ᠣᠶᠢᠷ᠎ᠠ ᠶᠢᠨ ᠡᠳᠦᠷ᠂ ᠲᠤᠭ ᠪᠠᠯᠭᠠᠰᠣᠨ ᠤ ᠮᠡᠶᠢᠷᠡᠨᠰᠦ᠋ᠮ᠎ᠡ ᠭᠠᠴᠠᠭ᠎ᠠ ︽ᠨᠠᠮ ᠢᠶᠠᠨ ᠬᠦᠷᠢᠶᠡᠯᠡᠨ ᠲᠠᠭᠠᠵᠣ ᠰᠢᠨ᠎ᠡ ᠠᠶᠠᠨ ᠳᠤ ᠡᠷᠡᠯᠬᠡᠭᠯᠡᠨ ᠣᠷᠣᠭᠰᠢᠯᠠᠵᠣ | ᠣᠮᠠᠷᠠᠲᠣ ᠬᠢᠯᠢ ᠶᠢᠨ ᠡᠮᠡᠭᠲᠡᠶᠢᠴᠦᠳ ᠰᠢᠨ᠎ᠡ ᠴᠠᠭ ᠦᠶ᠎ᠡ ᠳᠤ ᠭᠠᠪᠢᠶ᠎ᠠ ᠪᠠᠶᠢᠭᠤᠯᠬᠤ︾ ᠰᠡᠲᠣᠪᠲᠣ 3 · 8 ᠤ ᠳᠡᠯᠡᠬᠡᠢ ᠶᠢᠨ ᠭᠥᠳᠡᠯᠮᠤᠷᠢᠴᠢᠨ ᠡᠮᠡᠭᠲᠡᠶᠢᠴᠦᠳ ᠤᠨ | ᠪᠠᠶᠠᠷ ᠤᠨ ᠡᠳᠦᠷ ᠢ ᠪᠡᠯᠭᠡᠯᠡᠬᠦ ᠠᠵᠢᠯᠯᠠᠭ᠎ᠠ ᠦᠷᠨᠢᠭᠦᠯᠦᠭᠰᠡᠨ ᠪᠠᠶᠢᠨ᠎ᠠ᠃ ᠲᠤᠭ ᠪᠠᠯᠭᠠᠰᠣᠨ ᠤ ᠮᠡᠶᠢᠷᠡᠨᠰᠦ᠋ᠮ᠎ᠡ ᠭᠠᠴᠠᠭᠠᠨ ᠤ 7 ᠮᠠᠯᠵᠢᠯ ᠤᠨ ᠬᠤᠷᠰᠢᠶᠠᠨ ᠤ 200 | ᠰᠢᠬᠠᠮ ᠡᠮᠡᠭᠲᠡᠶᠢᠴᠦᠳ ᠲᠣᠰ ᠣᠳᠠᠭᠠᠨ ᠤ ᠠᠵᠢᠯᠯᠠᠭᠠᠨ ᠳᠤ ᠤᠷᠤᠯᠴᠠᠪᠠ᠃ ᠠᠵᠢᠯᠯᠠᠭᠠᠨ ᠲᠡᠭᠡᠷ᠎ᠡ ︽ᠦᠵᠡᠰᠭᠦᠯᠡᠩᠲᠣ ᠭᠡᠷ ᠪᠦᠯᠢ︾᠂ ︽ᠰᠠᠶᠢᠨ ᠡᠵᠢ︾᠂ | ︽3 · 8 ᠤ ᠣᠯᠠᠭᠠᠨ ᠲᠤᠭᠴᠢ︾᠂ ︽ᠰᠠᠶᠢᠨ ᠪᠡᠷᠢ︾᠂ ︽ᠪᠤᠯᠪᠠᠰᠤᠨ ᠡᠷᠦᠬᠡ︾᠂ ︽ᠠᠵᠢᠯᠴᠢ ᠬᠦᠳᠡᠯᠮᠦᠷᠢᠴᠢ ᠡᠷᠦᠬᠡ︾᠂ ︽ᠦᠵᠡᠰᠬᠦᠯᠡᠩᠲᠤ ᠭᠡᠷ ᠪᠦᠯᠢ︾ | ᠵᠡᠷᠭᠡ ᠨᠡᠶᠢᠲᠡ 42 ᠬᠤᠪᠢ ᠭᠥᠮᠤᠨ ᠢ ᠱᠠᠩᠨᠠᠨ ᠭᠥᠭᠢᠭᠦᠯᠵᠤ᠂ ᠦᠨᠳᠦᠷ ᠨᠠᠰᠣᠲᠠᠢ ᠡᠵᠢ ᠨᠠᠷ ᠲᠤ ᠪᠠᠨ ᠪᠠᠶᠠᠷ ᠤᠨ ᠡᠳᠦᠷ ᠤᠨ ᠮᠠᠨᠳᠦᠴᠢᠯᠡᠯ ᠲᠠᠪᠰᠢᠭᠦᠯᠭᠦ ᠶᠢᠨ | ᠬᠠᠮᠲᠤ ᠡᠯ᠎ᠡ ᠮᠠᠯᠵᠢᠯ ᠤᠨ ᠬᠤᠷᠰᠢᠶᠠᠨ ᠤ ᠤᠷᠠᠨ ᠰᠠᠶᠢᠬᠠᠨ ᠤ ᠲᠤᠭᠯᠠᠯᠲᠠ ᠶᠢᠨ ᠤᠷᠤᠯᠳᠤᠭᠠᠨ ᠢ ᠶᠠᠪᠤᠭᠳᠠᠭᠤᠯᠵᠤ ᠲᠣᠰ ᠲᠣᠰ ᠱᠠᠩᠨᠠᠨ ᠵᠤᠷᠢᠭᠵᠢᠭᠤᠯᠤᠭᠰᠠᠨ | ᠪᠠᠶᠢᠨ᠎ᠠ᠃ ᠠᠵᠢᠯᠯᠠᠭᠠᠨ ᠲᠡᠭᠡᠷ᠎ᠡ ᠪᠠᠰᠠ ᠱᠠᠭ᠎ᠠ ᠣᠷᠬᠢᠬᠤ᠂ ᠯᠠ ᠦᠯᠢᠶᠡᠬᠦ᠂ ᠫᠢᠩᠫᠠᠩ ᠪᠦᠮᠪᠦᠭᠡ ᠵᠦᠭᠡᠭᠡᠬᠦ ᠵᠡᠷᠭᠡ ᠪᠠᠶᠠᠯᠢᠭ ᠠᠭᠤᠯᠭ᠎ᠠ ᠲᠠᠢ ᠣᠷᠣᠯᠳᠣᠭᠠᠨ ᠢ | ᠵᠣᠬᠢᠶᠠᠨ ᠪᠠᠶᠢᠭᠤᠯᠵᠤ ᠳᠠᠶᠠᠭᠠᠷ ᠣᠯᠠᠨ ᠢᠶᠠᠨ ᠪᠠᠶᠠᠰᠬᠠᠭᠰᠠᠨ ᠪᠠᠶᠢᠨ᠎ᠠ᠃ ᠲᠤᠰ ᠤᠳᠠᠭᠠᠨ ᠠᠵᠢᠯᠯᠠᠭ᠎ᠠ ᠨᠢ ᠰᠢᠨ᠎ᠡ ᠴᠠᠭ ᠦᠶ᠎ᠡ ᠶᠢᠨ ᠡᠮᠡᠭᠲᠡᠶᠢᠴᠦᠳ ᠤᠨ ᠤᠶᠤᠨ | ᠤᠬᠠᠭᠠᠨ ᠭᠦᠴᠦᠨ ᠴᠢᠳᠠᠯ ᠢ ᠭᠦᠢᠴᠡᠳ ᠪᠠᠳᠠᠷᠠᠭᠤᠯᠤᠭᠰᠠᠨ ᠢᠶᠠᠷ ᠪᠠᠷᠠᠬᠤ ᠥᠭᠡᠢ ᠦᠵᠡᠰᠭᠦᠯᠡᠩᠲᠣ ᠰᠠᠶᠢᠬᠠᠨ ᠭᠡᠷ ᠣᠷᠣᠨ ᠢᠶᠠᠨ ᠪᠦᠲᠦᠭᠡᠨ ᠪᠠᠶᠢᠭᠤᠯᠬᠤ ᠪᠠ | ᠨᠣᠲᠤᠭ ᠣᠷᠣᠨ ᠤ ᠪᠠᠨ ᠬᠦᠭᠵᠢᠯᠲᠡ ᠳᠤ ᠥᠪᠠᠷ ᠤᠨ ᠭᠥᠴᠤᠨ ᠴᠢᠳᠠᠯ ᠢᠶᠠᠨ ᠡᠷᠭᠦᠭᠦ ᠶᠢ ᠣᠷᠢᠶᠠᠯᠠᠭᠰᠠᠨ ᠪᠠᠶᠢᠨ᠎ᠠ᠃ | |