ᠣᠶᠢᠷ᠎ᠠ ᠳᠤ᠂ ᠮᠠᠨ ᠤ ᠤᠯᠤᠰ ᠤᠨ ᠶᠡᠬᠡᠩᠬᠢ ᠭᠠᠵᠠᠷ ᠣᠷᠣᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠮᠴᠢᠯᠡᠭᠡᠨ ᠤ ᠳᠠᠭᠠᠳᠬᠠᠯ ᠤᠨ | ᠲᠥᠪᠯᠡᠷᠡᠭᠦᠯᠦᠨ ᠰᠦᠢᠳᠬᠡᠯ ᠲᠤᠰᠢᠶᠠᠬᠤ ᠠᠵᠢᠯ ᠵᠠᠯᠭᠠᠭ᠎ᠠ ᠪᠠᠷ ᠳᠠᠭᠤᠰᠪᠠ᠃ ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ 25 ᠤ ᠡᠳᠦᠷ | ᠡᠮᠴᠢᠯᠡᠭᠡᠨ ᠤ ᠳᠠᠭᠠᠳᠬᠠᠯ ᠤᠨ ᠰᠦᠢᠳᠬᠡᠯ ᠲᠤᠰᠢᠶᠠᠬᠤ ᠲᠤᠬᠠᠢ ᠬᠤᠯᠪᠣᠭᠳᠠᠯ ᠪᠦᠬᠦᠢ ᠠᠩᠬᠠᠷᠤᠯ ᠴᠡᠭ ᠲᠤ ᠬᠠᠷᠢᠭᠤᠯᠲᠠ ᠥᠭᠪᠡ᠃ | 2003 ᠣᠨ ᠳᠤ ︽ᠬᠥᠳᠡᠭᠡ ᠲᠣᠰᠬᠤᠨ ᠤ ᠰᠢᠨ᠎ᠡ ᠬᠡᠯᠪᠡᠷᠢ ᠶᠢᠨ ᠬᠤᠷᠰᠢᠭᠰᠠᠨ ᠡᠮᠴᠢᠯᠡᠭᠡᠨ ᠤ ᠳᠠᠭᠠᠳᠬᠠᠯ︾ ᠪᠠᠶᠢᠭᠤᠯᠤᠭᠳᠠᠬᠤ ᠦᠶ᠎ᠡ ᠶᠢᠨ ᠬᠦᠮᠦᠨ ᠪᠦᠷᠢ | 10 ᠲᠥᠭᠦᠷᠢᠭ ᠤᠨ ᠰᠦᠢᠳᠬᠡᠯ ᠲᠤᠰᠢᠶᠠᠬᠤ ᠪᠠᠷᠢᠮᠵᠢᠶ᠎ᠠ ᠠᠴᠠ ᠣᠳᠣ ᠶᠢᠨ ᠬᠦᠮᠦᠨ ᠪᠦᠷᠢ 380 ᠲᠥᠭᠦᠷᠢᠭ ᠤᠨ ᠰᠠᠭᠤᠭᠠᠯᠢ ᠠᠷᠠᠳ ᠤᠨ ᠡᠮᠴᠢᠯᠡᠭᠡᠨ ᠤ | ᠳᠠᠭᠠᠳᠬᠠᠯ ᠤᠨ ᠰᠦᠢᠳᠬᠡᠯ ᠲᠤᠰᠢᠶᠠᠬᠤ ᠪᠠᠷᠢᠮᠵᠢᠶ᠎ᠠ ᠬᠦᠷᠲᠡᠯᠡᠬᠢ 370 ᠲᠥᠭᠦᠷᠢᠭ ᠤᠨ ᠨᠡᠮᠡᠭᠳᠡᠯ ᠨᠢ ᠵᠣᠬᠢᠰᠲᠠᠢ ᠦᠦ ᠦᠭᠡᠢ ᠦᠦ︖ ᠠᠷᠠᠳ ᠤᠯᠠᠨ ᠳᠤ ᠶᠠᠭᠤ | ᠠᠪᠴᠢᠷᠠᠵᠤ ᠥᠭᠭᠦᠭᠰᠡᠨ ᠪᠤᠢ︖ | ᠰᠢᠨ᠎ᠡ ᠡᠮ ᠢ ᠡᠮᠴᠢᠯᠡᠭᠡᠨ ᠤ ᠪᠠᠲᠤᠯᠠᠭ᠎ᠠ ᠶᠢᠨ ᠬᠡᠪᠴᠢᠶ᠎ᠡ ᠳᠤ ᠣᠷᠣᠭᠤᠯᠵᠤ ᠪᠠᠲᠤᠯᠠᠭ᠎ᠠ ᠶᠢᠨ ᠬᠡᠪᠴᠢᠶ᠎ᠡ ᠶᠢ ᠦᠷᠭᠦᠯᠵᠢᠯᠡᠨ ᠥᠷᠭᠡᠳᠬᠡᠪᠡ | 10 ᠲᠥᠭᠦᠷᠢᠭ ᠠᠴᠠ 380 ᠲᠥᠭᠦᠷᠢᠭ ᠬᠦᠷᠲᠡᠯᠡᠬᠢ ᠨᠡᠮᠡᠭᠳᠡᠯ ᠳᠤ ᠴᠢᠭᠯᠡᠭᠦᠯᠦᠨ᠂ ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠶᠢᠨ | ᠬᠤᠯᠪᠣᠭᠳᠠᠯ ᠪᠦᠬᠦᠢ ᠵᠤᠷᠭᠠᠨ ᠤ ᠬᠠᠷᠢᠭᠤᠴᠠᠯᠭᠠᠲᠠᠨ ᠢᠯᠡᠷᠬᠡᠶᠢᠯᠡᠬᠦ ᠳᠤ ᠪᠠᠨ᠂ ᠡᠮᠴᠢᠯᠡᠭᠡᠨ ᠤ ᠳᠠᠭᠠᠳᠬᠠᠯ ᠤᠨ ᠪᠡᠯᠡ ᠴᠤᠭᠯᠠᠭᠤᠯᠬᠤ ᠪᠠᠷᠢᠮᠵᠢᠶ᠎ᠠ ᠳᠡᠭᠡᠭᠰᠢᠯᠡᠭᠰᠡᠨ ᠨᠢ | ᠡᠮᠴᠢᠯᠡᠭᠡᠨ ᠤ ᠳᠠᠭᠠᠳᠬᠠᠯ ᠤᠨ ᠦᠢᠯᠡᠴᠢᠯᠡᠭᠡᠨ ᠤ ᠲᠦᠪᠰᠢᠨ ᠨᠠᠩ ᠶᠡᠭᠡ ᠬᠡᠮᠵᠢᠶ᠎ᠡ ᠪᠠᠷ ᠳᠡᠭᠡᠭᠰᠢᠯᠡᠭᠰᠡᠨ ᠠᠴᠠ ᠪᠣᠯᠵᠠᠢ ᠭᠡᠪᠡ᠃ | 2003 ᠣᠨ ᠳᠤ ︽ᠬᠥᠳᠡᠭᠡ ᠲᠣᠰᠬᠤᠨ ᠤ ᠰᠢᠨ᠎ᠡ ᠬᠡᠯᠪᠡᠷᠢ ᠶᠢᠨ ᠬᠤᠷᠰᠢᠭᠰᠠᠨ ᠡᠮᠴᠢᠯᠡᠭᠡᠨ ᠤ ᠳᠠᠭᠠᠳᠬᠠᠯ︾ ᠪᠠᠶᠢᠭᠤᠯᠤᠭᠳᠠᠭᠰᠠᠨ ᠡᠬᠢᠨ ᠤ | ᠬᠤᠭᠤᠴᠠᠭᠠᠨ ᠳᠤ 300 ᠭᠠᠷᠦ᠋ᠢᠬᠠᠨ ᠡᠮ ᠤᠨ ᠵᠦᠢᠯ ᠢ ᠳᠠᠩᠰᠠ ᠲᠠᠶᠢᠯᠬᠤ ᠪᠠᠶᠢᠭᠰᠠᠨ ᠪᠣᠯ ᠣᠲᠣ 3088 ᠵᠦᠢᠯ ᠤᠨ ᠡᠮ ᠤᠨ ᠵᠦᠢᠯ ᠢ ᠡᠮᠴᠢᠯᠡᠭᠡᠨ ᠤ | ᠳᠠᠭᠠᠳᠬᠠᠯ ᠳᠤ ᠣᠷᠣᠭᠤᠯᠵᠠᠢ︔ ᠴᠥᠭᠡᠨ ᠪᠤᠰᠤ ᠬᠠᠪᠤᠳᠠᠷ᠂ ᠬᠤᠪᠣᠷ ᠲᠣᠬᠢᠶᠠᠯᠳᠤᠬᠤ ᠡᠪᠡᠳᠴᠢᠨ ᠳᠤ ᠬᠡᠷᠡᠭᠯᠡᠬᠦ ᠡᠮ ︽ᠰᠢᠪᠲᠤᠯᠤᠯᠲᠠ︾ ᠲᠠᠢ ᠪᠣᠯᠵᠤ᠂ ᠲᠣᠰ | ᠲᠣᠰ 