ᠤᠲᠤᠭ ᠤᠨ ᠡᠮᠦᠨᠡᠲᠦ ᠬᠤᠰᠢᠭᠤᠨ ᠤ ᠠᠩᠬᠠᠳᠠᠭᠴᠢ ᠤᠶᠤᠨᠴᠢ ᠲᠠᠷᠢᠶᠠᠯᠠᠩ ᠮᠠᠯ ᠠᠵᠤ ᠠᠬᠤᠢ ᠶᠢᠨ ᠲᠥᠷᠥᠯ ᠵᠦᠢᠯ ᠡᠬᠢᠯᠡᠪᠡ
ᠨᠡᠶᠢᠲᠡᠯᠡᠭᠰᠡᠨ ᠴᠠᠭ᠄
2024/4/1
微信图片_20240401172130.jpg
      ᠤᠶᠢᠷ᠎ᠠ ᠳᠤ᠂ ᠤᠲᠤᠭ ᠤᠨ ᠡᠮᠦᠨᠡᠲᠦ ᠬᠤᠰᠢᠭᠤᠨ ᠤ ᠠᠩᠬᠠᠳᠠᠭᠴᠢ ᠬᠤᠲᠠ ᠶᠢᠨ ᠲᠡᠰ ᠤᠨ ᠤᠶᠤᠨᠴᠢ ᠮᠠᠯ ᠠᠵᠤ ᠠᠬᠤᠢ ᠶᠢᠨ ᠠᠵᠤ ᠦᠢᠯᠡᠰ ᠤᠨ ᠬᠦᠷᠢᠶᠡᠯᠡᠩ ᠲᠤᠭᠤᠷᠢᠭ ᠪᠠ 2024 ᠣᠨ ᠤ ᠥᠨᠳᠥᠷ ᠪᠠᠷᠢᠮᠵᠢᠶᠠᠲᠦ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠪᠠᠷᠢᠯᠭ᠎ᠠ ᠡᠬᠢᠯᠡᠪᠡ᠃      ᠲᠤᠰ ᠲᠥᠷᠥᠯ ᠵᠦᠢᠯ ᠢ ᠪᠤᠷᠤᠪᠠᠯᠭᠠᠰᠤ ᠶᠢᠨ ᠵᠡᠭᠡᠷᠭᠡᠨᠡᠲᠦ ᠲᠤᠰᠬᠤᠨ ᠳᠤ ᠪᠠᠶᠢᠭᠤᠯᠵᠤ᠂ ᠶᠡᠷᠦᠩᠬᠡᠢ, ᠲᠠᠯᠠᠪᠠᠢ ᠨᠢ 12000 ᠮᠤ᠋᠂ ᠶᠡᠷᠦᠩᠬᠡᠢ ᠪᠡᠯᠡ ᠤᠷᠤᠭᠤᠯᠤᠯᠲᠠ ᠨᠢ 4655.24 ᠲᠦᠮᠡᠨ ᠲᠦᠭᠦᠷᠢᠭ ᠬᠦᠷᠴᠡᠢ᠃ ᠭᠤᠣᠯᠳᠠᠭᠤ ᠡᠷᠳᠡᠨᠢ ᠰᠢᠰᠢ ᠶᠢᠨ ᠲᠠᠯᠠᠪᠠᠢ ᠨᠢᠭᠡᠴᠢ ᠶᠢᠨ ᠤᠨᠠᠯᠲᠠ ᠶᠢ ᠨᠡᠮᠡᠭᠳᠡᠭᠦᠯᠬᠦ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠪᠠ ᠤᠰᠤ ᠠᠷᠪᠢᠯᠠᠬᠤ ᠤᠰᠤᠯᠠᠯᠲᠠ ᠶᠢ ᠪᠦᠲᠦᠭᠡᠨ ᠪᠠᠶᠢᠭᠤᠯᠬᠤ ᠶᠢᠨ ᠬᠠᠮᠲᠤ ᠰᠤᠶᠤᠯ ᠵᠤᠭᠠᠴᠠᠯ᠂ ᠤᠶᠤᠨᠴᠢ ᠲᠠᠷᠢᠶᠠᠯᠠᠩ ᠮᠠᠯ ᠠᠵᠤ ᠠᠬᠤᠢ᠂ ᠪᠠᠷᠠᠭᠠᠨ ᠤ ᠭᠦᠢᠯᠭᠡᠭᠡ ᠵᠡᠷᠭᠡ ᠴᠢᠳᠠᠮᠵᠢ ᠶᠢ ᠠᠭᠤᠰᠤᠯᠴᠠᠭᠤᠯᠤᠨ᠎ᠠ᠃ ᠲᠥᠷᠥᠯ ᠵᠦᠢᠯ ᠨᠢ ᠲᠠᠷᠢᠶᠠᠯᠠᠩ ᠤᠨ ᠮᠠᠰᠢᠨᠴᠢᠯᠠᠯᠲᠠ᠂ ᠬᠠᠮᠢᠶᠠᠷᠤᠯᠲᠠ  ᠶᠢᠨ ᠤᠶᠤᠨᠴᠢᠯᠠᠯᠲᠠ ᠶᠢ ᠪᠡᠶᠡᠯᠡᠭᠦᠯᠵᠤ᠂ ᠲᠠᠷᠢᠶᠠᠯᠠᠩ ᠮᠠᠯ ᠠᠵᠤ ᠠᠬᠤᠢ ᠶᠢᠨ ᠦᠷ᠎ᠡ ᠠᠰᠢᠭ ᠢ ᠨᠡᠮᠡᠭᠳᠡᠭᠦᠯᠦᠨ ᠮᠠᠯᠴᠢᠨ ᠲᠠᠷᠢᠶᠠᠴᠢᠳ ᠤᠨ ᠤᠷᠤᠯᠭ᠎ᠠ ᠶᠢ ᠨᠡᠮᠡᠭᠳᠡᠭᠦᠯᠦᠨ᠎ᠡ᠃
  
ᠢᠷᠡᠯᠲᠡ᠄ ᠤᠷᠳᠤᠰ ᠬᠤᠲᠠ ᠶᠢᠨ ᠬᠠᠮ ᠵᠠᠭᠤᠴᠢᠯᠠᠭᠤᠷ ᠤᠨ ᠲᠥᠪ