ᠪᠦᠷᠢᠶ᠎ᠡ ᠮᠠᠩᠬ᠎ᠠ ᠶᠢᠨ ᠦᠵᠡᠮᠵᠢ ᠶᠢᠨ ᠣᠷᠣᠨ ᠨᠢ ᠮᠠᠯᠠᠶᠢᠰᠢᠶ᠎ᠠ ᠳᠤ ᠳᠤᠮᠳᠠᠳᠤ ᠤᠯᠤᠰ ᠤᠨ ᠵᠢᠭᠤᠯᠴᠢᠯᠠᠯ ᠢ ᠳᠡᠯᠭᠡᠷᠡᠭᠦᠯᠬᠦ ᠲᠡᠷᠢᠭᠦᠨ ᠰᠤᠩᠭᠤᠯᠳᠠ ᠪᠤᠯᠪᠠ
ᠨᠡᠶᠢᠲᠡᠯᠡᠭᠰᠡᠨ ᠴᠠᠭ᠄
2024/4/10
      ᠣᠶᠢᠷ᠎ᠠ ᠳᠤ᠂ ᠮᠠᠯᠠᠶᠢᠰᠢᠶ᠎ᠠ ᠶᠢᠨ ᠬᠠᠮᠢᠶ᠎ᠠ ᠪᠦᠬᠦᠢ ᠵᠢᠭᠤᠯᠴᠢᠯᠠᠯ ᠤᠨ ᠬᠤᠷᠢᠶ᠎ᠠ᠂ ᠰᠤᠨᠢᠨ ᠮᠡᠳᠡᠭᠡᠨ ᠤ ᠵᠠᠭᠤᠴᠢᠯᠠᠭᠤᠷ᠂ ᠠᠭᠠᠷ ᠤᠨ ᠠᠶᠠᠯᠠᠯ ᠤᠨ ᠺᠤᠮᠫᠠᠨᠢ ᠵᠡᠷᠭᠡ ᠲᠥᠯᠥᠭᠡᠯᠡᠭᠴᠢ ᠪᠠᠷ ᠪᠦᠷᠢᠯᠳᠦᠭᠰᠡᠨ ᠵᠢᠭᠤᠯᠴᠢᠯᠠᠯ ᠤᠨ ᠰᠢᠨᠵᠢᠯᠡᠨ ᠪᠠᠶᠢᠴᠠᠭᠠᠬᠤ ᠪᠦᠯᠬᠦᠮ ᠣᠷᠳᠣᠰ ᠬᠤᠲᠠ ᠶᠢᠨ ᠳᠠᠯᠠᠳ ᠬᠤᠰᠢᠭᠤᠨ ᠳᠤ ᠬᠦᠷᠴᠦ ᠰᠤᠶᠤᠯ ᠵᠢᠭᠤᠯᠴᠢᠯᠠᠯ ᠤᠨ ᠠᠵᠤ ᠦᠢᠯᠡᠰ ᠢ ᠰᠢᠨᠵᠢᠯᠡᠨ ᠪᠠᠶᠢᠴᠠᠭᠠᠵᠤ᠂ ᠳᠤᠮᠳᠠᠳᠤ ᠮᠠᠯᠠᠶᠢᠰᠢᠶ᠎ᠠ ᠬᠤᠶᠠᠷ ᠤᠯᠤᠰ ᠤᠨ ᠭᠠᠳᠠᠭᠠᠳᠤ ᠬᠠᠷᠢᠯᠴᠠᠭ᠎ᠠ ᠪᠠᠶᠢᠭᠤᠯᠤᠭᠳᠠᠭᠰᠠᠨ 50 ᠵᠢᠯ ᠤᠨ ᠣᠢ ᠳᠤ ᠵᠤᠷᠢᠭᠤᠯᠤᠨ ᠵᠢᠭᠤᠯᠴᠢᠯᠠᠯ ᠤᠨ ᠲᠥᠷᠥᠯ ᠵᠦᠢᠯ ᠢᠶᠠᠨ ᠬᠠᠷᠢᠯᠴᠠᠨ ᠲᠠᠨᠢᠯᠴᠠᠭᠤᠯᠬᠤ ᠳᠤ ᠪᠡᠯᠡᠳᠬᠡᠯ ᠬᠢᠪᠡ᠃      ᠮᠠᠯᠠᠶᠢᠰᠢᠶ᠎ᠠ ᠶᠢᠨ ᠵᠢᠭᠤᠯᠴᠢᠯᠠᠯ ᠤᠨ ᠪᠦᠯᠬᠦᠮ ᠢᠯᠡᠷᠬᠡᠶᠢᠯᠡᠬᠦ ᠳᠡᠭᠡᠨ᠂ ᠪᠦᠷᠢᠶ᠎ᠡ ᠮᠠᠩᠬ᠎ᠠ ᠶᠢᠨ ᠦᠵᠡᠮᠵᠢ ᠶᠢᠨ ᠣᠷᠣᠨ ᠪᠤᠯ ᠮᠠᠯᠠᠶᠢᠰᠢᠶ᠎ᠠ ᠳᠤ ᠳᠤᠮᠳᠠᠳᠤ ᠤᠯᠤᠰ ᠤᠨ ᠵᠢᠭᠤᠯᠴᠢᠯᠠᠯ ᠢ ᠳᠡᠯᠭᠡᠷᠡᠭᠦᠯᠬᠦ ᠲᠡᠷᠢᠭᠦᠨ ᠰᠤᠩᠭᠤᠯᠲᠠ ᠶᠢᠨ ᠭᠠᠵᠠᠷ ᠤᠨ ᠨᠢᠭᠡ ᠪᠤᠯᠤᠨ᠎ᠠ᠃ ᠬᠤᠶᠢᠰᠢᠳᠠ᠂ ᠬᠤᠶᠠᠷ ᠲᠠᠯ᠎ᠠ ᠪᠠᠷ ᠢᠶᠠᠨ ᠰᠤᠯᠢᠯᠴᠠᠭ᠎ᠠ ᠬᠠᠮᠳᠤᠷᠠᠯᠴᠠᠭ᠎ᠠ ᠪᠠᠨ ᠤᠯᠠᠮ ᠴᠢᠩᠭᠠᠳᠬᠠᠵᠤ᠂ ᠵᠢᠭᠤᠯᠴᠢᠯᠠᠯ ᠤᠨ ᠡᠬᠢ ᠰᠤᠷᠪᠤᠯᠵᠢ ᠪᠠᠨ ᠬᠠᠷᠢᠯᠴᠠᠨ ᠲᠠᠨᠢᠯᠴᠠᠭᠤᠯᠵᠤ᠂ ᠬᠤᠶᠠᠷ ᠭᠠᠵᠠᠷ ᠤᠨ ᠰᠤᠶᠤᠯ ᠵᠢᠭᠤᠯᠴᠢᠯᠠᠯ ᠎ ᠤᠨ ᠠᠵᠤ ᠦᠢᠯᠡᠰ ᠤᠨ ᠬᠥᠭᠵᠢᠯᠲᠡ ᠶᠢ ᠠᠬᠢᠭᠤᠯᠤᠨ᠎ᠠ ᠭᠡᠵᠡᠢ᠃
 
ᠢᠷᠡᠯᠲᠡ᠄ ᠣᠷᠳᠣᠰ ᠬᠤᠲᠠ ᠶᠢᠨ ᠬᠠᠮ ᠵᠠᠭᠤᠴᠢᠯᠠᠭᠤᠷ ᠤᠨ ᠲᠥᠪ