲᠠ ᠬᠠᠷᠢᠴᠠᠩᠭᠤᠢ ᠬᠤᠴᠤᠷᠤᠩᠭᠤᠢ᠂ ᠬᠠᠮᠢᠶᠠᠷᠤᠯᠲᠠ ᠶᠢᠨ ᠰᠢᠰᠲ᠋ᠧᠮ ᠤᠨ ᠦᠵᠦ ᠲᠥᠯᠥᠪᠯᠡᠭᠡ ᠶᠢᠨ ᠬᠤᠯᠪᠤᠭᠠᠯᠠᠨ ᠬᠥᠳᠡᠯᠦᠯᠴᠡᠬᠦ ᠲᠠᠯ᠎ᠠ ᠪᠠᠷ ᠳᠤᠲᠠᠮᠠᠭ᠂ ᠰᠢᠨᠵᠢᠯᠡᠭᠡᠨ ᠤ ᠰᠢᠰᠲ᠋ᠧᠮ ︵ᠪᠦᠯᠦᠭ︶ ᠤᠨ ᠪᠠᠶᠢᠭᠤᠯᠤᠯᠲᠠ ᠶᠢ ᠲᠡᠭᠦᠯᠳᠡᠷᠵᠢᠭᠦᠯᠬᠦ ᠴᠢᠬᠤᠯᠠᠲᠠᠢ ᠵᠡᠷᠭᠡ ᠠᠰᠠᠭᠤᠳᠠᠯ ᠣᠷᠣᠰᠢᠵᠤ ᠪᠠᠶᠢᠨ᠎ᠠ᠃ ᠰᠢᠨ᠎ᠡ ᠥᠷᠢᠰᠦᠯᠳᠦᠭᠡᠨ ᠤ ᠡᠮᠦᠨ᠎ᠡ᠂ ᠪᠢᠳᠡ ᠨᠢᠭᠡ ᠢᠵᠢ ᠳᠤᠮᠳᠠᠳᠤ ᠤᠯᠤᠰ ᠤᠨ ᠤᠯᠤᠰ ᠤᠨ ᠪᠠᠶᠢᠳᠠᠯ ᠳᠠᠭᠠᠨ ᠰᠠᠭᠤᠷᠢᠯᠠᠭᠰᠠᠨ᠂ ᠤᠯᠠᠨ ᠤᠯᠤᠰ ᠤᠨ ᠬᠠᠷᠠᠭ᠎ᠠ ᠶᠢ ᠬᠤᠣᠰᠯᠠᠭᠤᠯᠤᠭᠰᠠᠨ ᠰᠣᠶᠣᠯ ᠤᠨ ᠥᠪ ᠢ ᠬᠠᠮᠠᠭᠠᠯᠠᠬᠤ ᠤᠨᠤᠯ ᠤᠨ ᠰᠢᠰᠲ᠋ᠧᠮ ᠪᠣᠯᠣᠨ ᠦᠢᠯᠡᠳᠦᠯᠭᠡ ᠶᠢᠨ ᠠᠷᠭ᠎ᠠ ᠵᠠᠮ ᠢ ᠳ᠋ᠦᠩᠨᠡᠨ ᠰᠦᠪᠡᠭᠴᠢᠯᠡᠬᠦ ᠴᠢᠬᠤᠯᠠᠲᠠᠢ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠠᠬᠢᠴᠠ ᠪᠣᠯᠣᠨ ᠳᠤᠮᠳᠠᠳᠤ ᠶᠢᠨ ᠦᠨᠳᠦᠰᠦᠲᠡᠨ ᠤ ᠤᠳᠤ ᠦᠶ᠎ᠡ ᠶᠢᠨ ᠪᠣᠯᠪᠠᠰᠤᠨ ᠤ ᠪᠠᠶᠢᠭᠤᠯᠤᠯᠲᠠ ᠳᠤᠮᠳᠠ ᠲᠣᠪᠣᠶᠢᠮ᠎ᠠ ᠦᠢᠯᠡᠳᠦᠯ ᠦᠵᠡᠭᠦᠯᠵᠦ᠂ ᠳᠡᠯᠡᠬᠡᠢ ᠨᠡᠶᠢᠭᠡᠮ ᠳᠤ ᠳᠤᠮᠳᠠᠳᠤ ᠤᠯᠤᠰ ᠤᠨ ᠲᠤᠷᠰᠢᠯᠭ᠎ᠠ ᠶᠢ ᠬᠠᠩᠭᠠᠬᠤ ᠴᠢᠬᠤᠯᠠᠲᠠᠢ᠃     ᠣᠨᠣᠯ ᠤᠨ ᠰᠢᠰᠲ᠋ᠧᠮ ᠤᠨ ᠪᠠᠶᠢᠭᠤᠯᠤᠯᠲᠠ ᠪᠠ ᠬᠠᠮᠢᠶᠠᠷᠤᠯᠲᠠ ᠶᠢᠨ ᠳᠦᠷᠢᠮ ᠢ ᠲᠡᠭᠦᠯᠳᠡᠷᠵᠢᠭᠦᠯᠦᠨ᠂ ᠰᠢᠨ᠎ᠡ ᠴᠠᠭ ᠦᠶ᠎ᠡ ᠶᠢᠨ ᠰᠣᠶᠣᠯ ᠤᠨ ᠥᠪ ᠢ ᠬᠠᠮᠠᠭᠠᠯᠠᠬᠤ ᠦᠢᠯᠡᠰ ᠢ ᠬᠥᠲᠥᠯᠥᠨ ᠳᠠᠭᠠᠭᠤᠯᠬᠤ ᠬᠡᠷᠡᠭᠲᠡᠢ᠃ ᠨᠢᠭᠡᠳᠦᠭᠡᠷ ᠲᠤ᠂ ᠰᠣᠶᠣᠯ ᠤᠨ ᠥᠪ ᠤᠨ ᠦᠷᠳᠡᠭ ᠪᠣᠯᠣᠨ ᠤᠨᠤᠯ ᠤᠨ ᠰᠤᠳᠤᠯᠭᠠᠨ ᠢ ᠭᠦᠨᠵᠡᠭᠡᠶᠢᠷᠡᠭᠦᠯᠵᠦ᠂ ᠰᠢᠨ᠎ᠡ ᠴᠠᠭ ᠦᠶ᠎ᠡ ᠶᠢᠨ ᠰᠣᠶᠣᠯ ᠤᠨ ᠪᠠᠶᠢᠭᠤᠯᠤᠯᠲᠠ ᠶᠢᠨ ᠬᠡᠷᠡᠭᠴᠡᠭᠡ ᠳᠤ ᠦᠢᠯᠡᠴᠢᠯᠡᠬᠦ ᠬᠡᠷᠡᠭᠲᠡᠢ᠃ ᠳᠤᠮᠳᠠᠳᠤ ᠶᠢᠨ ᠪᠣᠯᠪᠠᠰᠤᠨ ᠤ 5000 ᠭᠠᠷᠤᠢ ᠵᠢᠯ ᠤᠨ ᠬᠥᠭᠵᠢᠯᠲᠡ ᠶᠢᠨ ᠶᠠᠪᠤᠴᠠ ᠪᠣᠯ ᠰᠢᠨ᠎ᠡ ᠴᠠᠭ ᠦᠶ᠎ᠡ ᠶᠢᠨ ᠰᠣᠶᠣᠯ ᠤᠨ ᠢᠲᠡᠭᠡᠯ ᠢ ᠪᠠᠲᠤᠳᠬᠠᠬᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠲᠡᠦᠬᠡᠨ ᠦᠨᠳᠦᠰᠦᠯᠡᠯ ᠮᠥᠨ᠃ ᠡᠷᠬᠡᠪᠰᠢ ᠲᠡᠦᠬᠡᠨ ᠦᠵᠡᠯᠲᠡ ᠶᠢᠨ ᠬᠤᠷᠸ᠎ᠠ ᠬᠠᠷᠠᠭᠠᠰᠤ ᠠᠴᠠ ᠰᠣᠶᠣᠯ ᠤᠨ ᠥᠪ ᠤᠨ ᠥᠷᠲᠡᠭ ᠤᠨ ᠰᠤᠳᠤᠯᠤᠯ ᠢᠶᠠᠷ ᠭᠤᠣᠯᠳᠠᠯᠭ᠎ᠠ ᠪᠣᠯᠭᠠᠨ᠂ ᠳᠤᠮᠳᠠᠳᠤ ᠤᠯᠤᠰ ᠤᠨ ᠲᠤᠷᠰᠢᠯᠭ᠎ᠠ ᠪᠣᠯᠣᠨ ᠳᠤᠮᠳᠠᠳᠤ ᠤᠯᠤᠰ ᠤᠨ ᠮᠡᠳᠡᠯᠭᠡ ᠪᠠᠷ ᠣᠯᠠᠨ ᠤᠯᠤᠰ ᠤᠨ ᠰᠣᠶᠣᠯ ᠤᠨ ᠥᠪ ᠤᠨ ᠣᠨᠣᠯ ᠤᠨ ᠬᠥᠭᠵᠢᠯᠲᠡ ᠳᠤ ᠬᠦᠴᠦᠨ ᠨᠡᠮᠡᠷᠢᠯᠡᠬᠦ ᠬᠡᠷᠡᠭᠲᠡᠢ᠃ ᠬᠤᠶᠠᠳᠤᠭᠠᠷ ᠲᠤ᠂ ᠰᠣᠶᠣᠯ ᠤᠨ ᠥᠪ ᠤᠨ ᠬᠠᠮᠢᠶᠠᠷᠤᠯᠲᠠ ᠶᠢᠨ ᠦᠵᠦ ᠲᠥᠯᠥᠪᠯᠡᠭᠡ ᠶᠢ ᠲᠦᠷᠭᠡᠨ ᠲᠡᠭᠦᠯᠳᠡᠷᠵᠢᠭᠦᠯᠵᠦ᠂ ᠬᠤᠳᠠ ᠬᠥᠳᠡᠭᠡ ᠶᠢᠨ ᠰᠣᠶᠣᠯ ᠤᠨ ᠠᠭᠤᠰᠤᠯᠴᠠᠨ ᠬᠥᠭᠵᠢᠬᠦ ᠶᠢ ᠠᠬᠢᠭᠤᠯᠬᠤ ᠬᠡᠷᠡᠭᠲᠡᠢ᠃ ᠰᠣᠶᠣᠯ ᠤᠨ ᠥᠪ ᠢ ᠬᠠᠮᠠᠭᠠᠯᠠᠵᠤ ᠬᠠᠮᠢᠶᠠᠷᠬᠤ ᠶᠢ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠲᠠᠪᠴᠠᠩ ᠪᠣᠯᠣᠨ ᠲᠣᠭᠲᠠᠴᠠ ᠶᠢ ᠪᠠᠶᠢᠭᠤᠯᠵᠤ᠂ ᠰᠣᠶᠣᠯ ᠤᠨ ᠥᠪ ᠤᠨ ᠬᠠᠮᠠᠭᠠᠯᠠᠵᠤ ᠤᠯᠠᠮᠵᠢᠯᠠᠬᠤ ᠶᠢ ᠨᠢᠭᠡ ᠴᠣᠭᠴᠠᠵᠢᠭᠤᠯᠬᠤ ᠶᠢ ᠠᠬᠢᠭᠤᠯᠬᠤ ᠭᠡᠷᠡᠭᠲᠡᠶ᠃ ᠡᠭᠦᠨ ᠤ ᠬᠠᠮᠲᠤ ᠰᠢᠰᠲ᠋ᠧᠮᠲᠦ ᠴᠢᠨᠠᠷᠲᠠᠢ ᠰᠣᠶᠣᠯ ᠤᠨ ᠥᠪ ᠢ ᠬᠠᠮᠠᠭᠠᠯᠠᠬᠤ ᠣᠨᠣᠯ ᠢ ᠴᠢᠨᠠᠭᠰᠢᠳᠠ ᠲᠡᠭᠦᠯᠳᠡᠷᠵᠢᠭᠦᠯᠵᠦ᠂ ᠰᠣᠶᠣᠯ ᠤᠨ ᠥᠪ ᠤᠨ ᠨᠡᠶᠢᠭᠡᠮ ᠤᠨ ᠴᠢᠳᠠᠮᠵᠢ ᠶᠢᠨ ᠴᠢᠨᠠᠷᠲᠠᠢ ᠳᠡᠰ ᠲᠥᠷᠥᠯ ᠬᠤᠪᠢᠶᠠᠨ ᠬᠠᠮᠢᠶᠠᠷᠬᠤ ᠰᠢᠰᠲ᠋ᠧᠮ ᠢ ᠪᠠᠶᠢᠭᠤᠯᠵᠤ᠂ ᠰᠣᠶᠣᠯ ᠤᠨ ᠥᠪ ᠢ ᠠᠮᠢᠳᠤᠯᠢᠭᠵᠢᠭᠤᠯᠤᠨ ᠠᠰᠢᠭᠯᠠᠬᠤ ᠶᠢᠨ ᠬᠦᠴᠢᠷ ᠠᠰᠠᠭᠤᠳᠠᠯ ᠢ ᠰᠠᠶᠢᠲᠤᠷ ᠰᠢᠢᠳᠪᠦᠷᠢᠯᠡᠬᠦ ᠭᠡᠷᠡᠭᠲᠡᠶ᠃ ᠰᠣᠶᠣᠯ ᠤᠨ ᠥᠪ ᠤᠨ ᠬᠠᠮᠠᠭᠠᠯᠠᠯᠲᠠ ᠬᠢᠭᠡᠳ ᠦᠷᠭᠦᠯᠵᠢᠯᠡᠨ ᠬᠥᠭᠵᠢᠬᠦ ᠶᠢᠨ ᠲᠡᠩᠴᠡᠭᠦᠷᠢᠲᠦ ᠲᠣᠭᠲᠠᠴᠠ ᠶᠢ ᠬᠠᠶᠢᠨ ᠰᠦᠪᠡᠭᠴᠢᠯᠡᠵᠦ᠂ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠳᠤᠮᠳᠠ ᠲᠡᠦᠬᠡ ᠰᠣᠶᠣᠯ ᠢ ᠬᠠᠮᠠᠭᠠᠯᠠᠨ ᠤᠯᠠᠮᠵᠢᠯᠠᠬᠤ ᠶᠢ ᠴᠢᠩᠭᠠᠳᠬᠠᠬᠤ ᠬᠡᠷᠡᠭᠲᠡᠢ᠃     ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢᠶᠠᠷ ᠰᠣᠶᠣᠯ ᠤᠨ ᠥᠪ ᠢ ᠬᠠᠮᠠᠭᠠᠯᠠᠵᠤ ᠤᠯᠠᠮᠵᠢᠯᠠᠬᠤ ᠰᠢᠰᠲ᠋ᠧᠮ ᠢ ᠪᠠᠶᠢᠭᠤᠯᠵᠤ᠂ ᠰᠣᠶᠣᠯ ᠤᠨ ᠥᠪ ᠢ ᠬᠠᠮᠠᠭᠠᠯᠠᠵᠤ ᠤᠯᠠᠮᠵᠢᠯᠠᠬᠤ ᠦᠢᠯᠡᠳᠦᠯᠭᠡ ᠶᠢᠨ ᠠᠷᠭ᠎ᠠ ᠵᠠᠮ ᠪᠠ ᠠᠷᠭ᠎ᠠ ᠶᠢ ᠥᠷᠭᠡᠳᠬᠡᠨ᠎ᠡ᠃ ᠲᠠᠶᠢᠯᠪᠤᠷᠢᠯᠠᠬᠤ ᠰᠢᠰᠲ᠋ᠧᠮ ᠤᠨ ᠲᠠᠯ᠎ᠠ ᠪᠠᠷ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠪᠦᠲᠦᠭᠡᠯᠴᠢ ᠴᠢᠨᠠᠷᠲᠠᠢ ᠬᠤᠪᠢᠷᠠᠭᠤᠯᠬᠤ᠂ ᠰᠢᠨ᠎ᠡ ᠶᠢ ᠡᠭᠦᠳᠦᠨ ᠬᠥᠭᠵᠢᠭᠦᠯᠬᠦ ᠶᠢ ᠠᠬᠢᠭᠤᠯᠵᠤ᠂ ᠰᠣᠶᠣᠯ ᠤᠨ ᠥᠪ ᠢ ᠬᠤᠪᠢᠷᠠᠭᠤᠯᠬᠤ ᠠᠷᠭ᠎ᠠ ᠵᠠᠮ ᠢ ᠥᠷᠭᠡᠳᠬᠡᠨ᠂ ᠥᠩᠭᠡᠷᠡᠭᠰᠡᠨ ᠤ ᠵᠠᠰᠠᠭ ᠵᠠᠬᠢᠷᠭᠠᠨ ᠤ ᠣᠷᠣᠨ ᠬᠤᠪᠢᠶᠠᠷᠢᠯᠠᠯ ᠪᠠ ᠥᠪ ᠤᠨ ᠲᠦᠷᠦᠯ ᠭᠡᠯᠪᠡᠷᠢ ᠶᠢᠨ ᠪᠠᠬᠢᠯᠡᠯᠲᠡ ᠶᠢ ᠰᠢᠪᠲᠤᠯᠵᠤ᠂ ᠰᠢᠰᠲ᠋ᠧᠮᠲᠦ ᠴᠢᠨᠠᠷᠲᠠᠢ ᠬᠠᠷᠠᠭᠠᠰᠤ ᠠᠴᠠ ᠰᠣᠶᠣᠯ ᠤᠨ ᠥᠪ ᠢ ︽ᠬᠠᠮᠠᠭᠠᠯᠠᠬᠤ — ᠲᠠᠶᠢᠯᠪᠤᠷᠢᠯᠠᠬᠤ — ᠤᠯᠠᠮᠵᠢᠯᠠᠬᠤ︾ ᠶᠢ ᠰᠢᠢᠳᠪᠦᠷᠢᠯᠡᠬᠦ ᠲᠥᠰᠥᠯ ᠭᠠᠷᠭᠠᠨ᠂ ᠰᠣᠶᠣᠯ ᠤᠨ ᠥᠪ ᠲᠤ ᠲᠦᠰᠢᠨ ᠳᠤᠮᠳᠠᠳᠤ ᠶᠢᠨ ᠦᠯᠢᠭᠡᠷ ᠢ ᠰᠠᠶᠢᠲᠤᠷ ᠶᠠᠷᠢᠨ᠎ᠠ᠃ ᠰᠣᠶᠣᠯ ᠤᠨ ᠥᠪ ᠤᠨ ᠰᠤᠳᠤᠯᠭᠠᠨ ᠤ ᠤᠯᠠᠨ ᠤᠯᠤᠰ ᠤᠨ ᠬᠠᠮᠲᠤᠷᠠᠯᠴᠠᠭ᠎ᠠ ᠶᠢ ᠴᠢᠩᠭᠠᠳᠬᠠᠵᠤ᠂ ᠬᠥᠮᠥᠨ ᠲᠥᠷᠥᠯᠬᠢᠲᠡᠨ ᠤ ᠪᠣᠯᠪᠠᠰᠤᠨ ᠤ ᠴᠢᠬᠤᠯᠠ ᠶᠡᠭᠡ ᠭᠤᠣᠯ ᠰᠡᠳᠦᠪ ᠪᠣᠯᠣᠨ ᠲᠡᠦᠬᠡᠨ ᠡᠭᠦᠷᠭᠡ ᠶᠢᠨ ᠲᠣᠭᠤᠷᠢᠨ ᠳᠤ᠂ ᠰᠣᠶᠣᠯ ᠤᠨ ᠥᠪ ᠤᠨ ᠣᠯᠠᠨ ᠭᠡᠯᠪᠡᠷᠢ ᠶᠢᠨ ᠶᠠᠷᠢᠯᠴᠠᠭ᠎ᠠ ᠶᠢ ᠥᠷᠭᠡᠨ ᠢᠶᠠᠷ ᠥᠷᠨᠢᠭᠦᠯᠵᠦ᠂ ᠰᠣᠶᠣᠯ ᠤᠨ ᠥᠪ ᠢ ᠳᠡᠯᠭᠡᠨ ᠦᠵᠡᠭᠦᠯᠭᠦ᠂ ᠤᠯᠠᠮᠵᠢᠯᠠᠬᠤ ᠪᠠ ᠰᠣᠯᠢᠯᠴᠠᠬᠤ ᠶᠢ ᠬᠠᠮᠲᠤ ᠪᠠᠷ ᠠᠬᠢᠭᠤᠯᠵᠤ᠂ ᠳᠡᠯᠡᠬᠡᠢ ᠶᠢᠨ ᠥᠪ ᠢᠶᠠᠷ ᠬᠠᠮᠲᠤᠷᠠᠨ ᠭᠤᠶᠤᠴᠢᠯᠠᠨ ᠮᠡᠳᠡᠭᠦᠯᠬᠦ ᠳᠤ ᠣᠶᠤᠨ ᠤ ᠲᠤᠯᠭᠠᠭᠤᠷᠢᠯᠠᠯ ᠬᠠᠩᠭᠠᠬᠤ ᠬᠡᠷᠡᠭᠲᠡᠢ᠃ ᠤᠯᠠᠨ ᠤᠯᠤᠰ ᠤᠨ ᠵᠣᠬᠢᠶᠠᠨ ᠪᠠᠶᠢᠭᠤᠯᠤᠯᠲᠠ᠂ ᠵᠠᠰᠠᠭ ᠤᠨ ᠣᠷᠳᠣᠨ ᠤ ᠪᠠᠶᠢᠭᠤᠯᠤᠮᠵᠢ ᠪᠣᠯᠣᠨ ᠶᠡᠭᠡ ᠳᠡᠭᠡᠳᠦ ᠰᠤᠷᠭᠠᠭᠤᠯᠢ ᠶᠢᠨ ᠬᠠᠮᠲᠤᠷᠠᠯᠴᠠᠭ᠎ᠠ ᠳᠤᠮᠳᠠ ᠪᠦᠭᠦ ᠪᠥᠮᠪᠥᠷᠴᠡᠭ ᠤᠨ ᠪᠣᠯᠪᠠᠰᠤᠨ ᠤ ᠶᠠᠷᠢᠯᠴᠠᠭᠠᠨ ᠤ ᠲᠣᠣᠷ ᠪᠣᠯᠣᠨ ᠨᠥᠬᠦᠷᠯᠡᠯ ᠤᠨ ᠬᠤᠯᠪᠣᠭᠠᠰᠤ ᠶᠢ ᠪᠦᠷᠢᠯᠳᠦᠭᠦᠯᠦᠨ᠎ᠡ᠃ ᠰᠢᠨᠵᠢᠯᠡᠭᠡᠨ ᠤ ᠰᠠᠯᠠᠭᠠᠨ ᠤ ᠪᠠᠶᠢᠭᠤᠯᠤᠯᠲᠠ ᠶᠢᠨ ᠲᠠᠯ᠎ᠠ ᠪᠠᠷ᠂ ᠮᠠᠨ ᠤ ᠤᠯᠤᠰ ᠤᠨ ᠰᠣᠶᠣᠯ ᠤᠨ ᠥᠪ ᠤᠨ ᠰᠤᠳᠤᠯᠤᠯ ᠤᠨ ᠰᠢᠨᠵᠢᠯᠡᠭᠡᠨ ᠤ ᠰᠢᠰᠲ᠋ᠧᠮ ᠢ ᠪᠠᠶᠢᠭᠤᠯᠵᠤ᠂ ᠰᠢᠨ᠎ᠡ ᠴᠠᠭ ᠦᠶ᠎ᠡ ᠶᠢᠨ ᠰᠣᠶᠣᠯ ᠤᠨ ᠥᠪ ᠤᠨ ᠦᠢᠯᠡᠰ ᠤᠨ ᠬᠠᠮ ᠴᠢᠳᠠᠪᠤᠷᠢᠲᠠᠨ ᠢ ᠬᠥᠮᠥᠵᠢᠭᠦᠯᠬᠦ ᠬᠡᠷᠡᠭᠲᠡᠢ᠃     ᠲᠡᠦᠬᠡ ᠶᠢᠨ ᠰᠢᠨ᠎ᠡ ᠭᠠᠷᠤᠭ᠎ᠠ ᠠᠴᠠ ᠰᠣᠶᠣᠯ ᠤᠨ ᠥᠪ ᠤᠨ ᠬᠠᠮᠠᠭᠠᠯᠠᠭᠴᠢ ᠪᠣᠯᠣᠨ ᠰᠤᠳᠤᠯᠤᠭᠴᠢ ᠰᠣᠶᠣᠯ ᠤᠨ ᠰᠢᠨ᠎ᠡ ᠲᠡᠦᠬᠡᠨ ᠡᠭᠦᠷᠭᠡ ᠶᠢ ᠡᠭᠦᠷᠭᠡᠯᠡᠵᠦ᠂ ᠳᠤᠮᠳᠠᠳᠤ ᠶᠢᠨ ᠦᠨᠳᠦᠰᠦᠲᠡᠨ ᠤ ᠦᠨᠳᠦᠰᠦ ᠪᠣᠯᠣᠨ ᠵᠣᠷᠢᠭ ᠰᠠᠨᠠᠭ᠎ᠠ ᠶᠢ ᠤᠯᠠᠮᠵᠢᠯᠠᠬᠤ ᠳᠤᠮᠳᠠ ᠰᠣᠶᠣᠯ ᠤᠨ ᠥᠪ ᠢ ᠬᠠᠮᠠᠭᠠᠯᠠᠵᠤ ᠤᠯᠠᠮᠵᠢᠯᠠᠬᠤ ᠳᠤ ᠲᠠᠰᠤᠷᠠᠯᠳᠠ ᠦᠭᠡᠢ ᠰᠢᠨ᠎ᠡ ᠶᠢ ᠡᠭᠦᠳᠴᠦ᠂ ᠳᠤᠮᠳᠠᠳᠤ ᠶᠢᠨ ᠦᠨᠳᠦᠰᠦᠲᠡᠨ ᠤ ᠤᠳᠤ ᠦᠶ᠎ᠡ ᠶᠢᠨ ᠪᠣᠯᠪᠠᠰᠤᠨ ᠢ ᠪᠠᠶᠢᠭᠤᠯᠬᠤ ᠳᠤ ᠬᠤᠪᠢ ᠨᠡᠮᠡᠷᠢ ᠦᠵᠡᠭᠦᠯᠭᠦ ᠬᠡᠷᠡᠭᠲᠡᠢ᠃
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