ᠥᠪᠥᠷ ᠮᠣᠩᠭᠤᠯ ᠤᠨ ᠺᠢᠨᠤ᠋ ᠶᠢᠨ ᠪᠦᠯᠦᠭᠯᠡᠯ ᠤᠨ ᠬᠢᠵᠠᠭᠠᠷᠲᠤ ᠬᠠᠷᠢᠭᠤᠴᠠᠯᠭᠠᠲᠤ ᠺᠤᠮᠫᠠᠨᠢ ᠶᠢᠨ ᠣᠷᠳᠣᠰ ᠬᠤᠲᠠ ᠳᠤ ᠰᠠᠭᠤᠭ᠎ᠠ ᠬᠡᠷᠡᠭ ᠡᠷᠬᠢᠯᠡᠬᠦ ᠭᠠᠵᠠᠷ ᠬᠢᠶ᠎ᠠ ᠪᠠᠭᠰᠢ ᠲᠤᠭᠤᠷᠢᠭ ᠲᠤ ᠫᠠᠶᠢᠰᠠ ᠰᠡᠬᠦᠪᠡ
ᠨᠡᠶᠢᠲᠡᠯᠡᠭᠰᠡᠨ ᠴᠠᠭ᠄
2024/4/10
      4 ᠰᠠᠷ᠎ᠠ ᠶᠢᠨ 8 ᠤ ᠡᠳᠦᠷ᠂ ᠥᠪᠥᠷ ᠮᠣᠩᠭᠤᠯ ᠤᠨ ᠺᠢᠨᠤ᠋ ᠶᠢᠨ ᠪᠦᠯᠦᠭᠯᠡᠯ ᠤᠨ ᠬᠢᠵᠠᠭᠠᠷᠲᠤ ᠬᠠᠷᠢᠭᠤᠴᠠᠯᠭᠠᠲᠤ ᠺᠤᠮᠫᠠᠨᠢ ᠶᠢᠨ ᠣᠷᠳᠣᠰ ᠬᠤᠲᠠ ᠳᠤ ᠰᠠᠭᠤᠭ᠎ᠠ ᠬᠡᠷᠡᠭ ᠡᠷᠬᠢᠯᠡᠬᠦ ᠭᠠᠵᠠᠷ ᠬᠢᠶ᠎ᠠ ᠪᠠᠭᠰᠢ ᠲᠤᠭᠤᠷᠢᠭ ᠲᠤ ᠫᠠᠶᠢᠰᠠ ᠰᠡᠬᠦᠪᠡ᠂ ᠡᠨᠡ ᠨᠢ ᠥᠪᠥᠷ ᠮᠤᠩᠭᠤᠯ ᠤᠨ ᠺᠢᠨᠤ᠋ ᠶᠢᠨ ᠪᠦᠯᠦᠭᠯᠡᠯ ᠪᠤᠯᠤᠨ ᠤᠷᠤᠨ ᠨᠤᠲᠤᠭ ᠤᠨ ᠵᠠᠰᠠᠭ ᠤᠨ ᠤᠷᠳᠤᠨ ᠤ ᠨᠢᠭᠲᠠ ᠬᠠᠮᠲᠤᠷᠠᠯᠴᠠᠭ᠎ᠠ ᠶᠢ ᠬᠠᠷᠠᠭᠤᠯᠵᠤ᠂ ᠭᠠᠵᠠᠷ ᠤᠷᠤᠨ ᠤ ᠰᠤᠶᠤᠯ ᠤᠨ ᠠᠵᠤ ᠦᠢᠯᠡᠰ ᠲᠤ ᠰᠢᠨ᠎ᠡ ᠠᠮᠢᠵᠢᠷᠠᠯ ᠤᠨ ᠬᠦᠴᠦᠨ ᠤᠯᠭᠤᠵᠤ᠂ ᠣᠷᠣᠨ ᠨᠤᠲᠤᠭ ᠤᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠪᠤᠯᠤᠨ᠎ᠠ᠃      ᠶᠤᠰᠤᠯᠠᠯ ᠳᠡᠭᠡᠷ᠎ᠡ᠂ ᠥᠪᠥᠷ ᠮᠣᠩᠭᠤᠯ ᠤᠨ ᠺᠢᠨᠤ᠋ ᠶᠢᠨ ᠪᠦᠯᠦᠭᠯᠡᠯ ᠤᠨ ᠨᠠᠮ ᠤᠨ ᠬᠤᠷᠢᠶ᠎ᠠ ᠶᠢᠨ ᠱᠦᠵᠢ᠂ ᠬᠡᠷᠡᠭ ᠮᠡᠳᠡᠭᠴᠢ ᠳᠠᠷᠤᠭ᠎ᠠ ᠽᠧᠩ ᠬᠠᠨ ᠬᠤᠲᠠ  ᠶᠢᠨ ᠳᠡᠳ᠋ ᠳᠠᠷᠤᠭ᠎ᠠ ᠵᠢᠷᠤᠮᠲᠤ ᠲᠠᠢ ᠬᠠᠮᠲᠤ ᠬᠡᠷᠡᠭ ᠡᠷᠬᠢᠯᠡᠬᠦ ᠭᠠᠵᠠᠷ ᠤᠨ ᠫᠠᠶᠢᠰᠠ ᠶᠢ ᠰᠡᠭᠦᠪᠡ᠃      ᠫᠠᠶᠢᠰᠠ ᠰᠡᠬᠦᠬᠦ ᠶᠤᠰᠤᠯᠠᠯ ᠳᠡᠭᠡᠷ᠎ᠡ᠂ ᠥᠪᠥᠷ ᠮᠤᠩᠭᠤᠯ ᠤᠨ ᠺᠢᠨᠤ᠋ ᠶᠢᠨ ᠦᠢᠯᠡᠳᠪᠦᠷᠢ ᠪᠤᠯᠤᠨ ᠲᠥᠪ ᠷᠠᠳᠢᠤ᠋ ᠲᠧᠯᠧᠢᠰ ᠤᠨ ᠰᠦᠯᠵᠢᠶ᠎ᠡ ᠶᠢᠨ ᠥᠪᠥᠷ ᠮᠤᠩᠭᠤᠯ ᠤᠨ ᠬᠤᠪᠢᠶᠠᠷᠢ ᠺᠤᠮᠫᠠᠨᠢ᠂ ᠥᠪᠥᠷ ᠮᠣᠩᠭᠤᠯ ᠤᠨ ᠺᠢᠨᠣ᠋ ᠶᠢᠨ ᠦᠢᠯᠡᠳᠪᠦᠷᠢ ᠪᠤᠯᠤᠨ ᠰᠢᠨ᠎ᠡ ᠳ᠋ᠦᠩ ᠹᠠᠩ ᠸᠧ ᠺᠠᠢ ᠳ᠋ᠧ ︵ᠥᠪᠥᠷ ᠮᠣᠩᠭᠤᠯ︶ ᠰᠤᠶᠤᠯ ᠵᠤᠭᠠᠴᠠᠯ ᠤᠨ ᠬᠢᠵᠠᠭᠠᠷᠲᠤ ᠺᠤᠮᠫᠠᠨᠢ᠂ ᠥᠪᠥᠷ ᠮᠣᠩᠭᠤᠯ ᠤᠨ ᠺᠠᠢ ᠨᠦᠸᠧ ᠰᠲ᠋ᠣᠺ ᠤᠨ ᠡᠷᠬᠡ ᠶᠢᠨ ᠪᠡᠯᠡ ᠤᠷᠤᠭᠤᠯᠤᠯᠲᠠ ᠶᠢᠨ ᠬᠠᠮᠢᠶᠠᠷᠤᠯᠲᠠ ᠶᠢᠨ ᠬᠢᠵᠠᠭᠠᠷᠲᠤ ᠺᠤᠮᠫᠠᠨᠢ ᠪᠤᠯᠤᠨ ᠣᠷᠳᠣᠰ ᠬᠤᠲᠠ ᠶᠢᠨ ᠤᠷᠤᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠤᠪᠴᠢᠶ᠎ᠠ᠂ ᠥᠪᠥᠷ ᠮᠣᠩᠭᠤᠯ ᠤᠨ ᠲᠤᠭᠠᠴᠢᠯᠠᠭᠰᠠᠨ ᠰᠤᠶᠤᠯ ᠤᠨ ᠳᠠᠭᠠᠤ ᠲᠦᠷᠰᠦ ᠰᠢᠩᠭᠡᠭᠡᠯᠲᠡ ᠶᠢᠨ ᠬᠡᠪᠯᠡᠯ ᠤᠨ ᠬᠤᠷᠢᠶ᠎ᠠ ᠪᠤᠯᠤᠨ ᠥᠪᠥᠷ ᠮᠣᠩᠭᠤᠯ ᠤᠨ ᠰᠢᠨ᠎ᠡ ᠱᠢ ᠰᠢᠶᠠᠨ ᠵᠠᠭᠤᠴᠢᠯᠠᠭᠤᠷ ᠤᠨ ᠬᠢᠵᠠᠭᠠᠷᠲᠤ ᠺᠤᠮᠫᠠᠨᠢ ᠲᠤᠰ ᠲᠤᠰ ᠭᠡᠷ᠎ᠡ ᠲᠤᠭᠲᠠᠵᠤ᠂ ᠡᠯ᠎ᠡ ᠲᠠᠯ᠎ᠠ ᠶᠢᠨ ᠬᠢᠨ ᠰᠤᠶᠤᠯ ᠵᠤᠭᠠᠴᠠᠯ ᠤᠨ ᠦᠢᠯᠡᠴᠢᠯᠡᠭᠡ᠂ ᠺᠢᠨᠣ᠋ ᠲᠧᠯᠧᠢᠰ ᠤᠨ ᠲᠥᠷᠥᠯ ᠵᠦᠢᠯ᠂ ᠥᠪᠥᠷ ᠮᠣᠩᠭᠤᠯ ᠤᠨ ᠲᠤᠰᠬᠠᠢ ᠮᠡᠷᠭᠡᠵᠢᠯ ᠤᠨ ᠤᠷᠠᠯᠢᠭ ᠤᠨ ᠪᠦᠯᠬᠦᠮ ᠤᠨ ᠰᠦᠯᠵᠢᠶᠠᠨ ᠳᠡᠭᠡᠷᠡᠬᠢ ᠰᠤᠶᠤᠯ ᠤᠷᠠᠯᠢᠭ ᠤᠨ ᠵᠢᠭᠰᠠᠭᠠᠯ᠂ ᠰᠢᠨ᠎ᠡ ᠵᠠᠭᠤᠴᠢᠯᠠᠭᠤᠷ  ᠤᠨ ᠰᠢᠭᠤᠳ ᠨᠡᠪᠲᠡᠷᠡᠭᠦᠯᠭᠡ ᠵᠡᠷᠭᠡ ᠣᠯᠠᠨ ᠲᠠᠯ᠎ᠠ ᠳᠤ ᠴᠢᠭᠯᠡᠭᠦᠯᠦᠨ ᠭᠦᠨᠵᠡᠭᠡᠢ ᠬᠠᠮᠲᠤᠷᠠᠯᠴᠠᠬᠤ ᠪᠤᠯᠤᠨ᠎ᠠ᠃      ᠰᠤᠷᠪᠤᠯᠵᠢᠯᠠᠭᠴᠢ ᠶᠢᠨ ᠣᠶᠢᠯᠭᠠᠭᠰᠠᠨ ᠢᠶᠠᠷ᠂ ᠥᠪᠥᠷ ᠮᠤᠩᠭᠤᠯ ᠤᠨ ᠺᠢᠨᠣ᠋ ᠶᠢᠨ ᠪᠦᠯᠦᠭᠯᠡᠯ ᠤᠤᠯ ᠨᠢ ᠥᠪᠥᠷ ᠮᠣᠩᠭᠤᠯ ᠤᠨ ᠺᠢᠨᠣ᠋ ᠶᠢᠨ ᠦᠢᠯᠡᠳᠪᠦᠷᠢ ᠪᠠᠶᠢᠵᠠᠢ᠃ 1958 ᠣᠨ ᠳᠤ ᠪᠠᠶᠢᠭᠤᠯᠤᠭᠳᠠᠵᠤ᠂ ᠭᠤᠣᠯᠳᠠᠭᠤ ᠺᠢᠨᠣ᠋ ᠲᠧᠯᠧᠢᠰ ᠤᠨ ᠵᠦᠴᠦᠭᠡ ᠶᠢᠨ ᠵᠤᠬᠢᠶᠠᠯ ᠢ ᠵᠤᠬᠢᠶᠠᠨ ᠪᠦᠲᠦᠭᠡᠬᠦ᠂ ᠺᠢᠨᠣ᠋ ᠶᠢᠨ ᠪᠡᠯᠡ ᠣᠷᠤᠭᠤᠯᠤᠯᠲᠠ᠂ ᠦᠢᠯᠡᠳᠪᠦᠷᠢᠯᠡᠯ᠂ ᠲᠠᠷᠬᠠᠭᠠᠯᠲᠠ᠂ ᠺᠢᠨᠣ᠋ ᠭᠠᠷᠭᠠᠬᠤ ᠪᠠ ᠺᠢᠨᠣ᠋ ᠶᠢᠨ ᠣᠷᠳᠣᠨ ᠤ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠳᠠᠭᠤ ᠳᠦᠷᠰᠦ ᠰᠢᠩᠭᠡᠭᠡᠯᠲᠡ ᠶᠢᠨ ᠵᠦᠢᠯ ᠤᠨ ᠬᠡᠪᠯᠡᠯ᠂ ᠦᠨᠳᠦᠰᠦᠲᠡᠨ ᠤ ᠬᠡᠯᠡ ᠪᠠᠷ ᠺᠢᠨᠣ᠋ ᠣᠷᠴᠢᠭᠤᠯᠤᠨ ᠦᠢᠯᠡᠳᠬᠦ᠂ ᠮᠠᠯᠵᠢᠬᠤ ᠲᠠᠷᠢᠶᠠᠯᠠᠬᠤ ᠣᠷᠣᠨ ᠤ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠺᠢᠨᠣ᠋ ᠭᠠᠷᠭᠠᠬᠤ᠂ ᠰᠤᠶᠤᠯ ᠤᠨ ᠡᠭᠦᠳᠦᠯᠲᠡ ᠶᠢᠨ ᠦᠢᠯᠡᠳᠬᠦᠨ ᠢ ᠰᠤᠳᠤᠯᠤᠨ ᠨᠡᠭᠡᠭᠡᠬᠦ᠂ ᠰᠤᠶᠤᠯ ᠤᠨ ᠠᠵᠤ ᠦᠢᠯᠡᠰ ᠤᠨ ᠰᠠᠭᠤᠷᠢ ᠮᠥᠩᠭᠦ ᠶᠢᠨ ᠠᠵᠢᠯᠯᠠᠭ᠎ᠠ ᠵᠢᠴᠢ ᠲᠤᠮᠤ ᠬᠡᠯᠪᠡᠷᠢ ᠶᠢᠨ ᠰᠤᠶᠤᠯ ᠤᠨ ᠠᠵᠢᠯᠯᠠᠭ᠎ᠠ ᠶᠢ ᠳᠠᠭᠠᠭᠠᠴᠢᠯᠠᠨ ᠡᠷᠬᠢᠯᠡᠬᠦ ᠵᠡᠷᠭᠡ ᠲᠤᠬᠠᠶᠢᠯᠠᠭᠰᠠᠨ ᠠᠵᠢᠯ ᠢ ᠡᠷᠬᠢᠯᠡᠨ ᠬᠢᠵᠤ ᠪᠤᠢ᠃      ᠥᠪᠥᠷ ᠮᠣᠩᠭᠤᠯ ᠤᠨ ᠺᠢᠨᠣ᠋ ᠶᠢᠨ ᠪᠦᠯᠦᠭᠯᠡᠯ ᠤᠨ ᠬᠢᠵᠠᠭᠠᠷᠲᠤ ᠬᠠᠷᠢᠭᠤᠴᠠᠯᠭᠠᠲᠤ ᠺᠤᠮᠫᠠᠨᠢ ᠶᠢᠨ ᠤᠷᠳᠤᠰ ᠬᠤᠲᠠ ᠳᠤ ᠰᠠᠭᠤᠭ᠎ᠠ ᠬᠡᠷᠡᠭ ᠡᠷᠬᠢᠯᠡᠬᠦ ᠭᠠᠵᠠᠷ ᠪᠠᠶᠢᠭᠤᠯᠤᠭᠳᠠᠭᠰᠠᠨ ᠶᠠᠪᠤᠳᠠᠯ ᠪᠤᠯ ᠥᠪᠥᠷ ᠮᠣᠩᠭᠤᠯ ᠤᠨ ᠺᠢᠨᠣ᠋ ᠶᠢᠨ ᠪᠦᠯᠦᠭᠯᠡᠯ ᠠᠩᠬ᠎ᠠ ᠤᠳᠠᠭ᠎ᠠ ᠠᠶᠢᠮᠠᠭ ᠬᠤᠲᠠ ᠶᠢᠨ ᠬᠡᠷᠡᠭ ᠡᠷᠬᠢᠯᠡᠬᠦ ᠪᠠᠶᠢᠭᠤᠯᠤᠮᠵᠢ ᠶᠢ ᠪᠠᠶᠢᠭᠤᠯᠤᠭᠰᠠᠨ ᠶᠠᠪᠤᠳᠠᠯ ᠮᠦᠨ᠂ ᠺᠢᠨᠣ᠋ ᠶᠢᠨ ᠪᠦᠯᠦᠭᠯᠡᠯ ︽ᠰᠡᠳᠬᠢᠯ ᠨᠢᠭᠡᠲᠡᠢ ᠣᠯᠠᠨ ᠡᠰᠢᠲᠤ︾ ᠪᠠᠶᠢᠯᠳᠤᠬᠤ ᠪᠣᠳᠣᠯᠭ᠎ᠠ ᠶᠢᠨ ᠲᠥᠯᠥᠪᠵᠢᠭᠦᠯᠭᠡ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠤᠭᠰᠠᠨ ᠦᠷ᠎ᠡ ᠪᠦᠲᠦᠭᠡᠯ ᠤᠨ ᠢᠯᠡᠷᠡᠯ ᠮᠦᠨ᠂ ᠨᠡᠩ ᠴᠦ ᠪᠦᠯᠦᠭᠯᠡᠯ ᠪᠠᠶᠢᠭᠤᠯᠤᠭᠳᠠᠭᠰᠠᠨ ᠠᠴᠠ ᠨᠠᠭᠠᠰᠢᠬᠢ ᠭᠦᠨ ᠠᠴᠢ ᠬᠤᠯᠪᠤᠭᠳᠠᠯ ᠲᠠᠢ ᠨᠢᠭᠡ ᠤᠳᠠᠭᠠᠨ ᠤ ᠬᠥᠭᠵᠢᠯᠲᠡ ᠶᠢᠨ ᠰᠢᠪᠲᠤᠯᠤᠯᠲᠠ ᠮᠦᠨ᠃ ᠢᠷᠡᠭᠡᠳᠦᠢ ᠳᠤ᠂ ᠲᠤᠰ ᠬᠡᠷᠡᠭ ᠡᠷᠬᠢᠯᠡᠬᠦ ᠭᠠᠵᠠᠷ ᠬᠥᠭᠦᠷᠭᠡ ᠬᠤᠯᠪᠤᠭᠠᠰᠤ ᠶᠢᠨ ᠦᠢᠯᠡᠳᠦᠯ ᠢᠶᠠᠨ ᠢᠳᠡᠪᠬᠢᠲᠡᠢ ᠪᠠᠳᠠᠷᠠᠭᠤᠯᠵᠤ᠂ ᠣᠷᠣᠨ ᠨᠤᠲᠤᠭ ᠤᠨ ᠵᠠᠰᠠᠭ ᠤᠨ ᠣᠷᠳᠣᠨ ᠪᠤᠯᠤᠨ ᠬᠤᠯᠪᠤᠭᠳᠠᠯ ᠪᠦᠬᠦᠢ ᠠᠵᠤ ᠠᠬᠤᠶᠢᠯᠠᠯ ᠯᠤᠭ᠎ᠠ ᠶᠢᠨ ᠬᠠᠮᠲᠤᠷᠠᠯᠴᠠᠭ᠎ᠠ ᠪᠠᠨ ᠴᠢᠩᠭᠠᠳᠬᠠᠵᠤ᠂ ᠣᠷᠣᠨ ᠨᠤᠲᠤᠭ ᠤᠨ ᠰᠤᠶᠤᠯ ᠤᠨ ᠠᠵᠤ ᠦᠢᠯᠡᠰ ᠤᠨ ᠬᠥᠭᠵᠢᠯ ᠴᠡᠴᠡᠭᠯᠡᠯ ᠢ ᠬᠠᠮᠲᠤ ᠪᠠᠷ ᠠᠬᠢᠭᠤᠯᠤᠨ᠎ᠠ᠃
 
ᠢᠷᠡᠯᠲᠡ᠄ ᠣᠷᠳᠣᠰ ᠬᠤᠲᠠ ᠶᠢᠨ ᠬᠠᠮ ᠵᠠᠭᠤᠴᠢᠯᠠᠭᠤᠷ ᠤᠨ ᠲᠥᠪ