ᠵᠡᠭᠦᠠᠭᠠᠷ ᠤᠨ 90 ᠲᠦᠮᠡᠨ ᠮᠤ᠋ ᠭᠦᠢᠯᠡᠰᠦᠨ ᠴᠡᠴᠡᠭ ᠪᠠᠳᠠᠷᠠᠨ ᠳᠡᠯᠭᠡᠷᠡᠯ᠎ᠡ
ᠨᠡᠶᠢᠲᠡᠯᠡᠭᠰᠡᠨ ᠴᠠᠭ᠄
2024/4/10
      ᠠᠮᠢᠵᠢᠷᠠᠯ ᠪᠢᠯᠬᠠᠭᠰᠠᠨ ᠬᠠᠪᠤᠷ ᠬᠦᠷᠴᠦ ᠢᠷᠡᠬᠦ ᠪᠠᠷ ᠵᠡᠭᠦᠠᠭᠠᠷ ᠬᠤᠰᠢᠭᠤᠨ ᠤ 90 ᠲᠦᠮᠡ ᠭᠠᠷᠤᠢ ᠮᠤ᠋ ᠭᠦᠢᠯᠡᠰᠦᠨ ᠴᠡᠴᠡᠭ ᠪᠠᠳᠠᠷᠠᠨ ᠳᠡᠯᠭᠡᠷᠡᠬᠦ ᠬᠤᠭᠤᠴᠠᠭᠠᠨ ᠳᠤ ᠣᠷᠣᠵᠣ᠂ ᠯᠢᠶᠠᠩ ᠮᠤᠤ ᠠᠭᠤᠯᠠᠷᠬᠠᠭ ᠣᠷᠣᠨ ᠳᠤ ᠤᠷᠭᠤᠭᠰᠠᠨ ᠭᠦᠢᠯᠡᠰᠦᠨ ᠮᠣᠳᠣᠨ ᠳᠡᠭᠡᠷ᠎ᠡ ᠭᠦᠢᠬᠡᠨ ᠰᠢᠷ᠎ᠠ ᠥᠩᠭᠡ ᠲᠠᠢ ᠴᠡᠴᠡᠭ ᠤᠨ ᠲᠤᠭᠤᠷᠴᠤᠭ᠂ ᠴᠠᠭᠠᠨ ᠶᠠᠭᠠᠨ ᠴᠡᠴᠡᠭ ᠤᠨ ᠬᠡᠯᠳᠡᠰ ᠪᠠᠭᠴᠠ ᠪᠠᠭᠴᠠ ᠪᠠᠷ ᠥᠩᠭᠡ ᠪᠦᠯᠢᠶᠠᠯᠳᠤᠨ ᠳᠡᠯᠭᠡᠷᠡᠵᠤ᠂ ᠬᠠᠪᠤᠷ ᠤᠨ ᠭᠤᠸ᠎ᠠ ᠦᠵᠡᠮᠵᠢ ᠶᠢ ᠪᠦᠷᠢᠯᠳᠦᠭᠦᠯᠵᠤ᠂ ᠵᠤᠭᠠᠴᠠᠭᠰᠠᠳ ᠤᠨ ᠪᠠᠭ᠋ᠠᠷᠬᠠᠯ ᠢ ᠶᠡᠬᠡᠪᠡᠷ ᠲᠠᠲᠠᠨ᠎ᠠ᠃      ᠣᠶᠢᠷ᠎ᠠ ᠶᠢᠨ ᠵᠢᠯ ᠳᠤ ᠵᠡᠭᠦᠠᠭᠠᠷ ᠬᠤᠰᠢᠭᠤ ᠳᠠᠪᠠᠭᠤᠯᠢᠭ ᠡᠬᠢ ᠪᠠᠶᠠᠯᠢᠭ ᠢᠶᠠᠨ ᠭᠦᠢᠴᠡᠳ ᠠᠰᠢᠭᠯᠠᠵᠤ᠂ ᠪᠠᠶᠢᠭᠠᠯᠢ ᠶᠢᠨ ᠠᠮᠢ ᠠᠬᠤᠢ ᠶᠢᠨ ᠵᠤᠭᠠᠴᠠᠯ᠂ ᠵᠠᠩ ᠦᠢᠯᠡ ᠶᠢ ᠪᠡᠶᠡᠴᠢᠯᠡᠨ ᠣᠶᠢᠯᠭᠠᠬᠤ᠂ ᠣᠨᠴᠠᠯᠢᠭᠲᠤ ᠠᠵᠤ ᠦᠢᠯᠡᠰ + ᠲᠠᠷᠢᠶᠠᠯᠠᠩ ᠵᠤᠭᠠᠴᠠᠯ ᠢ ᠠᠭᠤᠰᠤᠯᠴᠠᠭᠤᠯᠬᠤ ᠬᠡᠯᠪᠡᠷᠢ ᠪᠠᠷ ᠬᠥᠳᠡᠭᠡ ᠲᠤᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠵᠤ ᠪᠤᠢ᠃
 
ᠢᠷᠡᠯᠲᠡ᠄ ᠣᠷᠳᠣᠰ ᠬᠤᠲᠠ ᠶᠢᠨ ᠬᠠᠮ ᠵᠠᠭᠤᠴᠢᠯᠠᠭᠤᠷ ᠤᠨ ᠲᠥᠪ