74 ᠵᠦᠢᠯ᠂ 80 ᠭᠠᠷᠤᠢ ᠵᠦᠢᠯ ᠢ ᠡᠮᠴᠢᠯᠡᠭᠡᠨ ᠤ ᠳᠠᠭᠠᠳᠬᠠᠯ ᠤᠨ ᠬᠡᠪᠴᠢᠶᠡᠨ ᠳᠤ ᠣᠷᠣᠭᠤᠯᠵᠠᠢ ᠁ ᠣᠶᠢᠷ᠎ᠠ ᠶᠢᠨ ᠵᠢᠯ ᠤᠳ ᠲᠤ᠂ ᠨᠠᠩ ᠣᠯᠠᠨ | ᠡᠪᠡᠳᠴᠢᠲᠡᠳ ᠡᠮ ᠬᠤᠳᠠᠯᠳᠤᠨ ᠠᠪᠴᠤ ᠳᠡᠶᠢᠯᠬᠦ᠂ ᠡᠮ ᠤᠤᠭᠤᠵᠤ ᠳᠡᠶᠢᠯᠬᠦ ᠪᠣᠯᠵᠠᠢ᠃ | ᠪᠠᠮᠪᠠᠢ ᠪᠤᠯᠴᠢᠷᠬᠠᠢ ᠶᠢᠨ ᠡᠳ᠋ ᠤᠨ ᠤᠭᠤᠷᠠᠭ ᠤᠨ ᠴᠠᠷᠳᠠᠭᠤᠯ ᠬᠡᠯᠪᠡᠷᠢᠲᠦ ᠬᠤᠪᠢᠷᠠᠯᠲᠠ ᠲᠠᠢ ᠡᠪᠡᠳᠴᠢᠲᠡᠨ ᠪᠣᠯ ᠳᠠᠷᠤᠢ ᠠᠰᠢᠭ ᠬᠥᠷᠲᠡᠭᠴᠢᠳ ᠤᠨ ᠨᠢᠭᠡ ᠨᠢ | ᠮᠥᠨ᠂ ᠲᠡᠳᠡᠨ ᠢ ᠪᠠᠰᠠ ︽ᠴᠠᠷᠳᠠᠭᠤᠯ ᠬᠥᠮᠥᠨ︾ ᠭᠡᠳᠡᠭ᠂ ᠬᠡᠳᠤᠢ ᠪᠠᠷ ᠡᠮᠨᠡᠨ ᠵᠠᠰᠠᠬᠤ ᠳᠤ ᠬᠡᠷᠡᠭᠯᠡᠬᠦ ᠡᠮ ᠾᠯᠣᠷᠲᠤ ᠪᠧᠨ᠋ᠽᠧᠨ᠋ᠽᠤᠯ ᠬᠦᠴᠢᠯ ᠢ 2020 | ᠣᠨ ᠳᠤ ᠤᠯᠤᠰ ᠤᠨ ᠳᠣᠲᠣᠭᠠᠳᠤ ᠳᠤ ᠵᠠᠬ᠎ᠠ ᠳᠡᠯᠭᠡᠭᠦᠷ ᠲᠤ ᠭᠠᠷᠭᠠᠭᠰᠠᠨ ᠪᠣᠯᠪᠠᠴᠤ ᠬᠠᠶᠢᠷᠴᠠᠭ ᠪᠦᠷᠢ ᠶᠢᠨ ᠦᠨ᠎ᠡ ᠨᠢ ᠬᠠᠷᠢᠨ 6 ᠲᠦᠮᠡᠨ ᠲᠥᠭᠦᠷᠢᠭ ᠲᠤ | ᠬᠦᠷᠴᠦ᠂ ᠴᠥᠭᠡᠨ ᠪᠤᠰᠤ ᠡᠪᠡᠳᠴᠢᠲᠡᠳ ᠢ ᠵᠣᠷᠢᠭ ᠮᠣᠬᠤᠭᠠᠬᠤ ᠳᠤ ᠬᠦᠷᠦᠭᠦᠯᠳᠡᠭ᠃ | ︽2021 ᠣᠨ ᠳᠤ ᠾᠯᠣᠷᠲᠤ ᠪᠧᠨ᠋ᠽᠧᠨ᠋ᠽᠤᠯ ᠬᠦᠴᠢᠯ ᠤᠨ ᠬᠡᠯᠡᠯᠴᠡᠭᠡ ᠠᠮᠵᠢᠯᠲᠠ ᠣᠯᠵᠤ᠂ ᠣᠳᠣ ᠡᠪᠡᠳᠴᠢᠲᠡᠨ ᠤ ᠰᠠᠷ᠎ᠠ ᠪᠦᠷᠢ ᠶᠢᠨ ᠡᠮ ᠬᠡᠷᠡᠭᠯᠡᠬᠦ | ᠵᠠᠷᠤᠳᠠᠯ 3000 ᠲᠥᠭᠦᠷᠢᠭ ᠴᠦ ᠬᠦᠷᠬᠦ ᠦᠭᠡᠢ ᠪᠣᠯᠵᠠᠢ᠃︾ ᠪᠡᠭᠡᠵᠢᠩ ᠤᠨ ᠰᠢᠶᠧ ᠾᠧ ᠡᠮᠨᠡᠯᠭᠡ ᠶᠢᠨ ᠬᠤᠷᠢᠶᠠᠨ ᠤ ᠵᠢᠷᠦᠬᠡᠨ ᠤ ᠳᠣᠲᠣᠷ ᠰᠠᠯᠠᠭᠠᠨ ᠤ | ᠡᠷᠬᠢᠯᠡᠭᠴᠢ ᠡᠮᠴᠢ ᠲᠢᠶᠠᠨ ᠵᠤᠸᠠᠩ ᠤᠨ ᠲᠠᠨᠢᠯᠴᠠᠭᠤᠯᠤᠭᠰᠠᠨ ᠢᠶᠠᠷ᠂ ᠡᠨᠡ ᠬᠤᠶᠠᠷ ᠵᠢᠯ ᠳᠤ ᠮᠠᠰᠢ ᠣᠯᠠᠨ ᠰᠢᠨ᠎ᠡ ᠡᠮ᠂ ᠰᠠᠶᠢᠨ ᠡᠮ ᠢ ᠡᠮᠴᠢᠯᠡᠭᠡᠨ ᠤ | ᠳᠠᠭᠠᠳᠬᠠᠯ ᠳᠤ ᠣᠷᠣᠭᠤᠯᠬᠤ ᠬᠤᠷᠳᠤᠴᠠ ᠲᠦᠷᠭᠡᠳᠴᠦ᠂ ᠤᠯᠤᠰ ᠤᠨ ᠳᠣᠲᠣᠭᠠᠳᠤ ᠳᠤ ᠵᠠᠬ᠎ᠠ ᠳᠡᠯᠭᠡᠭᠦᠷ ᠲᠤ ᠭᠠᠷᠤᠭᠰᠠᠨ ᠤ ᠳᠠᠷᠠᠭ᠎ᠠ ᠤᠳᠠᠯ ᠦᠭᠡᠢ ᠲᠣᠭᠲᠠᠭᠠᠯ | ᠶᠣᠰᠣ ᠪᠠᠷ ᠡᠮᠴᠢᠯᠡᠭᠡᠨ ᠤ ᠳᠠᠭᠠᠳᠬᠠᠯ ᠤᠨ ᠭᠠᠷᠴᠠᠭ ᠲᠤ ᠣᠷᠣᠭᠤᠯᠵᠤ᠂ ᠡᠪᠡᠳᠴᠢᠲᠡᠳ ᠲᠤ ᠪᠤᠶᠠᠨ ᠦᠢᠯᠡᠳᠦᠨ᠎ᠡ ᠭᠡᠵᠡᠢ᠃ | 2024 ᠣᠨ ᠤ ᠡᠬᠢᠨ ᠳᠤ᠂ ᠬᠠᠮᠤᠭ ᠤᠨ ᠰᠢᠨ᠎ᠡ ᠡᠮᠴᠢᠯᠡᠭᠡᠨ ᠤ ᠳᠠᠭᠠᠳᠬᠠᠯ ᠤᠨ ᠡᠮ ᠤᠨ ᠵᠦᠢᠯ ᠤᠨ ᠭᠠᠷᠴᠠᠭ ᠢ ᠨᠡᠶᠢᠲᠡᠯᠡᠵᠦ᠂ ᠡᠭᠦᠨ ᠳᠤ ᠬᠠᠪᠤᠳᠠᠷ ᠲᠤ | ᠬᠡᠷᠡᠭᠯᠡᠬᠦ ᠡᠮ᠂ ᠤᠵᠢᠭ ᠡᠪᠡᠳᠴᠢᠨ ᠳᠤ ᠬᠡᠷᠡᠭᠯᠡᠬᠦ ᠡᠮ᠂ ᠬᠤᠪᠣᠷ ᠲᠣᠬᠢᠶᠠᠯᠳᠤᠬᠤ ᠡᠪᠡᠳᠴᠢᠨ ᠳᠤ ᠬᠡᠷᠡᠭᠯᠡᠬᠦ ᠡᠮ ᠵᠡᠷᠭᠡ 126 ᠵᠦᠢᠯ ᠤᠨ ᠰᠢᠨ᠎ᠡ ᠡᠮ ᠢ | ᠡᠮᠴᠢᠯᠡᠭᠡᠨ ᠤ ᠳᠠᠭᠠᠳᠬᠠᠯ ᠳᠤ ᠣᠷᠣᠭᠤᠯᠪᠠ᠃ | ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠶᠢᠨ ᠬᠤᠯᠪᠣᠭᠳᠠᠯ ᠪᠦᠬᠦᠢ ᠵᠤᠷᠭᠠᠨ ᠤ ᠬᠠᠷᠢᠭᠤᠴᠠᠯᠭᠠᠲᠠᠨ ᠤ ᠲᠠᠨᠢᠯᠴᠠᠭᠤᠯᠤᠭᠰᠠᠨ ᠢᠶᠠᠷ᠂ | ᠣᠳᠣᠬᠠᠨ ᠳᠤ᠂ ᠮᠠᠨ ᠤ ᠤᠯᠤᠰ ᠤᠨ ᠡᠮᠴᠢᠯᠡᠭᠡᠨ ᠤ ᠳᠠᠭᠠᠳᠬᠠᠯ ᠤᠨ ᠡᠮ ᠤᠨ ᠵᠦᠢᠯ ᠤᠨ ᠭᠠᠷᠴᠠᠭ ᠲᠤ ᠪᠠᠭᠲᠠᠭᠠᠭᠰᠠᠨ ᠨᠢ ᠨᠢᠭᠡᠨᠲᠡ ᠠᠯᠪᠠᠨ ᠤ ᠪᠠᠶᠢᠭᠤᠯᠤᠭᠰᠠᠨ | ᠡᠮᠴᠢᠯᠡᠭᠡᠨ ᠤ ᠪᠠᠶᠢᠭᠤᠯᠤᠮᠵᠢ ᠶᠢᠨ ᠬᠡᠷᠡᠭᠯᠡᠬᠦ ᠡᠮ ᠤᠨ ᠵᠣᠭᠤᠰ ᠤᠨ 90% ᠠᠴᠠ ᠳᠡᠭᠡᠭᠰᠢ ᠲᠦᠷᠦᠯ ᠢ ᠪᠦᠷᠬᠦᠵᠡᠢ᠃ ᠵᠥᠪᠬᠡᠨ 2023 ᠣᠨ ᠤ ᠵᠥᠪᠯᠡᠯᠴᠡᠭᠡ | ᠬᠢᠬᠦ ᠬᠤᠭᠤᠴᠠᠭᠠᠨ ᠳᠠᠬᠢ ᠬᠡᠯᠡᠯᠴᠡᠭᠡᠷ ᠤᠨ ᠡᠮ ᠤᠨ ᠦᠨ᠎ᠡ ᠶᠢ ᠳᠠᠪᠬᠤᠴᠠᠭᠤᠯᠤᠨ ᠪᠠᠭᠤᠷᠠᠭᠤᠯᠤᠭᠰᠠᠨ ᠪᠠ ᠡᠮᠴᠢᠯᠡᠭᠡᠨ ᠤ ᠳᠠᠭᠠᠳᠬᠠᠯ ᠤᠨ ᠲᠠᠩᠰᠠ | ᠲᠠᠶᠢᠯᠤᠭᠰᠠᠨ ᠨᠢ ᠡᠪᠡᠳᠴᠢᠲᠡᠨ ᠤ ᠳᠠᠷᠤᠭᠠᠰᠤ ᠶᠢ ᠨᠢᠭᠡᠨᠲᠡ 2000 ᠳ᠋ᠦᠩᠰᠢᠭᠤᠷ ᠲᠥᠭᠦᠷᠢᠭ ᠠᠴᠠ ᠳᠡᠭᠡᠭᠰᠢ ᠬᠥᠩᠭᠡᠷᠡᠭᠦᠯᠪᠡ ᠭᠡᠵᠡᠢ᠃ | ᠡᠮᠴᠢᠯᠡᠭᠡᠨ ᠤ ᠪᠠᠲᠤᠯᠠᠭ᠎ᠠ ᠶᠢᠨ ᠦᠷᠭᠦᠯᠵᠢᠯᠡᠨ ︽ᠬᠡᠪᠴᠢᠶ᠎ᠡ ᠪᠠᠨ ᠥᠷᠭᠡᠳᠬᠡᠬᠦ︾ ᠶᠢ ᠳᠠᠭᠠᠯᠳᠤᠨ᠂ ᠣᠲᠣ ᠦᠶ᠎ᠡ ᠶᠢᠨ ᠠᠨᠠᠭᠠᠬᠤ ᠤᠬᠠᠭᠠᠨ ᠤ | ᠪᠠᠶᠢᠴᠠᠭᠠᠯᠲᠠ ᠶᠢᠨ ᠣᠨᠣᠰᠢᠯᠠᠨ ᠡᠮᠴᠢᠯᠡᠬᠦ ᠮᠡᠷᠭᠡᠵᠢᠯ ᠴᠦ ᠨᠠᠩ ᠰᠠᠶᠢᠨ ᠪᠣᠯᠵᠤ᠂ ᠡᠪᠡᠳᠬᠦ ᠦᠭᠡᠢ ᠮᠡᠰᠡ ᠵᠠᠰᠠᠯ᠂ ᠪᠠᠭ᠎ᠠ ᠰᠢᠷᠬᠠᠨ ᠤ ᠮᠡᠰᠡ ᠵᠠᠰᠠᠯ ᠵᠡᠷᠭᠡ | ᠣᠨᠣᠰᠢᠯᠠᠨ ᠡᠮᠴᠢᠯᠡᠬᠦ ᠮᠡᠷᠭᠡᠵᠢᠯ ᠡᠳᠦᠷ ᠢᠷᠡᠬᠦᠶ᠎ᠡ ᠲᠥᠭᠡᠮᠡᠯᠵᠢᠯᠡᠭᠳᠡᠵᠦ ᠪᠠᠶᠢᠭ᠎ᠠ ᠪᠦᠭᠡᠳ ᠡᠮᠴᠢᠯᠡᠭᠡᠨ ᠤ ᠳᠠᠭᠠᠳᠬᠠᠯ ᠤᠨ ᠲᠠᠩᠰᠠ ᠲᠠᠶᠢᠯᠬᠤ ᠬᠡᠪᠴᠢᠶᠡᠨ ᠳᠤ | ᠣᠷᠣᠭᠰᠠᠨ ᠪᠠᠶᠢᠨ᠎ᠠ᠃ | ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠶᠢᠨ ᠬᠤᠯᠪᠣᠭᠳᠠᠯ ᠪᠦᠬᠦᠢ ᠵᠤᠷᠭᠠᠨ ᠤ ᠬᠠᠷᠢᠭᠤᠴᠠᠯᠭᠠᠲᠠᠨ ᠲᠠᠨᠢᠯᠴᠠᠭᠤᠯᠬᠤ ᠳᠤ ᠪᠠᠨ᠂ ᠲᠠᠰᠤᠷᠠᠯᠲᠠ | ᠦᠭᠡᠢ ᠲᠡᠭᠦᠯᠳᠡᠷᠵᠢᠵᠦ ᠪᠠᠶᠢᠭ᠎ᠠ ᠡᠮᠴᠢᠯᠡᠭᠡᠨ ᠤ ᠳᠠᠭᠠᠳᠬᠠᠯ ᠤᠨ ᠳᠦᠷᠢᠮ ᠠᠴᠠ ᠪᠣᠯᠵᠤ᠂ ᠪᠥᠬᠦ ᠤᠯᠤᠰ ᠤᠨ ᠰᠠᠭᠤᠭᠠᠯᠢ ᠠᠷᠠᠳ ᠤᠨ ᠡᠪᠡᠳᠴᠢᠨ ᠦᠵᠡᠭᠦᠯᠬᠦ | ᠬᠡᠷᠡᠭᠴᠡᠭᠡ ᠱᠠᠭᠠᠷᠳᠠᠯᠭ᠎ᠠ ᠲᠦᠷᠭᠡᠨ ᠢᠶᠠᠷ ᠰᠤᠯᠠᠯᠠᠭᠳᠠᠵᠤ᠂ ᠡᠷᠡᠭᠦᠯ ᠮᠡᠨᠳᠦ ᠶᠢᠨ ᠲᠦᠪᠰᠢᠨ ᠢᠯᠡᠳᠲᠡ ᠳᠡᠭᠡᠭᠰᠢᠯᠡᠵᠡᠢ ᠭᠡᠪᠡ᠃ | ᠪᠦᠷᠢᠳᠬᠡᠯ ᠢ ᠦᠨᠳᠦᠰᠦᠯᠡᠪᠡᠯ᠂ 2003 ᠣᠨ ᠠᠴᠠ 2022 ᠣᠨ ᠪᠣᠯᠲᠠᠯ᠎ᠠ᠂ ᠮᠠᠨ ᠤ ᠤᠯᠤᠰ ᠤᠨ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ | ᠣᠨᠣᠰᠢᠯᠠᠨ ᠡᠮᠴᠢᠯᠡᠭᠰᠡᠨ ᠶᠡᠷᠦᠩᠬᠡᠢ ᠬᠥᠮᠥᠨ ᠤ ᠲᠤᠭ᠎ᠠ 20.96 ᠳ᠋ᠦᠩᠰᠢᠭᠤᠷ ᠬᠥᠮᠥᠨ ᠤᠳᠠᠭ᠎ᠠ ᠠᠴᠠ ᠨᠡᠮᠡᠭᠳᠡᠭᠡᠳ 84.2 ᠳ᠋ᠦᠩᠰᠢᠭᠤᠷ ᠬᠥᠮᠥᠨ ᠤᠳᠠᠭ᠎ᠠ ᠳᠤ | ᠬᠦᠷᠴᠡᠢ︔ ᠡᠭᠦᠨ ᠤ ᠵᠡᠷᠭᠡ ᠳᠤ᠂ ᠬᠤᠪᠢ ᠬᠥᠮᠥᠨ ᠤ ᠡᠷᠡᠭᠦᠯ ᠬᠠᠮᠠᠭᠠᠯᠠᠯ ᠤᠨ ᠵᠠᠷᠤᠯᠭ᠎ᠠ ᠶᠢᠨ ᠪᠥᠬᠦ ᠤᠯᠤᠰ ᠤᠨ ᠡᠷᠡᠭᠦᠯ ᠬᠠᠮᠠᠭᠠᠯᠠᠯ ᠤᠨ ᠶᠡᠷᠦᠩᠬᠡᠢ ᠵᠠᠷᠤᠳᠠᠯ ᠳᠤ | ᠡᠵᠡᠯᠡᠬᠦ ᠬᠤᠪᠢ ᠶᠢᠨ ᠵᠢᠩ ᠨᠢ 2003 ᠣᠨ ᠳᠤ 55.8% ᠪᠠᠶᠢᠭᠰᠠᠨ ᠠᠴᠠ ᠪᠠᠨ 2022 ᠣᠨ ᠳᠤ 27.0% ᠪᠣᠯᠲᠠᠯ᠎ᠠ ᠪᠠᠭᠤᠷᠠᠪᠠ᠃ | ᠲᠣᠰ ᠬᠠᠷᠢᠭᠤᠴᠠᠯᠭᠠᠲᠠᠨ ᠢᠯᠡᠷᠬᠡᠶᠢᠯᠡᠬᠦ ᠳᠤ ᠪᠠᠨ᠂ ᠮᠠᠨ ᠤ ᠤᠯᠤᠰ ᠤᠨ ᠬᠥᠮᠥᠨ ᠠᠮᠠ ᠶᠢᠨ ᠨᠠᠰᠤᠵᠢᠯᠲᠠ ᠶᠢᠨ ᠭᠦᠨᠵᠡᠭᠡᠶᠢᠷᠡᠬᠦ᠂ ᠣᠯᠠᠨ ᠲᠦᠮᠡᠨ ᠤ | ᠡᠮᠴᠢᠯᠡᠭᠡᠨ ᠤ ᠬᠡᠷᠡᠭᠴᠡᠭᠡ ᠳᠡᠭᠡᠭᠰᠢᠯᠡᠬᠦ᠂ ᠡᠮᠴᠢᠯᠡᠭᠡᠨ ᠤ ᠬᠡᠷᠡᠭᠯᠡᠭᠡ ᠶᠢᠨ ᠲᠦᠪᠰᠢᠨ ᠳᠡᠭᠡᠭᠰᠢᠯᠡᠬᠦ ᠶᠢ ᠳᠠᠭᠠᠯᠳᠤᠨ᠂ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ | ᠴᠤᠭᠯᠠᠭᠤᠯᠬᠤ ᠠᠵᠢᠯ ᠢ ᠴᠢᠩᠭᠠᠳᠬᠠᠵᠤ᠂ ᠣᠯᠠᠨ ᠲᠦᠮᠡᠨ ᠳᠤ ᠲᠣᠭᠲᠠᠭᠤᠨ ᠪᠥᠭᠡᠳ ᠦᠷᠭᠦᠯᠵᠢᠯᠡᠬᠦ᠋ᠢᠴᠡ ᠪᠠᠲᠤᠯᠠᠭ᠎ᠠ ᠬᠠᠩᠭᠠᠬᠤ ᠴᠢᠬᠤᠯᠠᠲᠠᠢ ᠪᠠᠶᠢᠨ᠎ᠠ ᠭᠡᠵᠡᠢ᠃ | ᠥᠪᠡᠰᠦᠪᠡᠨ ᠲᠥᠯᠥᠬᠦ ᠳᠠᠷᠤᠭᠠᠰᠤ ᠶᠢ ᠬᠥᠩᠭᠡᠯᠡᠵᠦ ᠡᠮᠴᠢᠯᠡᠭᠡᠨ ᠤ ᠳᠠᠭᠠᠳᠬᠠᠯ ᠤᠨ ᠲᠠᠩᠰᠠ ᠲᠠᠶᠢᠯᠬᠤ ᠬᠠᠷᠢᠴᠠᠯ ᠶᠠᠪᠤᠬᠤ ᠳᠣᠲᠣᠮ ᠳᠡᠭᠡᠭᠰᠢᠯᠡᠪᠡ | ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠰᠢᠨ᠎ᠡ ᠨᠡᠶᠢᠲᠡᠯᠡᠭᠰᠡᠨ ︽2022 ᠣᠨ ᠤ ᠮᠠᠨ ᠤ ᠤᠯᠤᠰ ᠤᠨ ᠡᠷᠡᠭᠦᠯ ᠬᠠᠮᠠᠭᠠᠯᠠᠯ | ᠡᠷᠡᠭᠦᠯ ᠮᠡᠨᠳᠦ ᠶᠢᠨ ᠦᠢᠯᠡᠰ ᠤᠨ ᠬᠥᠭᠵᠢᠯᠲᠡ ᠶᠢᠨ ᠪᠦᠷᠢᠳᠬᠡᠯ ᠤᠨ ᠠᠯᠪᠠᠨ ᠮᠡᠳᠡᠭᠡ︾ ᠶᠢ ᠦᠨᠳᠦᠰᠦᠯᠡᠪᠡᠯ᠂ 2022 ᠣᠨ ᠳᠤ ᠪᠥᠬᠦ ᠤᠯᠤᠰ ᠤᠨ ᠡᠮᠴᠢᠯᠡᠭᠡ | ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠡᠭᠦᠳᠡᠨ ᠡᠮᠨᠡᠯᠭᠡ ᠳᠤ ᠣᠨᠣᠰᠢᠯᠠᠨ ᠡᠮᠴᠢᠯᠡᠭᠦᠯᠦᠭᠰᠡᠨ ᠬᠦᠮᠦᠨ ᠤᠳᠠᠭ᠎ᠠ 84.2 ᠳ᠋ᠦᠩᠰᠢᠭᠤᠷ ᠲᠤ ᠬᠦᠷᠴᠦ᠂ | ᠳᠤᠮᠳᠠᠴᠢ ᠪᠠᠷ ᠬᠥᠮᠥᠨ ᠪᠦᠷᠢ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠳᠤ 6 ᠤᠳᠠᠭ᠎ᠠ ᠡᠮᠨᠡᠭᠦᠯᠵᠦ᠂ ᠪᠥᠬᠦ ᠤᠯᠤᠰ ᠤᠨ ᠡᠮᠴᠢᠯᠡᠭᠡ ᠡᠷᠡᠭᠦᠯ | ᠬᠠᠮᠠᠭᠠᠯᠠᠯ ᠤᠨ ᠪᠠᠶᠢᠭᠤᠯᠤᠮᠵᠢ ᠳᠤ ᠡᠮᠨᠡᠯᠭᠡ ᠳᠤ ᠰᠠᠭᠤᠭᠰᠠᠨ ᠬᠦᠮᠦᠨ ᠤᠳᠠᠭ᠎ᠠ 2.47 ᠳ᠋ᠦᠩᠰᠢᠭᠤᠷ ᠲᠤ ᠬᠦᠷᠴᠦ᠂ ᠡᠮᠨᠡᠯᠭᠡ ᠳᠤ ᠰᠠᠭᠤᠭᠰᠠᠨ ᠤᠳᠠᠭ᠎ᠠ | ᠪᠦᠷᠢ ᠶᠢᠨ ᠳᠤᠮᠳᠠᠴᠢ ᠵᠠᠷᠤᠳᠠᠯ 10860.6 ᠲᠥᠭᠦᠷᠢᠭ ᠲᠤ ᠬᠦᠷᠴᠡᠢ᠃ | ᠰᠠᠭᠤᠭᠠᠯᠢ ᠠᠷᠠᠳ ᠤᠨ ᠡᠪᠡᠳᠴᠢᠯᠡᠬᠦ᠂ ᠬᠦᠨᠳᠦ ᠡᠪᠡᠳᠴᠢᠨ ᠣᠯᠬᠤ ᠪᠣᠯᠣᠮᠵᠢ ᠨᠢ ᠵᠠᠶᠢᠯᠠᠰᠢ ᠦᠭᠡᠢ ᠶᠤᠮ᠂ ᠡᠪᠡᠳᠴᠢᠨ ᠡᠮᠭᠡᠭ ᠨᠢ ᠴᠥᠭᠡᠨ ᠪᠤᠰᠤ | ᠡᠪᠡᠳᠴᠢᠲᠡᠳ ᠲᠤ ᠮᠥᠨ ᠯᠡ ᠵᠣᠬᠢᠬᠤ ᠬᠡᠮᠵᠢᠶᠡᠨ ᠤ ᠠᠵᠤ ᠠᠬᠤᠢ ᠶᠢᠨ ᠳᠠᠷᠤᠭᠠᠰᠤ ᠠᠪᠴᠢᠷᠠᠵᠠᠢ᠃ | ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠶᠢᠨ ᠬᠤᠯᠪᠣᠭᠳᠠᠯ ᠪᠦᠬᠦᠢ ᠵᠤᠷᠭᠠᠨ ᠤ ᠬᠠᠷᠢᠭᠤᠴᠠᠯᠭᠠᠲᠠᠨ ᠤ ᠲᠠᠨᠢᠯᠴᠠᠭᠤᠯᠤᠭᠰᠠᠨ ᠢᠶᠠᠷ᠂ 2003 | ᠣᠨ ᠳᠤ ︽ᠬᠥᠳᠡᠭᠡ ᠲᠣᠰᠬᠤᠨ ᠤ ᠰᠢᠨ᠎ᠡ ᠬᠡᠯᠪᠡᠷᠢ ᠶᠢᠨ ᠬᠤᠷᠰᠢᠭᠰᠠᠨ ᠡᠮᠴᠢᠯᠡᠭᠡᠨ ᠤ ᠳᠠᠭᠠᠳᠬᠠᠯ︾ ᠤᠨ ᠳᠦᠷᠢᠮ ᠢ ᠪᠠᠶᠢᠭᠤᠯᠤᠭᠰᠠᠨ ᠡᠬᠢᠨ ᠤ ᠦᠶ᠎ᠡ ᠳᠤ᠂ | ᠲᠥᠷᠥ ᠶᠢᠨ ᠪᠣᠳᠣᠯᠭ᠎ᠠ ᠶᠢᠨ ᠬᠡᠪᠴᠢᠶᠡᠨ ᠳᠠᠬᠢ ᠡᠮᠨᠡᠯᠭᠡ ᠳᠤ ᠰᠠᠭᠤᠭᠰᠠᠨ ᠵᠠᠷᠤᠳᠠᠯ ᠤᠨ ᠲᠠᠩᠰᠠ ᠲᠠᠶᠢᠯᠬᠤ ᠬᠠᠷᠢᠴᠠᠯ ᠨᠢ ᠨᠡᠶᠢᠳᠡᠮ ᠳᠤ ᠪᠠᠨ 30% ᠠᠴᠠ 40% | ᠪᠠᠶᠢᠵᠤ᠂ ᠣᠯᠠᠨ ᠲᠦᠮᠡᠨ ᠤ ᠥᠪᠡᠰᠦᠪᠡᠨ ᠲᠥᠯᠥᠬᠦ ᠬᠠᠷᠢᠴᠠᠯ ᠨᠢ ᠨᠡᠯᠢᠶᠡᠳ ᠥᠨᠳᠥᠷ᠂ ᠡᠪᠡᠳᠴᠢᠨ ᠦᠵᠡᠭᠦᠯᠬᠦ ᠳᠠᠷᠤᠭᠠᠰᠤ ᠨᠢ ᠬᠦᠨᠳᠦ ᠪᠠᠶᠢᠪᠠ᠃ | ᠣᠳᠣᠬᠠᠨ ᠳᠤ᠂ ᠰᠠᠭᠤᠭᠠᠯᠢ ᠠᠷᠠᠳ ᠤᠨ ᠡᠮᠴᠢᠯᠡᠭᠡᠨ ᠤ ᠳᠠᠭᠠᠳᠬᠠᠯ ᠤᠨ ᠲᠥᠷᠥ ᠶᠢᠨ ᠪᠣᠳᠣᠯᠭ᠎ᠠ ᠶᠢᠨ ᠬᠡᠪᠴᠢᠶᠡᠨ ᠳᠠᠬᠢ ᠡᠮᠨᠡᠯᠭᠡ ᠳᠤ ᠰᠠᠭᠤᠭᠰᠠᠨ | ᠵᠠᠷᠤᠳᠠᠯ ᠤᠨ ᠲᠠᠩᠰᠠ ᠲᠠᠶᠢᠯᠬᠤ ᠬᠠᠷᠢᠴᠠᠯ ᠨᠢ 70% ᠣᠷᠴᠢᠮ ᠪᠣᠯᠣᠨ᠎ᠠ᠃ 2022 ᠣᠨ ᠤ ᠭᠤᠷᠪᠠᠳᠤᠭᠠᠷ ᠳᠡᠰ᠂ ᠬᠤᠶᠠᠳᠤᠭᠠᠷ ᠳᠡᠰ᠂ ᠨᠢᠭᠡᠳᠦᠭᠡᠷ ᠳᠡᠰ | ᠵᠢᠴᠢ ᠲᠡᠭᠦᠨ ᠠᠴᠠ ᠳᠣᠷᠣᠭᠰᠢᠬᠢ ᠡᠮᠴᠢᠯᠡᠭᠡᠨ ᠤ ᠪᠠᠶᠢᠭᠤᠯᠤᠮᠵᠢ ᠶᠢᠨ ᠡᠮᠨᠡᠯᠭᠡ ᠳᠤ ᠰᠠᠭᠤᠭᠰᠠᠨ ᠵᠠᠷᠤᠳᠠᠯ ᠤᠨ ᠡᠮᠴᠢᠯᠡᠭᠡᠨ ᠤ ᠳᠠᠭᠠᠳᠬᠠᠯ ᠤᠨ ᠲᠠᠩᠰᠠ ᠲᠠᠶᠢᠯᠬᠤ | ᠬᠠᠷᠢᠴᠠᠯ ᠨᠢ ᠲᠣᠰ ᠲᠣᠰ 63.7%᠂ 71.9%᠂ 80.1% ᠪᠣᠯᠣᠨ᠎ᠠ᠃ | ᠣᠶᠢᠷ᠎ᠠ ᠶᠢᠨ ᠵᠢᠯ ᠤᠳ ᠲᠤ᠂ ᠡᠭᠦᠳᠡᠨ ᠡᠮᠨᠡᠯᠭᠡ ᠶᠢᠨ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠬᠦᠨᠳᠦ ᠡᠪᠡᠳᠴᠢᠨ ᠤ | ᠳᠠᠭᠠᠳᠬᠠᠯ ᠪᠠ ᠡᠮᠴᠢᠯᠡᠭᠡᠨ ᠤ ᠠᠪᠤᠷᠠᠨ ᠲᠤᠰᠠᠯᠠᠬᠤ ᠪᠠᠲᠤᠯᠠᠭ᠎ᠠ ᠶᠢᠨ ᠴᠢᠳᠠᠮᠵᠢ ᠶᠢ ᠴᠢᠩᠭᠠᠳᠬᠠᠨ᠂ ᠰᠠᠭᠤᠭᠠᠯᠢ ᠠᠷᠠᠳ ᠤᠨ ᠡᠮᠴᠢᠯᠡᠭᠡᠨ ᠤ ᠳᠠᠭᠠᠳᠬᠠᠯ ᠤᠨ | ᠦᠷᠡᠵᠢᠯ ᠤᠨ ᠡᠮᠴᠢᠯᠡᠭᠡᠨ ᠤ ᠵᠠᠷᠤᠳᠠᠯ ᠤᠨ ᠬᠠᠷᠠᠭᠠᠯᠵᠠᠯ ᠢ ᠵᠦᠢ ᠵᠣᠬᠢᠰᠲᠠᠢ ᠳᠡᠭᠡᠭᠰᠢᠯᠡᠭᠦᠯᠬᠦ ᠵᠡᠷᠭᠡ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠣᠯᠠᠨ ᠲᠦᠮᠡᠨ ᠤ | ᠥᠪᠡᠰᠦᠪᠡᠨ ᠲᠥᠯᠥᠬᠦ ᠳᠠᠷᠤᠭᠠᠰᠤ ᠶᠢ ᠤᠯᠠᠮ ᠬᠥᠩᠭᠡᠯᠡᠪᠡ᠃ | ᠵᠢᠱᠢᠶᠡᠯᠡᠪᠡᠯ᠂ ᠴᠢᠰᠤᠨ ᠳᠠᠷᠤᠯᠲᠠ ᠥᠨᠳᠥᠷ ᠡᠪᠡᠳᠴᠢᠨ᠂ ᠰᠢᠬᠢᠷ ᠰᠢᠵᠢᠩ ᠡᠪᠡᠳᠴᠢᠨ ︽ᠬᠤᠶᠠᠷ ᠡᠪᠡᠳᠴᠢᠨ︾ ᠤ ᠡᠭᠦᠳᠡᠨ ᠡᠮᠨᠡᠯᠭᠡ ᠶᠢᠨ ᠡᠮ ᠬᠡᠷᠡᠭᠯᠡᠬᠦ | ᠪᠠᠲᠤᠯᠠᠭ᠎ᠠ ᠶᠢᠨ ᠲᠣᠭᠲᠠᠴᠠ ᠦᠭᠡᠢ ᠪᠠᠶᠢᠭᠰᠠᠨ ᠠᠴᠠ ᠪᠠᠨ ᠪᠠᠶᠢᠬᠤ ᠪᠣᠯᠵᠤ᠂ ᠦᠷᠭᠦᠯᠵᠢᠯᠡᠨ ᠰᠢᠯᠢᠳᠡᠭᠵᠢᠵᠦ᠂ ᠬᠤᠲᠠ ᠬᠥᠳᠡᠭᠡ ᠶᠢᠨ 1.8 ᠳ᠋ᠦᠩᠰᠢᠭᠤᠷ | ᠰᠠᠭᠤᠭᠠᠯᠢ ᠠᠷᠠᠳ ᠤᠨ ︽ᠬᠤᠶᠠᠷ ᠡᠪᠡᠳᠴᠢᠨ︾ ᠤ ᠡᠪᠡᠳᠴᠢᠲᠡᠳ ᠤᠨ ᠡᠮ ᠬᠡᠷᠡᠭᠯᠡᠬᠦ ᠳᠠᠷᠤᠭᠠᠰᠤ ᠶᠢ 799 ᠳ᠋ᠦᠩᠰᠢᠭᠤᠷ ᠲᠥᠭᠦᠷᠢᠭ ᠬᠥᠩᠭᠡᠷᠡᠭᠦᠯᠦᠭᠰᠡᠨ | ᠪᠠᠶᠢᠨ᠎ᠠ᠃ | ᠡᠮᠴᠢᠯᠡᠭᠡᠨ ᠤ ᠳᠠᠭᠠᠳᠬᠠᠯ ᠤᠨ ᠦᠢᠯᠡᠴᠢᠯᠡᠭᠡᠨ ᠤ ᠴᠢᠳᠠᠪᠤᠷᠢ ᠶᠢᠨ ᠳᠡᠭᠡᠭᠰᠢᠯᠡᠯᠲᠡ ᠳᠤ ᠲᠤᠰᠠᠯᠠᠬᠤ ᠶᠢᠨ ᠲᠥᠯᠥᠭᠡ᠂ ᠤᠯᠤᠰ ᠠᠴᠠ ᠰᠠᠭᠤᠭᠠᠯᠢ ᠠᠷᠠᠳ ᠤᠨ | ᠬᠤᠪᠢ ᠬᠥᠮᠥᠨ ᠤ ᠵᠢᠯ ᠪᠦᠷᠢ ᠶᠢᠨ ᠳᠠᠭᠠᠳᠬᠠᠯ ᠳᠤ ᠣᠷᠣᠯᠴᠠᠬᠤ ᠰᠦᠢᠳᠬᠡᠯ ᠤᠨ ᠪᠠᠷᠢᠮᠵᠢᠶ᠎ᠠ ᠳᠤ ᠲᠣᠬᠢᠷᠠᠭᠤᠯᠤᠯᠲᠠ ᠬᠢᠬᠦ ᠶᠢᠨ ᠬᠠᠮᠲᠤ᠂ ᠡᠳ᠋ ᠤᠨ ᠵᠠᠰᠠᠭ ᠠᠴᠠ | ᠰᠠᠭᠤᠭᠠᠯᠢ ᠠᠷᠠᠳ ᠤᠨ ᠳᠠᠭᠠᠳᠬᠠᠯ ᠳᠤ ᠣᠷᠣᠯᠴᠠᠬᠤ ᠨᠥᠬᠦᠪᠦᠷᠢ ᠶᠢ ᠵᠡᠷᠭᠡ ᠪᠠᠷ ᠳᠡᠭᠡᠭᠰᠢᠯᠡᠭᠦᠯᠪᠡ᠃ | 2003 ᠣᠨ ᠠᠴᠠ 2023 ᠣᠨ ᠪᠣᠯᠲᠠᠯ᠎ᠠ᠂ ᠤᠯᠤᠰ ᠤᠨ ᠡᠳ᠋ ᠤᠨ ᠵᠠᠰᠠᠭ ᠠᠴᠠ ᠰᠠᠭᠤᠭᠠᠯᠢ ᠠᠷᠠᠳ ᠤᠨ ᠳᠠᠭᠠᠳᠬᠠᠯ ᠳᠤ ᠣᠷᠣᠯᠴᠠᠬᠤ ᠨᠥᠬᠦᠪᠦᠷᠢ ᠶᠢ | ᠬᠥᠮᠥᠨ ᠪᠦᠷᠢ ᠳᠤ 10 ᠲᠥᠭᠦᠷᠢᠭ ᠠᠴᠠ ᠳᠣᠣᠷ᠎ᠠ ᠪᠠᠶᠢᠯᠭᠠᠬᠤ ᠦᠭᠡᠢ ᠪᠠᠶᠢᠭᠰᠠᠨ ᠠᠴᠠ ᠬᠥᠮᠥᠨ ᠪᠦᠷᠢ ᠳᠤ 640 ᠲᠥᠭᠦᠷᠢᠭ ᠠᠴᠠ ᠳᠣᠣᠷ᠎ᠠ ᠪᠠᠶᠢᠯᠭᠠᠬᠤ ᠦᠭᠡᠢ | ᠪᠣᠯᠭᠠᠵᠤ᠂ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭᠠᠲᠤ ᠡᠷᠦᠬᠡ ᠵᠡᠷᠭᠡ ᠬᠦᠴᠢᠷᠳᠡᠯᠲᠡᠢ ᠬᠥᠮᠥᠰ ᠲᠤ ᠡᠳ᠋ ᠤᠨ ᠵᠠᠰᠠᠭ ᠠᠴᠠ ᠪᠥᠬᠦ ᠲᠤᠭ᠎ᠠ ᠪᠠᠷ ᠪᠤᠶᠤ ᠬᠡᠰᠡᠭ | ᠨᠥᠬᠦᠪᠦᠷᠢ ᠣᠯᠭᠤᠪᠠ᠃ | ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶᠠᠨ ᠤ ᠳ᠋ᠠᠶᠢᠲ᠋ᠠ ᠶᠢᠨ ᠢᠯᠡᠷᠡᠭᠦᠯᠦᠭᠰᠡᠨ ᠢᠶᠠᠷ᠂ 2023 ᠣᠨ ᠳᠤ ᠮᠠᠨ ᠤ ᠤᠯᠤᠰ ᠤᠨ ᠬᠤᠲᠠ | ᠬᠥᠳᠡᠭᠡ ᠶᠢᠨ ᠰᠠᠭᠤᠭᠠᠯᠢ ᠠᠷᠠᠳ ᠤᠨ ᠡᠮᠴᠢᠯᠡᠭᠡᠨ ᠤ ᠳᠠᠭᠠᠳᠬᠠᠯ ᠤᠨ ᠬᠤᠪᠢ ᠬᠥᠮᠥᠨ ᠤ ᠰᠦᠢᠳᠬᠡᠯ ᠲᠤᠰᠢᠶᠠᠭᠰᠠᠨ ᠪᠥᠬᠦ ᠲᠤᠭ᠎ᠠ 3497 ᠳ᠋ᠦᠩᠰᠢᠭᠤᠷ | ᠲᠥᠭᠦᠷᠢᠭ ᠲᠤ ᠬᠦᠷᠴᠦ᠂ ᠡᠳ᠋ ᠤᠨ ᠵᠠᠰᠠᠭ ᠠᠴᠠ ᠰᠠᠭᠤᠭᠠᠯᠢ ᠠᠷᠠᠳ ᠤᠨ ᠰᠦᠢᠳᠬᠡᠯ ᠲᠤᠰᠢᠶᠠᠬᠤ ᠳᠤ 6977.59 ᠳ᠋ᠦᠩᠰᠢᠭᠤᠷ ᠲᠥᠭᠦᠷᠢᠭ ᠨᠥᠬᠦᠪᠦᠷᠢᠯᠡᠪᠡ᠃ | ᠰᠠᠭᠤᠭᠠᠯᠢ ᠠᠷᠠᠳ ᠤᠨ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢᠨ ᠪᠥᠬᠦ ᠵᠢᠯ ᠤᠨ ᠵᠠᠷᠤᠯᠭ᠎ᠠ 10423 ᠳ᠋ᠦᠩᠰᠢᠭᠤᠷ ᠲᠥᠭᠦᠷᠢᠭ ᠲᠤ ᠬᠦᠷᠴᠦ᠂ | ᠰᠠᠭᠤᠭᠠᠯᠢ ᠠᠷᠠᠳ ᠤᠨ ᠬᠤᠪᠢ ᠬᠥᠮᠥᠨ ᠤ ᠲᠤᠰᠢᠶᠠᠬᠤ ᠰᠦᠢᠳᠬᠡᠯ ᠤᠨ ᠪᠥᠬᠦ ᠵᠣᠭᠤᠰ ᠤᠨ ᠲᠤᠭ᠎ᠠ ᠠᠴᠠ ᠬᠤᠯᠠ ᠦᠨᠳᠦᠷ ᠪᠠᠶᠢᠪᠠ᠃ | ᠰᠠᠭᠤᠭᠠᠯᠢ ᠠᠷᠠᠳ ᠤᠨ ᠡᠮᠴᠢᠯᠡᠭᠡᠨ ᠤ ᠳᠠᠭᠠᠳᠬᠠᠯ ᠤᠨ ᠴᠢᠬᠤᠯᠠ ᠨᠥᠬᠦᠪᠦᠷᠢ ᠪᠣᠯᠤᠭᠰᠠᠨ ᠤ ᠬᠤᠪᠢ ᠳᠤ᠂ ᠡᠳ᠋ ᠤᠨ ᠵᠠᠰᠠᠭ ᠤᠨ ᠨᠥᠬᠦᠪᠦᠷᠢ ᠪᠠ ᠬᠤᠪᠢ | ᠬᠥᠮᠥᠨ ᠤ ᠲᠤᠰᠢᠶᠠᠬᠤ ᠰᠦᠢᠳᠬᠡᠯ ᠨᠢ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦᠨ ᠤ | ᠲᠠᠲᠠᠭᠠᠯ ᠢ ᠬᠠᠮᠲᠤ ᠪᠠᠷ ᠪᠠᠶᠢᠭᠤᠯᠵᠤ᠂ ᠲᠦᠭᠰᠢᠭᠦᠷᠢ ᠶᠢ ᠡᠰᠡᠷᠭᠦᠴᠡᠬᠦ ᠴᠢᠳᠠᠪᠤᠷᠢ ᠶᠢ ᠨᠡᠮᠡᠭᠳᠡᠭᠦᠯᠪᠡ᠃ | ᠡᠮᠴᠢᠯᠡᠭᠡᠨ ᠤ ᠳᠠᠭᠠᠳᠬᠠᠯ ᠤᠨ ᠶᠠᠪᠤᠳᠠᠯ ᠨᠢ ︽ᠪᠠᠭ᠎ᠠ ᠶᠠᠪᠤᠳᠠᠯ ᠪᠤᠰᠤ︾᠂ ᠦᠢᠯᠡᠴᠢᠯᠡᠭᠡ ᠶᠢ ᠲᠠᠰᠤᠷᠠᠯᠲᠠ ᠦᠭᠡᠢ ᠲᠠᠰ ᠳᠡᠪᠰᠢᠭᠦᠯᠪᠡ | ᠪᠥᠬᠦ ᠤᠯᠤᠰ ᠤᠨ 10 ᠲᠦᠮᠡ ᠰᠢᠬᠠᠮ ᠴᠡᠭ ᠲᠣᠭᠲᠠᠭᠠᠭᠰᠠᠨ ᠡᠮᠴᠢᠯᠡᠭᠡᠨ ᠤ ᠪᠠᠶᠢᠭᠤᠯᠤᠮᠵᠢ ᠮᠤᠵᠢ ᠠᠯᠤᠰᠯᠠᠨ ᠡᠮᠨᠡᠯᠭᠡ ᠳᠤ ᠰᠠᠭᠤᠭᠰᠠᠨ ᠵᠠᠷᠤᠳᠠᠯ ᠢ | ᠰᠢᠭᠤᠳ ᠳ᠋ᠦᠩᠨᠡᠨ ᠪᠤᠳᠤᠬᠤ ᠦᠢᠯᠡᠴᠢᠯᠡᠭᠡ ᠬᠠᠩᠭᠠᠵᠤ᠂ ᠡᠮᠴᠢᠯᠡᠭᠡᠨ ᠤ ᠳᠠᠭᠠᠳᠬᠠᠯ ᠤᠨ ᠡᠯᠧᠺᠲᠷᠣᠨ ᠪᠠᠷᠢᠮᠲᠠ ᠶᠢᠨ ᠬᠡᠷᠡᠭᠯᠡᠭᠴᠢᠳ 10 ᠳ᠋ᠦᠩᠰᠢᠭᠤᠷ ᠬᠦᠮᠦᠨ ᠢ | ᠳᠠᠪᠠᠵᠤ᠂ ᠡᠯ᠎ᠡ ᠭᠠᠵᠠᠷ ᠤᠨ ᠬᠢᠨ ᠪᠣᠳᠠᠲᠠᠢ ᠪᠠᠶᠢᠳᠠᠯ ᠲᠠᠢ ᠪᠠᠨ ᠤᠶᠠᠯᠳᠤᠭᠤᠯᠤᠨ 132 ᠵᠦᠢᠯ ᠤᠨ ᠡᠮᠴᠢᠯᠡᠭᠡᠨ ᠤ ᠳᠠᠭᠠᠳᠬᠠᠯ ᠤᠨ ᠬᠦᠷᠢᠶᠡᠨ ᠳᠠᠬᠢ ᠠᠷᠠᠳ ᠲᠤ | ᠳᠦᠭᠦᠮᠯᠡᠬᠦ ᠠᠷᠭ᠎ᠠ ᠬᠡᠮᠵᠢᠶ᠎ᠡ ᠶᠢ ᠬᠡᠷᠡᠭᠵᠢᠭᠦᠯᠪᠡ ᠁ ᠣᠶᠢᠷ᠎ᠠ ᠶᠢᠨ ᠵᠢᠯ ᠤᠳ ᠲᠤ᠂ ᠡᠮᠴᠢᠯᠡᠭᠡᠨ ᠤ ᠳᠠᠭᠠᠳᠬᠠᠯ ᠤᠨ ᠶᠠᠪᠤᠳᠠᠯ ︽ᠪᠠᠭ᠎ᠠ ᠶᠠᠪᠤᠳᠠᠯ ᠪᠤᠰᠤ︾ | ᠪᠣᠯᠵᠤ᠂ ᠠᠯᠢ ᠣᠯᠠᠨ ᠡᠮᠴᠢᠯᠡᠭᠡᠨ ᠤ ᠳᠠᠭᠠᠳᠬᠠᠯ ᠤᠨ ᠠᠷᠠᠳ ᠲᠤ ᠳᠦᠭᠦᠮᠯᠡᠬᠦ᠂ ᠠᠷᠠᠳ ᠲᠤ ᠠᠰᠢᠭᠲᠠᠢ ᠦᠢᠯᠡᠴᠢᠯᠡᠭᠡ ᠲᠠᠰᠤᠷᠠᠯᠲᠠ ᠦᠭᠡᠢ ᠲᠠᠰ ᠳᠡᠪᠰᠢᠪᠡ᠃ | ᠮᠤᠵᠢ ᠠᠯᠤᠰᠯᠠᠨ ᠣᠨᠳᠣᠣ ᠭᠠᠵᠠᠷ ᠲᠤ ᠡᠪᠡᠳᠴᠢᠨ ᠦᠵᠡᠭᠦᠯᠬᠦ ᠪᠠᠷ ᠵᠢᠱᠢᠶᠡᠯᠡᠬᠦ ᠳᠤ᠂ 2003 ᠣᠨ ᠳᠤ ︽ᠬᠥᠳᠡᠭᠡ ᠲᠣᠰᠬᠤᠨ ᠤ ᠰᠢᠨ᠎ᠡ ᠬᠡᠯᠪᠡᠷᠢ ᠶᠢᠨ | ᠬᠤᠷᠰᠢᠭᠰᠠᠨ ᠡᠮᠴᠢᠯᠡᠭᠡᠨ ᠤ ᠳᠠᠭᠠᠳᠬᠠᠯ︾ ᠳᠤ ᠣᠷᠣᠯᠴᠠᠭᠰᠠᠨ ᠣᠯᠠᠨ ᠲᠦᠮᠡᠨ ᠵᠥᠪᠬᠡᠨ ᠲᠤᠰ ᠰᠢᠶᠠᠨ ︵ᠲᠣᠭᠤᠷᠢᠭ︶ ᠤ ᠡᠮᠨᠡᠯᠭᠡ ᠳᠤ ᠡᠮᠨᠡᠭᠦᠯᠪᠡᠯ ᠰᠠᠶ᠋ᠢ | ᠳᠠᠩᠰᠠ ᠲᠠᠶᠢᠯᠬᠤ ᠳᠤ ᠳᠥᠭᠦᠮ ᠪᠠᠶᠢᠵᠤ᠂ ᠣᠨᠳᠣᠣ ᠭᠠᠵᠠᠷ ᠲᠤ ᠡᠪᠡᠳᠴᠢᠨ ᠦᠵᠡᠭᠦᠯᠪᠡᠯ ᠳᠠᠩᠰᠠ ᠲᠠᠶᠢᠯᠬᠤ ᠬᠠᠷᠢᠴᠠᠯ ᠨᠢ ᠪᠠᠭ᠎ᠠ ᠮᠥᠷᠲᠡᠭᠡᠨ ᠰᠢᠭᠤᠳ ᠳ᠋ᠦᠩᠨᠡᠨ | ᠪᠣᠳᠣᠵᠤ ᠪᠣᠯᠳᠠᠭ ᠦᠭᠡᠢ ᠪᠠᠶᠢᠪᠠ᠃ | ᠣᠳᠣᠬᠠᠨ ᠳᠤ᠂ ᠮᠤᠵᠢ ᠠᠯᠤᠰᠯᠠᠨ ᠣᠨᠳᠣᠣ ᠭᠠᠵᠠᠷ ᠲᠤ ᠡᠪᠡᠳᠴᠢᠨ ᠦᠵᠡᠭᠦᠯᠦᠭᠰᠡᠨ ᠵᠠᠷᠤᠳᠠᠯ ᠢ ᠰᠢᠭᠤᠳ ᠳ᠋ᠦᠩᠨᠡᠨ ᠪᠤᠳᠤᠬᠤ ᠠᠵᠢᠯ ᠢ ᠪᠥᠬᠦ ᠤᠯᠤᠰ ᠤᠨ | ᠬᠡᠪᠴᠢᠶᠡᠨ ᠳᠤ ᠳᠡᠯᠭᠡᠷᠡᠭᠦᠯᠵᠦ᠂ ᠪᠥᠬᠦ ᠤᠯᠤᠰ ᠤᠨ 10 ᠲᠦᠮᠡ ᠰᠢᠬᠠᠮ ᠴᠡᠭ ᠲᠣᠭᠲᠠᠭᠠᠭᠰᠠᠨ ᠡᠮᠴᠢᠯᠡᠭᠡᠨ ᠤ ᠪᠠᠶᠢᠭᠤᠯᠤᠮᠵᠢ ᠮᠤᠵᠢ ᠠᠯᠤᠰᠯᠠᠨ ᠡᠮᠨᠡᠯᠭᠡ ᠳᠤ | ᠰᠠᠭᠤᠭᠰᠠᠨ ᠵᠠᠷᠤᠳᠠᠯ ᠢ ᠰᠢᠭᠤᠳ ᠳ᠋ᠦᠩᠨᠡᠨ ᠪᠤᠳᠤᠬᠤ ᠦᠢᠯᠡᠴᠢᠯᠡᠭᠡ ᠬᠠᠩᠭᠠᠪᠠ᠃ | ᠳ᠋ᠠᠶᠢᠲ᠋ᠠ ᠠᠴᠠ ᠣᠯᠵᠤ ᠬᠠᠷᠠᠬᠤ ᠨᠢ᠂ 2023 ᠣᠨ ᠳᠤ ᠮᠤᠵᠢ ᠠᠯᠤᠰᠯᠠᠨ ᠣᠨᠳᠣᠣ ᠭᠠᠵᠠᠷ ᠲᠤ ᠡᠪᠡᠳᠴᠢᠨ ᠦᠵᠡᠭᠦᠯᠬᠦ ᠶᠢ ᠰᠦᠯᠵᠢᠶᠡᠨ ᠳᠤ | ᠨᠡᠪᠲᠡᠷᠡᠭᠦᠯᠦᠭᠰᠡᠨ ᠡᠮ ᠡᠮᠨᠡᠯᠭᠡ ᠶᠢᠨ ᠪᠠᠶᠢᠭᠤᠯᠤᠮᠵᠢ 55 ᠲᠦᠮᠡ ᠳᠤ ᠬᠦᠷᠴᠦ᠂ ᠤᠯᠠᠨ ᠲᠦᠮᠡᠨ ᠤ 1.3 ᠳ᠋ᠦᠩᠰᠢᠭᠤᠷ ᠬᠥᠮᠥᠨ ᠤᠳᠠᠭ᠎ᠠ ᠶᠢᠨ ᠡᠪᠡᠳᠴᠢᠨ | ᠦᠵᠡᠭᠦᠯᠬᠦ ᠳᠤ ᠠᠰᠢᠭ ᠬᠦᠷᠲᠡᠭᠡᠵᠦ᠂ 1536.7 ᠳ᠋ᠦᠩᠰᠢᠭᠤᠷ ᠲᠥᠭᠦᠷᠢᠭ ᠣᠷᠣᠯᠠᠨ ᠲᠦᠯᠦᠬᠦ ᠶᠢ ᠪᠠᠭᠠᠰᠬᠠᠪᠠ᠃ | ︽ᠡᠮᠴᠢᠯᠡᠭᠡᠨ ᠤ ᠳᠠᠭᠠᠳᠬᠠᠯ ᠤᠨ ᠪᠠᠲᠤᠯᠠᠭ᠎ᠠ ᠶᠢᠨ ᠬᠡᠪᠴᠢᠶ᠎ᠡ ᠶᠢ ᠥᠷᠭᠡᠳᠬᠡᠬᠦ᠂ ᠡᠮᠴᠢᠯᠡᠭᠡᠨ ᠤ ᠳᠠᠭᠠᠳᠬᠠᠯ ᠤᠨ ᠬᠠᠷᠠᠭᠠᠯᠵᠠᠯ ᠢ ᠳᠡᠭᠡᠭᠰᠢᠯᠡᠭᠦᠯᠬᠦ᠂ | ᠡᠮᠴᠢᠯᠡᠭᠡᠨ ᠤ ᠳᠠᠭᠠᠳᠬᠠᠯ ᠤᠨ ᠦᠢᠯᠡᠴᠢᠯᠡᠭᠡ ᠶᠢ ᠰᠢᠯᠢᠳᠡᠭᠵᠢᠭᠦᠯᠬᠦ ᠵᠡᠷᠭᠡ ᠲᠠᠯ᠎ᠠ ᠠᠴᠠ ᠠᠪᠴᠤ ᠦᠵᠡᠪᠡᠯ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ | ᠡᠮᠴᠢᠯᠡᠭᠡᠨ ᠤ ᠳᠠᠭᠠᠳᠬᠠᠯ ᠤᠨ ᠴᠢᠨᠠᠷ ᠪᠠ ᠦᠨ᠎ᠡ ᠶᠢᠨ ᠬᠠᠷᠢᠴᠠᠯ ᠨᠡᠯᠢᠶᠡᠳ ᠥᠨᠳᠥᠷ ᠪᠠᠶᠢᠨ᠎ᠠ᠃︾ ᠭᠡᠵᠦ ᠳᠤᠮᠳᠠᠳᠤ ᠤᠯᠤᠰ ᠤᠨ ᠨᠡᠶᠢᠭᠡᠮ ᠤᠨ ᠰᠢᠨᠵᠢᠯᠡᠬᠦ | ᠤᠬᠠᠭᠠᠨ ᠤ ᠬᠦᠷᠢᠶᠡᠯᠡᠩ ᠤᠨ ᠤᠯᠠᠨ ᠨᠡᠶᠢᠲᠡ ᠶᠢᠨ ᠠᠵᠤ ᠠᠬᠤᠢ ᠶᠢᠨ ᠤᠬᠠᠭᠠᠨ ᠰᠤᠳᠤᠯᠬᠤ ᠲᠠᠰᠤᠭ ᠤᠨ ᠡᠷᠬᠢᠯᠡᠭᠴᠢ ᠸᠠᠩ ᠵᠧᠨ ᠬᠡᠯᠡᠪᠡ᠃ | ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠢᠯᠡᠷᠬᠡᠶᠢᠯᠡᠬᠦ ᠳᠤ ᠪᠠᠨ᠂ ᠡᠮᠴᠢᠯᠡᠭᠡᠨ ᠤ ᠳᠠᠭᠠᠳᠬᠠᠯ ᠳᠤ ᠣᠷᠣᠯᠴᠠᠬᠤ ᠨᠢ ︽ᠡᠪᠡᠳᠴᠢᠯᠡᠬᠦ ᠦᠶ᠎ᠡ ᠳᠤ | ᠪᠠᠲᠤᠯᠠᠭ᠎ᠠ ᠲᠠᠢ᠂ ᠡᠪᠡᠳᠴᠢᠨ ᠦᠭᠡᠢ ᠦᠶ᠎ᠡ ᠳᠤ ᠪᠤᠰᠤᠳ ᠲᠤ ᠠᠰᠢᠭᠲᠠᠢ︾ ᠶᠤᠮ᠂ ᠡᠨᠡ ᠨᠢ ᠣᠯᠠᠨ ᠲᠦᠮᠡᠨ ᠨᠢᠭᠡᠪᠦᠷᠢ ᠶᠢᠨ ᠡᠪᠡᠳᠴᠢᠨ ᠡᠮᠭᠡᠭ ᠤᠨ | ᠲᠦᠭᠰᠢᠭᠦᠷᠢ ᠶᠢᠨ ᠲᠣᠭᠲᠠᠪᠤᠷᠢ ᠦᠭᠡᠢ ᠴᠢᠨᠠᠷ ᠲᠤ ᠬᠠᠨᠳᠤᠬᠤ ᠦᠶ᠎ᠡ ᠶᠢᠨ ᠣᠶᠤᠨᠴᠢ ᠰᠣᠩᠭᠤᠯᠲᠠ ᠮᠥᠨ ᠭᠡᠵᠡᠢ᠃ | ᠡᠨᠡ ᠵᠢᠯ ᠤᠨ ᠪᠦᠬᠦ ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠠᠵᠢᠯ ᠤᠨ ᠬᠤᠷᠠᠯ ᠳᠡᠭᠡᠷ᠎ᠡ᠂ ᠳᠠᠭᠠᠳᠬᠠᠯ ᠳᠤ ᠣᠷᠣᠯᠴᠠᠬᠤ ᠤᠷᠲᠤ ᠬᠤᠭᠤᠴᠠᠭᠠᠨ ᠤ | ᠪᠦᠲᠦᠮᠵᠢᠲᠡᠢ ᠤᠷᠮᠠᠰᠢᠭᠤᠯᠤᠨ ᠬᠢᠵᠠᠭᠠᠷᠯᠠᠬᠤ ᠲᠣᠭᠲᠠᠴᠠ ᠶᠢ ᠰᠤᠳᠤᠯᠤᠨ ᠪᠦᠷᠢᠨᠰᠢᠭᠦᠯᠵᠦ᠂ ᠦᠷᠭᠦᠯᠵᠢᠯᠡᠨ ᠰᠦᠢᠳᠬᠡᠯ ᠲᠤᠰᠢᠶᠠᠵᠤ ᠪᠠᠶᠢᠭ᠎ᠠ ᠣᠯᠠᠨ ᠲᠦᠮᠡᠨ ᠤ | ᠠᠰᠢᠭ ᠭᠥᠷᠳᠡᠬᠦ ᠶᠢ ᠳᠦᠷᠢᠮ ᠢᠶᠠᠷ ᠪᠠᠲᠤᠯᠠᠵᠤ᠂ ᠪᠦᠬᠦ ᠠᠷᠠᠳ ᠤᠨ ᠳᠠᠭᠠᠳᠬᠠᠯ ᠳᠤ ᠣᠷᠣᠯᠴᠠᠬᠤ ᠶᠢ ᠪᠠᠲᠤᠯᠠᠬᠤ ᠬᠡᠷᠡᠭᠲᠡᠢ ᠭᠡᠵᠦ ᠳᠤᠷᠠᠳᠪᠠ᠃ | |